2024 ᠣᠨ ᠤ 1 - 8 ᠰᠠᠷ᠎ᠠ ᠳᠤ᠂ ᠳ᠋ᠦᠩᠱᠧᠩ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠤᠭ᠎ᠠ ᠪᠦᠷᠢᠳᠬᠡᠯ ᠤᠨ | ᠬᠥᠮᠥᠷᠭᠡ ᠳᠤ ᠪᠠᠶᠢᠭ᠎ᠠ ᠲᠥᠷᠥᠯ ᠵᠦᠢᠯ 188 ᠪᠠᠶᠢᠵᠤ᠂ ᠡᠭᠦᠨ ᠳᠤ ᠲᠥᠷᠥᠯ ᠵᠦᠢᠯ ᠤᠨ ᠪᠠᠯᠠ ᠣᠷᠣᠭᠤᠯᠤᠯᠲᠠ 114᠂ ᠬᠡᠷ ᠪᠠᠶᠢᠰᠢᠩ ᠭᠠᠵᠠᠷ ᠬᠥᠷᠥᠩᠭᠡ ᠶᠢᠨ | ᠲᠥᠷᠥᠯ ᠵᠦᠢᠯ 74 ᠪᠠᠶᠢᠵᠤ᠂ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 38% ᠪᠠᠷ ᠨᠡᠮᠡᠭᠳᠡᠪᠡ᠃ | ᠲᠤᠮᠤ ᠲᠦᠷᠦᠯ ᠵᠦᠢᠯ ᠤᠨ ᠲᠤᠯᠭᠠᠭᠤᠷᠢᠯᠠᠬᠤ ᠡᠷᠴᠢᠮ ᠲᠤᠪᠤᠶᠢᠮ᠎ᠠ ᠪᠠᠶᠢᠪᠠ᠃ 1 - 8 ᠰᠠᠷ᠎ᠠ ᠳᠤ᠂ ᠳ᠋ᠦᠩᠱᠧᠩ ᠲᠣᠭᠤᠷᠢᠭ ᠤᠨ ᠪᠦᠷᠢᠳᠬᠡᠯ ᠤᠨ | ᠬᠥᠮᠥᠷᠭᠡ ᠳᠤ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 29 ᠪᠠᠶᠢᠵᠤ᠂ ᠲᠣᠰ ᠵᠢᠯ ᠳᠤ ᠪᠡᠶᠡᠯᠡᠭᠦᠯᠦᠭᠰᠡᠨ ᠪᠠᠯᠠ ᠣᠷᠣᠭᠤᠯᠤᠯᠲᠠ ᠨᠢ ᠪᠦᠬᠦ | ᠪᠡᠶᠡᠯᠡᠭᠦᠯᠦᠭᠰᠡᠨ ᠪᠠᠯᠠ ᠣᠷᠣᠭᠤᠯᠤᠯᠲᠠ ᠶᠢᠨ 71% ᠶᠢ ᠡᠵᠡᠯᠡᠪᠡ᠃ | ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠥᠳᠭᠡᠷ ᠲᠦᠷᠭᠡᠨ ᠨᠡᠮᠡᠭᠳᠡᠪᠡ᠃ 1 - 8 ᠰᠠᠷ᠎ᠠ ᠳᠤ᠂ ᠦᠢᠯᠡᠳᠬᠦ ᠦᠢᠯᠡᠰ ᠤᠨ ᠪᠡᠶᠡᠯᠡᠭᠦᠯᠦᠭᠰᠡᠨ ᠪᠠᠯᠠ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 277.3% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ 52.3% ᠶᠢ ᠡᠵᠡᠯᠡᠵᠦ᠂ ᠠᠵᠤ | ᠦᠢᠯᠡᠳᠪᠦᠷᠢ ᠶᠢᠨ ᠪᠠᠯᠠ ᠣᠷᠣᠭᠤᠯᠤᠯᠲᠠ ᠶᠢᠨ 76.9% ᠶᠢ ᠡᠵᠡᠯᠡᠵᠦ᠂ ᠪᠥᠬᠦ ᠪᠠᠯᠠ ᠣᠷᠣᠭᠤᠯᠤᠯᠲᠠ ᠶᠢ ᠳᠠᠶᠢᠴᠢᠯᠠᠨ 53 ᠵᠠᠭᠤᠨ ᠤ ᠬᠤᠪᠢ ᠪᠠᠷ | ᠨᠡᠮᠡᠭᠳᠡᠭᠦᠯᠪᠡ᠃ | ᠠᠭᠤᠷᠬᠠᠶ ᠮᠠᠯᠲᠠᠬᠤ ᠦᠢᠯᠡᠰ ᠤᠨ ᠪᠡᠯᠡ ᠣᠷᠣᠭᠤᠯᠤᠯᠲᠠ ᠶᠢᠨ ᠨᠡᠮᠡᠭᠳᠡᠯ ᠨᠡᠯᠢᠶᠡᠳ ᠲᠦᠷᠭᠡᠨ ᠪᠠᠶᠢᠪᠠ᠃ 1 - 8 ᠰᠠᠷ᠎ᠠ ᠳᠤ᠂ ᠠᠭᠤᠷᠬᠠᠢ ᠮᠠᠯᠲᠠᠬᠤ | ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 229.1% ᠪᠠᠷ ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠶᠢᠨ 7% ᠶᠢ ᠡᠵᠡᠯᠡᠵᠦ᠂ | ᠪᠦᠬᠦ ᠪᠡᠯᠡ ᠣᠷᠣᠭᠤᠯᠤᠯᠲᠠ ᠶᠢ ᠳᠠᠶᠢᠴᠢᠯᠠᠨ 7 ᠵᠠᠭᠤᠨ ᠤ ᠬᠤᠪᠢ ᠪᠠᠷ ᠨᠡᠮᠡᠭᠳᠡᠭᠦᠯᠪᠡ᠃ | ᠲᠤᠰ ᠵᠢᠯ ᠤᠨ ᠰᠢᠨ᠎ᠡ ᠪᠠᠷ ᠬᠥᠮᠥᠷᠭᠡ ᠳᠤ ᠣᠷᠣᠭᠤᠯᠤᠭᠰᠠᠨ ᠲᠥᠷᠥᠯ ᠵᠦᠢᠯ ᠤᠨ ᠬᠤᠪᠢ ᠨᠡᠮᠡᠷᠢ ᠨᠡᠯᠢᠶᠡᠳ ᠰᠠᠶᠢᠨ ᠪᠠᠶᠢᠪᠠ᠃ 1 - 8 ᠰᠠᠷ᠎ᠠ ᠳᠤ᠂ | ᠳ᠋ᠦᠩᠱᠧᠩ ᠲᠣᠭᠤᠷᠢᠭ ᠤᠨ ᠰᠢᠨ᠎ᠡ ᠪᠠᠷ ᠬᠥᠮᠥᠷᠭᠡ ᠳᠤ ᠣᠷᠣᠭᠤᠯᠤᠭᠰᠠᠨ ᠲᠥᠷᠥᠯ ᠵᠦᠢᠯ 31 ᠪᠠᠶᠢᠵᠤ᠂ ᠪᠡᠯᠡ ᠣᠷᠣᠭᠤᠯᠤᠯᠲᠠ ᠶᠢᠨ ᠪᠡᠶᠡᠯᠡᠭᠦᠯᠦᠭᠰᠡᠨ ᠲᠤᠭ᠎ᠠ ᠨᠢ | ᠪᠥᠬᠦ ᠪᠡᠯᠡ ᠣᠷᠣᠭᠤᠯᠤᠯᠲᠠ ᠶᠢᠨ 17% ᠶᠢ ᠡᠵᠡᠯᠡᠪᠡ᠃ | | |