ᠳ᠋ᠦᠩᠱᠧᠩ ᠲᠣᠭᠤᠷᠢᠭ ︽ᠠᠷᠪᠠᠨ ᠲᠠᠪᠤᠳᠤᠭᠠᠷ ᠲᠠᠪᠤᠨ ᠵᠢᠯ︾  ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/25
   9 ᠰᠠᠷ᠎ᠠ ᠶᠢᠨ 24 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠪᠥᠬᠦ ᠲᠤᠭᠤᠷᠢᠭ  ᠤᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠡᠮᠦᠨᠡᠬᠢ ᠬᠤᠭᠤᠴᠠᠭᠠᠨ ᠤ ᠠᠵᠢᠯ ᠤᠨ ᠪᠠᠶᠢᠳᠠᠯ ᠢ ᠰᠣᠨᠣᠰᠴᠤ᠂ ︽ᠳ᠋ᠦᠩᠱᠧᠩ ᠲᠣᠭᠤᠷᠢᠭ ᠤᠨ ︿ᠠᠷᠪᠠᠨ ᠲᠠᠪᠤᠳᠤᠭᠠᠷ ᠲᠠᠪᠤᠨ ᠵᠢᠯ﹀ ᠤᠨ ᠬᠥᠭᠵᠢᠯᠲᠡ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠲᠥᠰᠥᠯ︾ ᠢ ᠰᠤᠳᠤᠯᠵᠤ᠂ ᠲᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠠᠨ ᠲᠤᠸ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠣᠯ ᠮᠠᠨ ᠤ ᠲᠤᠭᠤᠷᠢᠭ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ᠂ ᠬᠤᠶᠠᠷ ᠶᠡᠭᠡ ᠶᠠᠪᠤᠳᠠᠯ ᠢ ᠬᠦᠴᠦᠯᠡᠨ ᠰᠠᠶᠢᠲᠤᠷ ᠬᠢᠬᠦ᠂ ᠬᠤᠲᠠ ᠶᠢᠨ ᠨᠠᠮ ᠤᠨ ᠬᠤᠷᠢᠶ᠎ᠠ ᠶᠢᠨ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ ᠪᠠ ᠪᠥᠬᠦ  ᠲᠤᠭᠤᠷᠢᠭ ᠤᠨ ︽ᠭᠤᠷᠪᠠᠨ ᠲᠤᠭᠤᠷᠢᠭ ᠳᠥᠷᠪᠡᠨ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢ ᠪᠡᠶᠡᠯᠡᠬᠦᠯᠬᠦ ᠶᠢ ᠠᠬᠢᠭᠤᠯᠬᠤ ᠬᠥᠲᠥᠯᠥᠨ ᠳᠠᠭᠠᠭᠤᠯᠬᠤ ᠴᠢᠨᠠᠷ ᠲᠠᠢ᠂ ᠴᠢᠬᠤᠯᠠ ᠴᠢᠨᠠᠷ ᠲᠠᠢ᠂ ᠵᠠᠩᠭᠢᠯᠠᠭ᠎ᠠ ᠶᠢᠨ ᠴᠢᠨᠠᠷ ᠲᠠᠢ ᠶᠠᠪᠤᠳᠠᠯ ᠪᠤᠯᠤᠨ᠎ᠠ᠃ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠢᠨ ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠤᠨ ᠲᠥᠪ ᠬᠤᠷᠢᠶᠠᠨ ᠤ ᠭᠠᠷᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠳ᠋ᠦᠩᠱᠧᠩ ᠤᠨ ᠢᠷᠡᠭᠡᠳᠦᠢ ᠶᠢᠨ ᠲᠠᠪᠤᠨ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠡᠮᠡᠴᠡᠯ ᠤᠨ ᠬᠠᠷᠠᠯᠲᠠ᠂ ᠵᠢᠯᠤᠭᠤᠳᠬᠤ ᠴᠢᠭᠯᠡᠯᠲᠡ ᠪᠠ ᠭᠤᠣᠯᠳᠠᠯᠭ᠎ᠠ  ᠲᠠᠢ ᠡᠭᠦᠷᠭᠡ ᠠᠷᠭ᠎ᠠ ᠬᠡᠮᠵᠢᠶ᠎ᠡ  ᠶᠢ ᠰᠢᠰᠲ᠋ᠧᠮ ᠲᠠᠢ ᠲᠦᠯᠦᠪᠯᠡᠵᠤ᠂ ᠪᠦᠬᠦ ᠲᠠᠯ᠎ᠠ ᠳᠤ ᠵᠣᠭᠰᠣᠵᠤ᠂ ᠶᠡᠭᠡ ᠬᠠᠨᠳᠤᠰᠢ ᠶᠢ ᠡᠵᠡᠮᠳᠡᠨ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠭᠦᠨᠵᠡᠭᠡᠢ ᠲᠦᠯᠦᠪᠵᠢᠬᠦᠯᠦᠨ᠂ ᠨᠡᠶᠢᠭᠡᠮ ᠤᠨ ᠬᠦᠰᠡᠯ ᠡᠷᠡᠮᠡᠯᠵᠡᠯ᠂ ᠤᠯᠠᠨ ᠲᠦᠮᠡᠨ ᠤ ᠤᠶᠤᠨ ᠤᠬᠠᠭᠠᠨ᠂ ᠦᠨᠳᠦᠰᠦᠨ ᠱᠠᠲᠤᠨ ᠤ ᠲᠤᠷᠰᠢᠯᠭ᠎ᠠ ᠶᠢ ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠳᠤ ᠬᠠᠮᠤᠭ ᠤᠨ ᠶᠡᠭᠡ ᠬᠡᠮᠵᠢᠶ᠎ᠡ ᠪᠠᠷ ᠰᠢᠩᠭᠡᠬᠡᠨ ᠠᠪᠴᠤ᠂ ᠳ᠋ᠦᠩᠱᠧᠩ ᠤᠨ ᠪᠣᠳᠠᠲᠤ ᠪᠠᠶᠢᠳᠠᠯ ᠳᠤ ᠨᠡᠶᠢᠴᠡᠭᠰᠡᠨ᠂ ᠢᠷᠡᠭᠡᠳᠦᠢ ᠶᠢᠨ ᠬᠥᠭᠵᠢᠯᠲᠡ ᠶᠢ ᠬᠥᠲᠥᠯᠥᠨ ᠳᠠᠭᠠᠭᠤᠯᠬᠤ ᠴᠢᠨᠠᠷ ᠰᠠᠶᠢᠲᠠᠢ ᠲᠥᠯᠦᠪᠵᠢᠭᠦᠯᠭᠡ ᠶᠢ ᠴᠢᠷᠮᠠᠶᠢᠨ ᠨᠠᠶᠢᠷᠠᠭᠤᠯᠤᠨ ᠵᠣᠬᠢᠶᠠᠬᠤ ᠬᠡᠷᠡᠭᠲᠡᠢ᠃ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠵᠠᠩᠭᠢᠯᠠᠭ᠎ᠠ ᠭᠤᠣᠯᠳᠠᠯᠭ᠎ᠠ ᠶᠢ ᠣᠨᠣᠪᠴᠢᠲᠠᠶ ᠡᠵᠡᠮᠰᠢᠵᠦ᠂ ᠲᠥᠷᠥ ᠶᠢᠨ ᠪᠣᠳᠣᠯᠭ᠎ᠠ ᠶᠢ ᠰᠠᠶᠢᠲᠤᠷ ᠵᠣᠯᠭᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠠᠷ ᠭᠤᠣᠯ ᠱᠤᠭᠤᠮ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠤ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠ ᠳ᠋ᠦᠩᠱᠧᠩ ᠤᠨ ᠪᠣᠳᠠᠲᠠᠢ ᠪᠠᠶᠢᠳᠠᠯ ᠲᠠᠢ ᠤᠶᠠᠯᠳᠤᠭᠤᠯᠤᠨ᠂ ᠰᠢᠨᠵᠢᠯᠡᠬᠦ ᠤᠬᠠᠭᠠᠨᠴᠢ ᠪᠠᠷ ᠬᠠᠷᠠᠯᠲᠠ ᠪᠠᠨ ᠲᠣᠭᠲᠠᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠳ᠋ᠦᠩᠱᠧᠩ ᠤᠨ ᠣᠨᠴᠠᠯᠢᠭ ᠢ ᠳᠣᠪᠤᠶᠢᠯᠭᠠᠵᠤ᠂ ᠠᠰᠢᠭ ᠬᠤᠣᠷ ᠤᠨ ᠬᠦᠴᠦᠨ ᠵᠦᠢᠯ ᠢ ᠪᠥᠬᠦ ᠲᠠᠯ᠎ᠠ ᠪᠠᠷ ᠵᠠᠳᠠᠯᠤᠨ ᠰᠤᠳᠤᠯᠵᠤ ᠮᠠᠭᠠᠳᠯᠠᠬᠤ ᠶᠢ ᠪᠡᠶᠡᠯᠡᠭᠦᠯᠵᠦ᠂ ᠠᠶᠤᠯ ᠲᠦᠭᠰᠢᠭᠦᠷᠢ ᠳᠠᠭᠠᠷᠢᠯᠲᠠ ᠶᠢ ᠡᠰᠡᠷᠭᠦᠴᠡᠬᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠲᠥᠯᠦᠪᠵᠢᠭᠦᠯᠭᠡ ᠶᠢᠨ ᠰᠢᠨᠵᠢᠯᠡᠬᠦ ᠤᠬᠠᠭᠠᠨᠴᠢ ᠴᠢᠨᠠᠷ᠂ ᠠᠵᠢᠯᠯᠠᠭᠠᠨ ᠤ ᠴᠢᠨᠠᠷ ᠪᠠ ᠤᠷᠢᠳᠠᠴᠢ ᠴᠢᠨᠠᠷ ᠢ ᠦᠨᠡᠨ ᠬᠦ ᠪᠠᠳᠤᠯᠠᠬᠤ ᠬᠡᠷᠡᠭᠳᠠᠢ᠃ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠣᠳᠠᠲᠠᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠶᠢᠷᠠᠭᠤᠯᠤᠨ ᠵᠣᠬᠢᠶᠠᠬᠤ ᠭᠠᠷᠴᠠᠭ᠂ ᠬᠠᠷᠢᠭᠤᠴᠠᠯᠭ᠎ᠠ ᠶᠢᠨ ᠬᠤᠪᠢᠶᠠᠷᠢᠯᠠᠯ᠂ ᠣᠳᠣᠬᠠᠨ ᠤ ᠡᠭᠦᠷᠭᠡ ᠶᠢ ᠲᠣᠳᠣᠷᠬᠠᠶᠢᠯᠠᠵᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠢ᠃ ︽ᠠᠷᠪᠠᠨ ᠲᠠᠪᠤᠳᠤᠭᠠᠷ ᠲᠠᠪᠤᠨ ᠵᠢᠯ︾  ᠤᠨ ᠭᠤᠣᠯᠳᠠᠯᠭ᠎ᠠ ᠲᠠᠢ ᠲᠦᠷᠦᠯ ᠵᠦᠢᠯ ᠢ ᠨᠠᠷᠢᠨ ᠣᠨᠣᠪᠴᠢᠲᠠᠢ ᠪᠠᠷ ᠲᠥᠰᠥᠪᠯᠡᠨ ᠨᠥᠭᠡᠴᠡᠯᠡᠵᠦ᠂ ᠭᠠᠵᠠᠷ ᠣᠷᠣᠨ ᠤ ᠬᠥᠭᠵᠢᠯᠲᠡ ᠶᠢᠨ ᠪᠣᠳᠠᠲᠤ ᠪᠠᠶᠢᠳᠠᠯ  ᠲᠠᠢ ᠨᠢᠭᠲᠠ ᠤᠶᠠᠯᠳᠤᠭᠤᠯᠤᠨ᠂ ᠲᠡᠷᠢᠭᠦᠨ ᠤ ᠭᠠᠵᠠᠷ ᠣᠷᠣᠨ ᠤ ᠲᠥᠷᠥᠯ ᠵᠦᠢᠯ ᠤᠨ ᠲᠥᠯᠦᠪᠵᠢᠭᠦᠯᠭᠡ ᠶᠢᠨ ᠠᠷᠭ᠎ᠠ  ᠶᠢ ᠭᠦᠨᠵᠡᠭᠡᠢ ᠰᠤᠷᠤᠯᠴᠠᠨ ᠯᠠᠪᠯᠠᠯᠲᠠ ᠪᠣᠯᠭᠠᠵᠤ᠂ ᠳᠡᠭᠡᠳᠦ ᠰᠢᠨ᠎ᠡ ᠮᠡᠷᠭᠡᠵᠢᠯ ᠤᠨ ᠲᠤᠭᠤᠷᠢᠭ ᠯᠤᠭ᠎ᠠ ᠨᠢᠭᠲᠠ ᠵᠣᠯᠭᠠᠭᠤᠯᠬᠤ ᠠᠵᠢᠯ ᠢ ᠢᠳᠡᠪᠬᠢᠲᠡᠢ ᠰᠠᠶᠢᠲᠤᠷ ᠬᠢᠵᠦ᠂ ᠲᠣᠨᠤᠭ ᠲᠥᠬᠦᠭᠡᠷᠦᠮᠵᠢ ᠦᠢᠯᠡᠳᠬᠦ᠂ ᠳᠡᠭᠡᠳᠦ ᠰᠢᠨ᠎ᠡ ᠮᠡᠷᠭᠡᠵᠢᠯ᠂ ᠨᠡᠭᠦᠷᠡᠰᠦ ᠶᠢ ᠨᠠᠷᠢᠯᠢᠭ ᠡᠳ᠋ᠰᠢᠭᠦᠯᠬᠦ᠂ ᠰᠠᠯᠬᠢᠨ ᠬᠦᠴᠦᠨ ᠤ ᠮᠠᠰᠢᠨ ᠰᠠᠯᠬᠢᠨ ᠬᠦᠴᠦᠨ ᠤ ᠴᠠᠬᠢᠯᠭᠠᠨ᠂ ᠲᠠᠷᠢᠶᠠᠯᠠᠩ ᠮᠠᠯ ᠠᠵᠤ ᠠᠬᠤᠢ ᠣᠶ ᠰᠢᠭᠤᠢ ᠤᠰᠤ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠨᠢᠭᠡ ᠪᠦᠯᠦᠭ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠥᠰᠦᠯᠲᠡ ᠶᠢᠨ ᠴᠢᠨᠠᠷ ᠢᠶᠠᠷ ᠥᠨᠳᠥᠷ᠂ ᠨᠡᠮᠡᠯᠲᠡ ᠥᠷᠲᠡᠭ ᠢᠶᠠᠷ ᠥᠨᠳᠥᠷ ᠴᠢᠬᠤᠯᠠ ᠶᠡᠭᠡ ᠲᠥᠷᠥᠯ ᠵᠦᠢᠯ ᠢ ᠨᠠᠷᠢᠯᠢᠭ ᠣᠨᠣᠴᠠᠲᠠᠢ ᠪᠠᠷ ᠰᠦᠪᠡᠭᠴᠢᠯᠡᠨ ᠨᠥᠭᠡᠴᠡᠯᠡᠵᠦ᠂ ᠲᠥᠷᠥᠯ ᠵᠦᠢᠯ ᠤᠨ ᠨᠥᠭᠡᠴᠡᠯᠡᠬᠦ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠦᠨ᠂ ᠠᠵᠤ ᠦᠢᠯᠡᠰ ᠤᠨ ᠬᠥᠭᠵᠢᠯᠲᠡ ᠶᠢᠨ ᠲᠠᠰ ᠳᠠᠪᠬᠤᠷᠭ᠎ᠠ ᠪᠠ ᠬᠢᠷᠢ ᠬᠡᠮᠵᠢᠶ᠎ᠡ ᠶᠢ ᠦᠷᠭᠦᠯᠵᠢᠯᠡᠨ ᠲᠡᠭᠡᠭᠰᠢᠯᠡᠬᠦᠯᠬᠦ ᠬᠡᠷᠡᠭᠳᠠᠢ᠃ ᠡᠭᠦᠨ ᠤ ᠬᠠᠮᠲᠤ᠂ 2025 ᠣᠨ ᠤ ᠭᠤᠣᠯᠳᠠᠯᠭ᠎ᠠ ᠲᠠᠢ ᠲᠦᠷᠦᠯ ᠵᠦᠢᠯ ᠪᠣᠯᠣᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠤᠷᠢᠳᠴᠢᠯᠠᠨ ᠰᠠᠶᠢᠲᠤᠷ ᠲᠥᠯᠥᠪᠵᠢᠭᠦᠯᠵᠦ᠂ ᠪᠦᠬᠦ ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠦᠨᠡᠨᠬᠦ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠲᠣᠭᠤᠷᠢᠭ ᠤᠨ ᠤᠳᠤᠷᠢᠳᠤᠯᠭ᠎ᠠ ᠭᠤᠤ ᠮᠢᠩ᠂ ᠬᠠᠢ ᠰᠢᠶᠠ᠂ ᠱᠢ ᠰᠢᠤᠸᠠᠢ ᠰᠦᠩ᠂ ᠵᠠᠩ ᠪᠢᠩ᠂ ᠸᠠᠩ ᠬᠤᠢ ᠴᠦᠨ᠂ ᠸᠠᠩ ᠱᠧᠩ ᠷᠦᠩ ᠵᠢᠴᠢ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠣᠯᠣᠨ ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ