【 ᠪᠤᠬᠢᠷᠳᠤᠯ ᠢ ᠰᠡᠷᠬᠡᠶᠢᠯᠡᠨ ᠵᠠᠰᠠᠬᠤ ᠰᠢᠪᠳᠤᠯᠤᠯᠳᠠ ᠶᠢᠨ ᠳᠠᠶᠢᠯᠠᠯᠳᠤᠭᠠᠨ ᠢ ᠬᠦᠨᠵᠡᠭᠡᠢ ᠰᠠᠶᠢᠳᠤᠷ ᠬᠢᠶ᠎ᠡ】ᠳ᠋ᠦᠩᠱᠧᠩ ᠲᠣᠭᠤᠷᠢᠭ ᠠᠩᠬᠠᠳᠠᠭᠴᠢ ᠦᠨᠡᠰᠦ ᠲᠤᠭᠤᠰᠤ ︵ᠨᠡᠬᠦᠷᠡᠰᠤᠨ︶ ᠶᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2024/9/25
     ᠵᠥᠩ ᠱᠧᠩ ᠪᠠᠷᠢᠯᠭ᠎ᠠ ᠶᠢᠨ ᠮᠠᠲ᠋ᠧᠷᠢᠶᠠᠯ ᠤᠨ ᠺᠣᠮᠫᠠᠨᠢ 2023 ᠣᠨ ᠳᠤ ᠪᠠᠶᠢᠭᠤᠯᠤᠭᠳᠠᠭᠰᠠᠨ ᠠᠴᠠ ᠨᠠᠰᠢ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠪᠠᠷ ᠬᠦᠴᠦᠯᠡᠨ ᠴᠢᠷᠮᠠᠶᠢᠵᠤ ᠪᠤᠢ᠃ ᠲᠤᠰ ᠲᠥᠷᠥᠯ ᠵᠦᠢᠯ ᠨᠢ ᠵᠢᠦᠢ ᠳ᠋ᠢᠩ ᠢᠯᠴᠢ ᠬᠠᠩᠭᠠᠬᠤ ᠺᠣᠮᠫᠠᠨᠢ ᠶᠢᠨ ᠦᠢᠯᠡᠳᠪᠦᠷᠢ ᠶᠢᠨ ᠲᠣᠭᠤᠷᠢᠭ ᠲᠤ ᠪᠠᠶᠢᠷᠢᠰᠢᠵᠤ ᠪᠠᠶᠢᠨ᠎ᠠ᠃ ︽ᠡᠬᠢ ᠡᠭᠦᠰᠦᠯ ᠠᠴᠠ ᠨᠢ ᠬᠡᠮᠵᠢᠶ᠎ᠡ ᠶᠢ ᠪᠠᠭᠠᠰᠬᠠᠬᠤ + ᠶᠡᠷᠦᠩᠬᠡᠶᠢᠯᠡᠨ ᠠᠰᠢᠭᠯᠠᠬᠤ︾ ᠮᠡᠷᠭᠡᠵᠢᠯ ᠤᠨ ᠱᠤᠭᠤᠮ ᠶᠣᠰᠣᠭᠠᠷ᠂ ᠵᠥᠩ ᠱᠧᠩ ᠪᠠᠷᠢᠯᠭ᠎ᠠ ᠶᠢᠨ ᠮᠠᠲ᠋ᠧᠷᠢᠶᠠᠯ ᠤᠨ ᠺᠣᠮᠫᠠᠨᠢ ᠪᠣᠬᠢᠷᠲᠤᠯ ᠦᠭᠡᠢ ᠬᠥᠭᠵᠢᠯᠲᠡ ᠪᠠ ᠣᠷᠴᠢᠯ ᠠᠵᠤ ᠠᠬᠤᠢ ᠶᠢᠨ ᠣᠶᠢᠯᠠᠭᠠᠭᠳᠠᠬᠤᠨ ᠢ ᠢᠳᠡᠪᠬᠢᠲᠡᠢ ᠪᠠᠷ ᠴᠤᠤᠷᠢᠶᠠᠲᠤᠨ ᠳᠠᠭᠠᠵᠤ᠂ ᠶᠡᠷᠦᠩᠬᠡᠢ ᠪᠡᠯᠡ ᠣᠷᠣᠭᠤᠯᠤᠯᠲᠠ ᠨᠢ 5 ᠮᠢᠩᠭᠠᠨ ᠲᠦᠮᠡᠨ ᠲᠥᠭᠦᠷᠢᠭ ᠲᠤ ᠬᠦᠷᠴᠦ᠂ ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠪᠠ ᠨᠠᠷᠢᠯᠢᠭ ᠪᠣᠯᠪᠠᠰᠤᠷᠠᠭᠤᠯᠬᠤ ᠤᠷᠠᠯᠠᠯ ᠢ ᠬᠡᠷᠡᠭᠯᠡᠨ᠂ ᠦᠨᠡᠰᠦ ᠶᠢ ᠥᠨᠳᠥᠷ ᠴᠢᠳᠠᠪᠬᠢ ᠲᠠᠢ PHC ᠱᠣᠩ ᠪᠣᠯᠭᠠᠨ ᠬᠤᠪᠢᠷᠠᠭᠤᠯᠤᠨ᠎ᠠ᠃ ᠵᠢᠱᠢᠯᠲᠡ ᠪᠠᠷ ᠲᠦᠷᠦᠯ ᠵᠤᠶᠢᠯ ᠢ 2024 ᠣᠨ ᠤ 10 ᠰᠠᠷ᠎ᠠ ᠳᠤ ᠵᠢᠩᠬᠢᠨᠢ ᠪᠠᠷ ᠠᠰᠢᠭᠯᠠᠯᠲᠠ ᠳᠤ ᠣᠷᠣᠭᠤᠯᠵᠤ᠂ ᠵᠢᠯ ᠳᠤ ᠳ᠋ᠢᠶᠠᠮᠧᠲᠷ ᠨᠢ 300 — 600 ᠮᠢᠯᠢᠮᠧᠲᠷ ᠤᠨ PHC ᠪᠠᠭᠠᠨ᠎ᠠ ᠶᠢ 100 ᠲᠦᠮᠡ ᠠᠴᠠ 120 ᠲᠦᠮᠡᠨ ᠮᠧᠲᠷ ᠤᠨ ᠦᠢᠯᠡᠳᠪᠦᠷᠢᠯᠡᠯ ᠤᠨ ᠴᠢᠳᠠᠪᠤᠷᠢ ᠶᠢ ᠪᠡᠶᠡᠯᠡᠭᠦᠯᠵᠦ᠂ ᠡᠷᠬᠢᠨ ᠲᠣᠭᠤᠷᠢᠨ ᠤ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠪᠠᠭᠠᠨ᠎ᠠ ᠶᠢᠨ ᠬᠡᠷᠡᠭᠴᠡᠭᠡ ᠶᠢ ᠶᠡᠭᠡ ᠬᠡᠮᠵᠢᠶᠡᠨ ᠢᠶᠠᠷ ᠬᠠᠩᠭᠠᠵᠤ ᠳᠡᠶᠢᠯᠤᠨ᠎ᠠ᠃ ᠺᠣᠮᠫᠠᠨᠢ ᠨᠢ ︽ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠡᠢ᠂ ᠬᠠᠮᠲᠤ ᠪᠠᠷ ᠡᠳ᠋ᠯᠡᠬᠦ︾ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠦᠨᠡᠰᠦ ᠲᠤᠭᠤᠰᠤ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠢ ᠲᠠᠰᠤᠷᠠᠯᠲᠠ ᠦᠭᠡᠢ ᠰᠦᠪᠡᠭᠴᠢᠯᠡᠨ ᠦᠢᠯᠡᠳᠦᠯᠭᠡᠵᠢᠭᠦᠯᠦᠨ᠎ᠡ︔ ᠡᠭᠦᠨ ᠤ ᠬᠠᠮᠲᠤ ᠡᠨᠡᠬᠦ ᠲᠦᠷᠦᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠵᠤ᠂ ᠣᠷᠴᠢᠨ ᠲᠣᠭᠤᠷᠢᠨ ᠤ ᠪᠣᠬᠢᠷᠲᠤᠯ ᠢ ᠪᠦᠲᠦᠮᠵᠢᠲᠡᠢ ᠪᠠᠭᠠᠰᠬᠠᠵᠤ᠂ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠶᠢ ᠠᠬᠢᠭᠤᠯᠤᠨ᠂ ᠪᠣᠬᠢᠷᠲᠤᠯ ᠦᠭᠡᠢ᠂ ᠦᠷᠬᠦᠯᠵᠢᠯᠡᠬᠦᠶᠢᠴᠡ ᠬᠥᠭᠵᠢᠯᠲᠡ ᠶᠢᠨ ᠨᠡᠶᠢᠭᠡᠮ ᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃     ᠲᠠᠷᠠᠭᠠᠴᠢ ᠶᠢᠨ ᠠᠯᠬᠤᠮ ᠳᠤ᠂ ᠦᠨᠡᠰᠦ ᠲᠤᠭᠤᠰᠤ ᠶᠢ ᠶᠡᠷᠦᠩᠬᠡᠶᠢᠯᠡᠨ ᠠᠰᠢᠭᠯᠠᠬᠤ ᠠᠵᠢᠯ ᠢ ᠨᠢᠭᠡ ᠤᠳᠠᠭᠠᠨ ᠤ ᠬᠠᠲᠠᠭᠤ ᠳᠠᠶᠢᠯᠠᠯᠳᠤᠭᠠᠨ ᠪᠣᠯᠭᠠᠨ ᠬᠢᠵᠦ᠂ ᠭᠠᠭᠴᠠ ᠬᠦ ᠲᠠᠰᠤᠷᠠᠯᠲᠠ ᠥᠬᠡᠶ ᠰᠢᠪᠳᠤᠯᠤᠯᠳᠠ ᠬᠢᠪᠡᠯ ᠰᠠᠶ᠋ᠢ ᠲᠡᠷᠢᠭᠦᠨ ᠤ ᠡᠩᠨᠡᠭᠡᠨ ᠳᠤ ᠣᠷᠣᠵᠤ᠂ ᠭᠠᠭᠴᠠ ᠬᠦ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠴᠢᠳᠠᠪᠤᠷᠢ ᠪᠠ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠪᠡᠯ ᠰᠠᠶ᠋ᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠡᠮᠵᠢᠶ᠎ᠡ ᠶᠢ ᠪᠠᠭᠠᠰᠬᠠᠬᠤ ᠪᠠ ᠡᠬᠢ ᠪᠠᠶᠠᠯᠢᠭᠵᠢᠭᠤᠯᠬᠤ ᠶᠢ ᠪᠡᠶᠡᠯᠡᠬᠦᠯᠵᠤ ᠴᠢᠳᠠᠨ᠎ᠠ᠃ ᠳ᠋ᠦᠩᠱᠧᠩ ᠲᠣᠭᠤᠷᠢᠭ ᠨᠢᠭᠡ ᠪᠦᠯᠦᠭ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ᠂ ᠦᠷᠬᠦᠯᠵᠢᠯᠡᠬᠦᠶᠢᠴᠡ ︽ᠬᠠᠶᠠᠭᠳᠠᠮᠠᠯ ᠪᠣᠳᠠᠰ ᠦᠭᠡᠢ ᠬᠤᠳᠠ︾ ᠶᠢᠨ ᠨᠡᠶᠢᠲᠡᠯᠢᠭ ᠵᠢᠱᠢᠶ᠎ᠡ ᠶᠢ ᠡᠭᠦᠳᠴᠦ᠂ ᠳ᠋ᠦᠩᠱᠧᠩ ᠲᠣᠭᠤᠷᠢᠭ ᠤᠨ ︽ᠬᠠᠶᠠᠭᠳᠠᠮᠠᠯ ᠪᠣᠳᠠᠰ ᠦᠭᠡᠢ ᠬᠤᠳᠠ︾ ᠶᠢᠨ ᠪᠦᠳᠦᠭᠡᠨ ᠪᠠᠶᠢᠭᠤᠯᠤᠯᠲᠠ ᠶᠢ ᠴᠢᠷᠮᠠᠶᠢᠨ ᠠᠬᠢᠭᠤᠯᠵᠤ᠂ ︽ᠬᠠᠶᠠᠭᠳᠠᠮᠠᠯ ᠪᠣᠳᠠᠰ ᠦᠭᠡᠢ ᠬᠤᠳᠠ︾ ᠶᠢ ᠪᠦᠬᠦ ᠠᠷᠠᠳ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠣᠷᠣᠯᠴᠠᠬᠤ ᠰᠢᠨ᠎ᠡ ᠠᠴᠢᠶᠠᠯᠠᠪᠤᠷᠢ ᠪᠣᠯᠭᠠᠨ᠎ᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ