ᠲᠤᠭᠤᠷᠢᠭ ᠤᠨ ᠨᠠᠮ ᠤᠨ ᠬᠤᠷᠢᠶ᠎ᠠ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/26
    9 ᠰᠠᠷ᠎ᠠ ᠶᠢᠨ 25 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠸ ᠢ ᠳ᠋ᠦᠩ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ︽ᠳᠤᠯᠠᠭᠠᠨ ᠬᠤᠳᠠ ᠶᠢᠨ ᠪᠤᠯᠵᠤᠭ᠎ᠠ · ᠳ᠋ᠦᠩᠱᠧᠩ ᠢᠶᠠᠨ ᠪᠠᠭ᠋ᠠᠳᠤᠨ ᠲᠠᠭᠤᠯᠠᠶ᠎ᠠ︾ ᠤᠷᠠᠨ ᠰᠠᠶᠢᠬᠠᠨ ᠤ ᠲᠣᠭᠯᠠᠯᠲᠠ ᠶᠢᠨ ᠪᠡᠯᠡᠳᠬᠡᠯ ᠠᠵᠢᠯ ᠤᠨ ᠪᠠᠶᠢᠳᠠᠯ ᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠪᠣᠯ ᠰᠣᠶᠣᠯ ᠢᠶᠠᠷ ᠵᠤᠭᠠᠴᠠᠯ ᠤᠨ ᠦᠢᠯᠡᠰ ᠤᠨ ᠬᠥᠭᠵᠢᠯᠲᠡ ᠳᠤ ᠡᠨᠧᠷᠭᠢ ᠣᠯᠭᠤᠬᠤ ᠦᠢᠯᠡᠳᠦᠯᠭᠡ ᠪᠤᠯᠤᠨ᠎ᠠ᠂ ᠮᠠᠨ ᠤ  ᠲᠤᠭᠤᠷᠢᠭ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠲᠠᠯ᠎ᠠ ᠪᠠᠷ ᠢᠯᠡᠷᠡᠭᠦᠯᠬᠦ ᠴᠢᠬᠤᠯᠠ ᠠᠵᠠ ᠲᠣᠬᠢᠶᠠᠯ ᠪᠣᠯᠣᠨ᠎ᠠ᠂ ᠳ᠋ᠦᠩᠱᠧᠩ ᠲᠤᠭᠤᠷᠢᠭ ᠤᠨ ᠰᠣᠶᠣᠯ ᠢ ᠤᠬᠠᠭᠤᠯᠬᠤ ᠪᠠ ︽ᠬᠤᠳᠠ ᠶᠢᠨ ᠳᠤᠯᠠᠭᠠᠨ︾ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃︽ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠣᠨᠣᠯᠵᠢᠬᠤᠨ ᠢ ᠪᠣᠶ ᠪᠣᠯᠭᠠᠵᠤ᠂ ᠪᠠᠴᠢᠮ ᠪᠠᠶᠢᠳᠠᠯ ᠢ ᠠᠷᠭᠠᠴᠠᠬᠤ ᠨᠠᠷᠢᠨ ᠲᠥᠰᠥᠯ ᠢ ᠤᠷᠢᠳᠴᠢᠯᠠᠨ ᠲᠣᠭᠲᠠᠭᠠᠵᠤ᠂ ᠵᠣᠬᠢᠶᠠᠨ ᠪᠠᠶᠢᠭᠤᠯᠵᠤ ᠪᠡᠯᠡᠳᠬᠡᠬᠦ ᠪᠠ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠶᠢᠨ ᠠᠬᠤᠢ ᠲᠠᠯᠠᠪᠠᠢ ᠶᠢᠨ ᠠᠮᠤᠷ ᠲᠦᠪᠰᠢᠨ ᠤ ᠪᠠᠶᠢᠴᠠᠭᠠᠯᠲᠠ ᠶᠢ ᠴᠢᠩᠭᠠᠳᠬᠠᠨ᠂ ᠡᠯ᠎ᠡ ᠲᠥᠷᠥᠯ ᠤᠨ ᠳᠠᠯᠳᠠ ᠲᠦᠭᠰᠢᠭᠦᠷᠢ ᠶᠢ ᠠᠷᠢᠯᠭᠠᠵᠤ᠂ ᠢᠯᠠᠩᠭᠤᠶ᠎ᠠ ᠲᠠᠶᠢᠰᠠᠨ ᠤ ᠪᠦᠳᠦᠬᠡᠨ ᠪᠠᠶᠢᠭᠤᠯᠤᠯᠲᠠ᠂ ᠴᠠᠬᠢᠯᠭᠠᠨ ᠬᠦᠴᠦᠨ ᠤ ᠲᠦᠬᠦᠬᠡᠷᠦᠮᠵᠢ᠂ ᠭᠠᠯ ᠤᠨᠲᠠᠷᠠᠭᠠᠬᠤ ᠲᠥᠬᠦᠭᠡᠷᠦᠮᠵᠢ ᠵᠡᠷᠭᠡ ᠭᠤᠣᠯᠳᠠᠯᠭ᠎ᠠ ᠲᠠᠢ ᠬᠡᠰᠡᠭ ᠲᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠠᠮᠤᠷ ᠲᠦᠪᠰᠢᠨ ᠤ ᠳᠠᠯᠳᠠ ᠬᠡᠮ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠠᠵᠢᠯᠲᠠᠨ ᠤ ᠬᠦᠴᠦᠨ ᠢ ᠭᠦᠢᠴᠡᠳ ᠲᠣᠬᠢᠷᠠᠭᠤᠯᠵᠤ᠂ ᠪᠢᠯᠧᠲ ᠪᠠᠶᠢᠴᠠᠭᠠᠬᠤ ᠭᠤᠭᠴᠤᠭ᠎ᠠ ᠶᠢ ᠵᠣᠬᠢᠰᠲᠠᠢ ᠲᠦᠯᠦᠪᠯᠡᠨ᠂ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠰᠠᠬᠢᠵᠤ᠂ ᠲᠠᠯᠠᠪᠤᠷ ᠲᠤ ᠣᠷᠣᠬᠤ ᠡᠮᠬᠢ ᠳᠢᠭᠯᠢᠮ ᠢ ᠵᠢᠷᠤᠮᠵᠢᠭᠤᠯᠵᠤ᠂ ᠠᠵᠢᠯᠲᠠᠨ ᠲᠤᠬᠢᠷᠠᠭᠤᠯᠤᠨ ᠦᠵᠡᠭᠴᠢᠳ ᠤᠨ ᠡᠮᠬᠢ ᠵᠢᠷᠤᠮ ᠲᠠᠢ ᠪᠠᠷ ᠰᠠᠭᠤᠬᠤ ᠶᠢ ᠬᠥᠲᠥᠯᠥᠨ ᠵᠢᠯᠤᠭᠤᠳᠴᠤ᠂ ᠡᠯ᠎ᠡ ᠲᠦᠷᠦᠯ ᠤᠨ ᠲᠡᠮᠳᠡᠭ ᠢ ᠢᠯᠡ ᠪᠠᠶᠢᠷᠢᠨ ᠳᠤ ᠵᠣᠬᠢᠰᠲᠠᠢ ᠪᠠᠶᠢᠷᠢᠯᠠᠭᠤᠯᠬᠤ ᠬᠡᠷᠡᠭᠲᠡᠢ᠃ ᠵᠠᠮ ᠬᠠᠷᠢᠯᠴᠠᠭ᠎ᠠ ᠶᠢ ᠨᠡᠪᠲᠡᠷᠡᠭᠦᠯᠦᠨ ᠵᠢᠯᠤᠭᠤᠳᠬᠤ ᠰᠢᠨᠵᠢᠯᠡᠬᠦ ᠤᠬᠠᠭᠠᠨᠴᠢ ᠲᠥᠰᠥᠯ ᠢ ᠤᠷᠢᠳᠴᠢᠯᠠᠨ ᠲᠣᠭᠲᠠᠭᠠᠵᠤ᠂ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠬᠦᠴᠦᠨ ᠢ ᠨᠡᠮᠡᠭᠳᠡᠭᠦᠯᠦᠨ᠂ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠱᠤᠭᠤᠮ ᠪᠠ ᠦᠷᠳᠡᠭᠡ ᠴᠢᠭ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠲᠡᠷᠬᠡᠨ ᠵᠤᠭᠰᠤᠭᠠᠯ ᠢ ᠵᠦᠢ ᠵᠣᠬᠢᠰᠲᠠᠢ ᠲᠤᠬᠢᠷᠠᠭᠤᠯᠤᠨ᠂ ᠭᠠᠷᠴᠦ ᠤᠷᠤᠬᠤ ᠮᠡᠳᠡᠭᠳᠡᠯ ᠢ ᠤᠷᠢᠳᠴᠢᠯᠠᠨ ᠨᠡᠶᠢᠲᠡᠯᠡᠬᠦ ᠬᠡᠷᠡᠭᠲᠡᠢ᠃ ᠡᠯ᠎ᠡ ᠵᠦᠢᠯ ᠤᠨ ᠵᠠᠭᠤᠴᠢᠯᠠᠭᠤᠷ ᠤᠨ ᠲᠠᠪᠴᠠᠩ ᠢ ᠭᠦᠢᠴᠡᠳ ᠠᠰᠢᠭᠯᠠᠵᠤ᠂ ᠤᠬᠠᠭᠤᠯᠤᠨ ᠮᠡᠳᠡᠭᠡᠯᠡᠵᠦ᠂ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠶᠢ ᠬᠠᠪᠰᠤᠷᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠶᠠᠰᠤ ᠴᠢᠨᠠᠷ ᠢ ᠲᠡᠬᠡᠭᠰᠢᠯᠡᠬᠦᠯᠦᠨ᠂ ᠵᠤᠭᠠᠴᠠᠭᠰᠠᠳ ᠢ ᠰᠠᠨᠠᠭ᠎ᠠ ᠠᠮᠤᠷ ᠰᠡᠳᠬᠢᠯ ᠲᠠᠶᠢᠪᠤᠭᠤ ᠪᠠᠶᠢᠯᠭᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠠᠮᠤᠷ ᠲᠦᠪᠰᠢᠨ᠂ ᠭᠤᠶᠢᠳᠠ ᠰᠠᠶᠢᠬᠠᠨ ᠳᠠᠭᠤᠤ ᠬᠥᠭᠵᠢᠮ ᠤᠨ ᠦᠪᠡᠳᠡᠭᠰᠢ ᠴᠤᠭᠯᠠᠭᠠᠨ ᠢ ᠰᠠᠶᠢᠲᠤᠷ ᠡᠷᠬᠢᠯᠡᠵᠦ᠂ ᠳ᠋ᠦᠩᠱᠧᠩ ᠲᠣᠭᠤᠷᠢᠭ ᠤᠨ ᠰᠣᠶᠣᠯ ᠵᠤᠭᠠᠴᠠᠯ ᠤᠨ ᠦᠢᠯᠡᠰ ᠤᠨ ᠬᠥᠭᠵᠢᠯᠲᠡ ᠳᠤ ᠥᠩᠭᠡ ᠭᠡᠷᠡᠯ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃     ᠲᠣᠭᠤᠷᠢᠭ ᠤᠨ ᠤᠳᠤᠷᠢᠳᠤᠯᠭ᠎ᠠ ᠳ᠋ᠦ᠋ ᠵᠢᠢ ᠺᠤᠸᠠᠨ᠂ ᠯᠢᠦᠢ ᠨᠠ᠂ ᠶᠠᠩ ᠶᠦᠨ᠂ ᠵᠠᠩ ᠪᠢᠩ ᠬᠤᠷᠠᠯ ᠳᠤ ᠣᠷᠣᠯᠴᠠᠪᠠ᠃  
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ