ᠬᠠᠨ ᠲᠤᠸ ᠲᠤᠭᠤᠷᠢᠭ ᠤᠨ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠥᠪ ᠲᠤ ᠬᠦᠷᠴᠦ ᠰᠤᠷᠪᠤᠯᠵᠢᠯᠠᠬᠤ ᠪᠠᠷ ᠢᠷᠡᠭᠰᠡᠨ ᠤᠯᠡᠨ ᠲᠦᠮᠡᠨ ᠢ ᠬᠦᠯᠢᠶᠠᠨ ᠠᠪᠴᠦ ᠠᠭᠤᠯᠵᠠᠪᠠ
ᠨᠡᠶᠢᠲᠡᠯᠡᠭᠰᠡᠨ ᠴᠠᠭ᠄
2024/9/26
    9 ᠰᠠᠷ᠎ᠠ ᠶᠢᠨ 25 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠲᠣᠭᠤᠷᠢᠭ ᠤᠨ ᠵᠥᠷᠢᠴᠡᠯ ᠵᠢᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ ᠲᠥᠪ ᠲᠤ ᠬᠦᠷᠴᠦ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠬᠦᠯᠢᠶᠡᠨ ᠠᠪᠴᠦ ᠠᠭᠤᠯᠵᠠᠪᠠ᠃     ᠰᠣᠷᠪᠤᠯᠵᠢᠯᠠᠭ᠎ᠠ ᠶᠢ ᠬᠦᠯᠢᠶᠡᠨ ᠠᠪᠬᠤ ᠳᠤᠮᠳᠠ᠂ ᠬᠠᠨ ᠲᠤᠤ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠵᠠᠬᠢᠳᠠᠯ ᠰᠣᠷᠪᠤᠯᠵᠢᠯᠠᠭ᠎ᠠ ᠶᠢᠨ ᠦᠩᠬᠡᠷᠡᠯᠳᠠ᠂ ᠨᠠᠮᠳᠠᠭᠤᠯᠤᠨ ᠰᠢᠢᠳᠪᠦᠷᠢᠯᠡᠭᠰᠡᠨ ᠠᠬᠢᠴᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠤ ᠲᠤᠰᠬᠠᠭᠰᠡᠨ ᠰᠢᠢᠳᠪᠤᠷᠢᠯᠡᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠤᠨ ᠰᠢᠢᠳᠪᠤᠷᠢᠯᠡᠬᠦ ᠠᠷᠭ᠎ᠠ ᠶᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠬᠠᠮᠳᠤ ᠰᠤᠳᠤᠯᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠵᠠᠬᠢᠳᠠᠯ ᠰᠣᠷᠪᠤᠯᠵᠢᠯᠠᠭ᠎ᠠ ᠶᠢ ᠰᠢᠢᠳᠪᠦᠷᠢᠯᠡᠬᠦ ᠠᠬᠢᠴᠠ ᠶᠢ ᠲᠦᠷᠭᠡᠪᠴᠢᠯᠡᠨ ᠠᠬᠢᠭᠤᠯᠵᠤ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠶᠢ ᠱᠠᠭᠠᠷᠳᠠᠭᠰᠡᠨ  ᠤ ᠬᠠᠮᠲᠤ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠤ ᠵᠠᠰᠠᠭ ᠤᠨ ᠣᠷᠳᠣᠨ ᠤ ᠠᠵᠢᠯ ᠢ ᠣᠶᠢᠯᠠᠭᠠᠵᠤ ᠳᠡᠮᠵᠢᠭᠰᠡᠨ ᠳᠤ ᠲᠠᠯᠠᠷᠬᠠᠯ ᠢᠶᠠᠨ ᠢᠯᠡᠳᠬᠡᠪᠠ᠃     ᠬᠠᠨ ᠲᠤᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢᠮᠠᠭᠲᠠ ᠣᠯᠠᠨ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ︽ᠠᠷᠠᠳ ᠲᠦᠮᠡᠨ ᠢᠶᠠᠷ ᠭᠤᠣᠯ ᠪᠣᠯᠭᠠᠬᠤ︾ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠤᠯᠠᠨ ᠲᠦᠮᠡᠨ ᠤ ᠲᠤᠰᠬᠠᠭᠰᠠᠨ ᠠᠰᠠᠭᠤᠳᠠᠯ ᠠᠴᠠ ᠵᠠᠶᠢᠯᠠᠬᠤ ᠦᠭᠡᠢ᠂ ᠤᠳᠠᠭᠠᠰᠢᠷᠠᠭᠤᠯᠬᠤ ᠦᠭᠡᠢ ᠪᠠᠷ ᠢᠮᠠᠭᠲᠠ ︽ᠤᠴᠢᠷ ᠶᠠᠪᠤᠳᠠᠯ ᠢ ᠰᠢᠢᠳᠪᠦᠷᠢᠯᠡᠬᠦ︾ ᠪᠠᠷ  ᠭᠠᠷᠳᠠᠴᠠ ᠪᠣᠯᠭᠠᠵᠤ᠂ ᠤᠴᠢᠷ ᠰᠢᠯᠲᠠᠭᠠᠨ ᠢ ᠨᠢ ᠲᠤᠳᠤᠷᠬᠠᠶᠢᠯᠠᠨ᠂ ᠭᠡᠮ ᠰᠣᠭᠤᠭ ᠢ ᠨᠢ ᠣᠨᠣᠪᠴᠢᠲᠠᠢ ᠡᠷᠢᠵᠦ᠂ ᠨᠡᠩ ᠬᠦᠯᠢᠴᠡᠩᠭᠦᠢ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠵᠠᠬᠢᠳᠠᠯ ᠰᠣᠷᠪᠤᠯᠵᠢᠯᠠᠭ᠎ᠠ ᠶᠢᠨ ᠲᠤᠰᠬᠠᠭᠰᠠᠨ ᠵᠦᠢᠯᠡᠰ ᠢ ᠰᠢᠢᠳᠪᠦᠷᠢᠯᠡᠬᠦ ᠶᠢ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠬᠠᠤᠯᠢ ᠲᠣᠭᠲᠠᠭᠠᠯ ᠶᠣᠰᠣᠭᠠᠷ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠶᠢ ᠠᠬᠢᠭᠤᠯᠬᠤ ᠬᠡᠷᠡᠭᠳᠠᠢ᠃ ᠪᠠᠶᠢᠷᠢ ᠰᠣᠯᠢᠵᠤ ᠰᠡᠳᠬᠢᠬᠦ ᠶᠢ ᠪᠠᠷᠢᠮᠳᠠᠯᠠᠨ᠂ ᠤᠯᠠᠨ ᠲᠦᠮᠡᠨ ᠤ ᠠᠵᠢᠯ ᠤᠨ ᠠᠷᠭ᠎ᠠ ᠶᠢᠨ ᠰᠢᠨ᠎ᠡ ᠶᠢ ᠡᠭᠦᠳᠴᠦ᠂ ᠵᠥᠷᠢᠴᠡᠯ ᠵᠢᠭᠤᠷᠠᠯᠳᠤᠭᠠᠨ ᠢ ᠤᠯᠠᠨ ᠡᠰᠢᠵᠢᠬᠦᠯᠦᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠤᠯᠠᠨ ᠲᠦᠮᠡᠨ ᠤ ᠭᠤᠮᠣᠳᠠᠯ ᠢᠶᠠᠨ ᠢᠯᠡᠳᠬᠡᠬᠦ᠂ ᠠᠰᠢᠭ ᠲᠤᠰᠠ ᠪᠠᠨ ᠵᠣᠬᠢᠴᠠᠭᠤᠯᠬᠤ᠂ ᠡᠷᠬᠡ ᠠᠰᠢᠭ ᠢᠶᠠᠨ ᠪᠠᠲᠤᠯᠠᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠲᠦᠷᠦ ᠶᠢᠨ ᠪᠣᠳᠣᠯᠭ᠎ᠠ ᠶᠢ ᠲᠠᠶᠢᠯᠪᠤᠷᠢᠯᠠᠬᠤ᠂ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ ᠪᠠ ᠦᠵᠡᠯ ᠰᠠᠨᠠᠭ᠎ᠠ ᠶᠢ ᠬᠥᠲᠥᠯᠥᠨ ᠵᠢᠯᠤᠭᠤᠳᠬᠤ ᠵᠡᠷᠭᠡ ᠠᠵᠢᠯ ᠢ ᠨᠢᠮᠪᠠᠢ ᠰᠠᠶᠢᠲᠤᠷ ᠬᠢᠵᠦ᠂ ᠵᠥᠷᠢᠴᠡᠯ ᠵᠢᠭᠤᠷᠠᠯᠳᠤᠭᠠᠨ ᠢ ᠦᠨᠡᠨ ᠬᠦ ᠡᠬᠢ ᠡᠭᠦᠰᠦᠯ ᠠᠴᠠ ᠨᠢ ᠰᠢᠢᠳᠪᠦᠷᠢᠯᠡᠵᠦ᠂ ᠦᠨᠳᠦᠰᠦᠨ ᠱᠠᠲᠤᠨ ᠳᠤ ᠰᠢᠢᠳᠪᠦᠷᠢᠯᠡᠬᠦ ᠬᠡᠷᠡᠭᠲᠡᠢ᠃ ︽ᠲᠠᠪᠤ ᠶᠢ ᠨᠠᠶᠢᠳᠠᠪᠤᠷᠢᠵᠢᠭᠤᠯᠬᠤ︾ ︽ᠳᠥᠷᠪᠡ ᠶᠢ ᠪᠣᠳᠠᠲᠠᠶᠢᠵᠢᠭᠤᠯᠬᠤ︾ ᠱᠠᠭᠠᠷᠳᠠᠯᠭ᠎ᠠ ᠶᠣᠰᠣᠭᠠᠷ᠂ ᠡᠷᠳᠡᠨ ᠠᠴᠠ ᠨᠢ ᠰᠡᠷᠬᠡᠶᠢᠯᠡᠵᠤ᠂ ᠪᠠᠭ᠎ᠠ ᠠᠴᠠ ᠨᠢ ᠰᠢᠢᠳᠪᠤᠷᠢᠯᠡᠬᠦ ᠶᠢ ᠪᠠᠷᠢᠮᠲᠠᠯᠠᠨ᠂ ᠲᠤᠷᠰᠢᠯᠭ᠎ᠠ ᠪᠠᠨ ᠪᠥᠬᠦ ᠲᠠᠯ᠎ᠠ ᠪᠠᠷ ᠳ᠋ᠦᠩᠨᠡᠵᠦ᠂ ᠵᠠᠰᠠᠯᠲᠠ ᠶᠢᠨ ᠲᠤᠭᠳᠠᠯᠴᠠᠭ᠎ᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠪᠠ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠪᠠ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠦᠨᠡᠨᠬᠦ ᠬᠠᠮᠠᠭᠠᠯᠠᠬᠤ ᠬᠡᠷᠡᠭᠲᠡᠢ ᠬᠡᠵᠡᠢ᠃     ᠲᠣᠭᠤᠷᠢᠭ ᠤᠨ ᠤᠳᠤᠷᠢᠳᠤᠯᠭ᠎ᠠ ᠭᠤᠤ ᠮᠢᠩ ᠰᠣᠷᠪᠤᠯᠵᠢᠯᠠᠭ᠎ᠠ ᠶᠢ ᠬᠦᠯᠢᠶᠡᠨ ᠠᠪᠬᠤ ᠠᠵᠢᠯᠯᠠᠭ᠎ᠠ ᠳᠤ ᠣᠷᠣᠯᠴᠠᠪᠠ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ