ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠬᠤᠶᠠᠷ ᠰᠠᠷ᠎ᠠ ᠳᠠᠷᠠᠭᠠᠯᠠᠨ ᠪᠦᠬᠦ ᠬᠤᠲᠠ ᠳᠤ ᠲᠡᠷᠢᠭᠦᠯᠡᠪᠡ
ᠨᠡᠶᠢᠲᠡᠯᠡᠭᠰᠡᠨ ᠴᠠᠭ᠄
2024/9/27
    2024 ᠣᠨ ᠤ 1 - 8 ᠰᠠᠷ᠎ᠠ ᠳᠤ᠂ ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 16% ᠪᠠᠷ ᠨᠡᠮᠡᠭᠳᠡᠵᠦ᠂ ᠪᠥᠬᠦ ᠤᠯᠤᠰ ᠤᠨ ᠬᠢ ᠠᠴᠠ 10.2 ᠵᠠᠭᠤᠨ ᠤ ᠬᠤᠪᠢ ᠥᠨᠳᠥᠷ᠂ ᠥᠪᠡᠷᠲᠡᠭᠡᠨ ᠵᠠᠰᠠᠬᠤ ᠣᠷᠣᠨ ᠤ ᠬᠢ  ᠠᠴᠠ 8.4 ᠵᠠᠭᠤᠨ ᠤ ᠬᠤᠪᠢ ᠥᠨᠳᠥᠷ᠂ ᠪᠥᠬᠦ ᠬᠤᠲᠠ ᠶᠢᠨ ᠬᠢ ᠠᠴᠠ 9 ᠵᠠᠭᠤᠨ ᠤ ᠬᠤᠪᠢ ᠥᠨᠳᠥᠷ ᠪᠠᠶᠢᠵᠤ᠂ ᠬᠤᠶᠠᠷ ᠰᠠᠷ᠎ᠠ ᠳᠠᠷᠠᠭᠠᠯᠠᠨ ᠪᠥᠬᠦ ᠬᠤᠲᠠ ᠶᠢᠨ ᠨᠢᠭᠡᠳᠦᠭᠡᠷ ᠲᠤ ᠣᠷᠣᠪᠠ᠃ ᠡᠭᠦᠨ ᠳᠤ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 19.3% ᠪᠠᠷ ᠨᠡᠮᠡᠭᠳᠡᠪᠡ︔ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 1.7% ᠪᠠᠷ ᠪᠠᠭᠤᠷᠠᠪᠠ︔ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 0.3% ᠪᠠᠷ ᠪᠠᠭᠤᠷᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ