ᠦᠵᠡᠯ ᠰᠠᠨᠠᠭ᠎ᠠ ᠤᠯᠤᠰ ᠲᠥᠷᠥ ᠶᠢᠨ ᠲᠣᠮᠣ ᠬᠡᠯᠪᠡᠷᠢ ᠶᠢᠨ ᠶᠠᠷᠢᠶᠠᠲᠤ ᠵᠦᠴᠦᠭᠡ ︽ᠤᠷᠢᠨ ᠰᠠᠯᠬᠢᠨ ᠳᠤ ᠤᠯᠠᠭᠠᠨ ᠲᠤᠭ ᠵᠢᠷᠤᠭ ᠮᠡᠲᠦ ᠭᠤᠶᠤ︾ ᠨᠢ ᠣᠷᠳᠣᠰ ᠲᠢᠶᠠᠲᠷ ᠲᠤ ᠲᠤᠭᠯᠠᠯᠳᠠ ᠪᠠᠨ ᠡᠬᠢᠯᠡᠬᠦᠯᠪᠠ
ᠨᠡᠶᠢᠲᠡᠯᠡᠭᠰᠡᠨ ᠴᠠᠭ᠄
2024/9/28
    9 ᠰᠠᠷ᠎ᠠ ᠶᠢᠨ 27 ᠤ ᠣᠷᠣᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠳ᠋ᠦᠩᠱᠧᠩ ᠲᠣᠭᠤᠷᠢᠭ ᠤᠨ ᠤᠳᠬ᠎ᠠ ᠤᠷᠠᠯᠢᠭ ᠤᠨ ᠠᠵᠢᠯᠳᠠᠨ ᠤ ᠬᠤᠯᠪᠣᠭ᠎ᠠ᠂ ᠡᠪᠯᠡᠯ ᠤᠨ ᠲᠣᠭᠤᠷᠢᠭ ᠤᠨ ᠬᠤᠷᠢᠶᠠᠨ ᠤ ᠬᠠᠮᠲᠤᠷᠠᠨ ᠵᠣᠬᠢᠶᠠᠭᠰᠠᠨ ᠦᠵᠡᠯ ᠰᠠᠨᠠᠭ᠎ᠠ ᠤᠯᠤᠰ ᠲᠥᠷᠥ ᠶᠢᠨ ᠲᠣᠮᠣ ᠬᠡᠯᠪᠡᠷᠢ ᠶᠢᠨ ᠶᠠᠷᠢᠶᠠᠲᠤ ᠵᠦᠴᠦᠭᠡ ︽ᠤᠷᠢᠨ ᠰᠠᠯᠬᠢᠨ ᠳᠤ ᠤᠯᠠᠭᠠᠨ ᠲᠤᠭ ᠵᠢᠷᠤᠭ ᠮᠡᠲᠦ ᠭᠤᠶᠤ︾ ᠨᠢ ᠣᠷᠳᠣᠰ ᠲᠢᠶᠠᠲᠷ ᠲᠤ ᠲᠤᠭᠯᠠᠯᠳᠠ ᠪᠠᠨ ᠡᠬᠢᠯᠡᠬᠦᠯᠪᠠ᠃ ᠶᠠᠷᠢᠶᠠᠲᠤ ᠵᠦᠴᠦᠭᠡ ᠨᠢ ᠦᠵᠡᠯ ᠰᠠᠨᠠᠭ᠎ᠠ ᠤᠯᠤᠰ ᠲᠦᠷᠦ ᠪᠠᠷ ᠭᠤᠣᠯ ᠪᠣᠯᠭᠠᠵᠤ᠂ ᠲᠡᠦᠬᠡ ᠪᠣᠯᠣᠨ ᠪᠣᠳᠠᠲᠤ ᠠᠬᠤᠢ ᠶᠢ ᠤᠷᠠᠨ ᠢᠶᠠᠷ ᠠᠭᠤᠰᠤᠯᠴᠠᠭᠤᠯᠬᠤ ᠪᠠᠷ ᠲᠠᠮᠵᠢᠨ᠂ ᠤᠷᠠᠯᠢᠭ ᠤᠨ ᠬᠡᠯᠪᠡᠷᠢ ᠪᠠᠷ ᠪᠦᠬᠦ ᠨᠡᠶᠢᠭᠡᠮ ᠢᠯᠠᠩᠭᠤᠶ᠎ᠠ ᠥᠷᠭᠡᠨ ᠤᠯᠠᠨ ᠵᠠᠯᠠᠭᠤ ᠨᠢᠭᠡ ᠦᠶ᠎ᠡ ᠶᠢᠨ ᠬᠢᠨ ᠢ ᠬᠥᠲᠥᠯᠥᠨ ᠳᠠᠭᠠᠭᠤᠯᠵᠤ ᠲᠡᠦᠬᠡ ᠶᠢ ᠪᠠᠲᠤ ᠴᠡᠭᠡᠵᠢᠯᠡᠵᠦ᠂ ᠤᠭ ᠰᠠᠨᠠᠭ᠎ᠠ ᠪᠠᠨ ᠦᠯᠦ ᠮᠠᠷᠳᠠᠨ᠂ ᠬᠤᠪᠢᠰᠬᠠᠯ ᠤᠨ ᠭᠧᠨ ᠢ ᠤᠯᠠᠮᠵᠢᠯᠠᠨ ᠪᠠᠳᠠᠷᠠᠭᠤᠯᠵᠤ᠂ ᠡᠷᠡᠰ ᠭᠤᠶᠢᠪᠢᠰᠢ ᠦᠭᠡᠢ ᠪᠠᠷ ᠨᠠᠮ ᠢᠶᠠᠨ ᠳᠠᠭᠠᠬᠤ ᠶᠢ ᠤᠷᠢᠶᠠᠯᠠᠵᠠᠢ᠃
 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ