ᠳ᠋ᠦᠩᠱᠧᠩ ᠲᠣᠭᠤᠷᠢᠭ ᠤᠨ ᠬᠥᠮᠦᠨ ᠠᠮᠠ ᠶᠢᠨ ᠪᠦᠲᠦᠴᠡ ᠶᠢᠨ ᠬᠤᠪᠢᠷᠠᠯᠲᠠ ᠶᠢᠨ ᠠᠵᠤ ᠠᠬᠤᠢ ᠨᠡᠶᠢᠬᠡᠮ ᠤᠨ ᠬᠥᠭᠵᠢᠯᠲᠡ ᠳᠤ ᠦᠵᠡᠭᠦᠯᠬᠦ ᠨᠥᠯᠥᠭᠡ
ᠨᠡᠶᠢᠲᠡᠯᠡᠭᠰᠡᠨ ᠴᠠᠭ᠄
2024/9/29
    ᠬᠥᠮᠥᠨ ᠠᠮᠠ ᠪᠣᠯ ᠠᠵᠤ ᠠᠬᠤᠢ ᠨᠡᠶᠢᠭᠡᠮ ᠤᠨ ᠦᠷᠭᠦᠯᠵᠢᠯᠡᠨ ᠲᠡᠩᠴᠡᠭᠦᠷᠢᠲᠡᠢ ᠬᠥᠭᠵᠢᠬᠦ ᠶᠢᠨ ᠰᠠᠭᠤᠷᠢ ᠮᠥᠨ᠂ ᠬᠥᠮᠥᠨ ᠠᠮᠠ ᠶᠢᠨ ᠬᠡᠪᠴᠢᠶ᠎ᠡ ᠪᠣᠯᠣᠨ ᠪᠦᠲᠦᠴᠡ ᠶᠢᠨ ᠬᠤᠪᠢᠷᠠᠯᠲᠠ ᠨᠢ ᠨᠢᠭᠡ ᠭᠠᠵᠠᠷ ᠣᠷᠣᠨ ᠤ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠤ ᠬᠢᠷᠢ ᠬᠡᠮᠵᠢᠶ᠎ᠡ ᠲᠠᠢ ᠰᠢᠭᠤᠳ ᠬᠤᠯᠪᠣᠭᠳᠠᠵᠤ᠂ ᠲᠡᠭᠦᠨ ᠤ ᠬᠥᠭᠵᠢᠯᠲᠡ ᠶᠢᠨ ᠲᠠᠯᠳᠠ ᠬᠦᠴᠦᠨ ᠪᠣᠯᠣᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠬᠡᠮᠵᠢᠬᠦ ᠳᠤ ᠳᠤᠲᠠᠭᠳᠠᠵᠤ ᠪᠣᠯᠣᠰᠢ ᠦᠭᠡᠢ ᠵᠠᠩᠭᠢᠯᠠᠭ᠎ᠠ ᠶᠢᠨ ᠬᠦᠢᠴᠡᠳᠬᠡᠯ ᠲᠤᠭ᠎ᠠ ᠪᠤᠯᠤᠨ᠎ᠠ᠃ ᠳᠤᠰ ᠨᠡᠶᠢᠳᠡᠯᠡᠯ ᠳᠤ ᠳ᠋ᠦᠩᠱᠧᠩ ᠲᠣᠭᠤᠷᠢᠭ ᠤᠨ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠪᠠᠷ ᠦᠨᠳᠦᠰᠦᠯᠡᠯ ᠪᠣᠯᠭᠠᠵᠤ᠂ ᠳ᠋ᠦᠩᠱᠧᠩ ᠲᠣᠭᠤᠷᠢᠭ ᠤᠨ ᠬᠥᠮᠥᠨ ᠠᠮᠠ ᠶᠢᠨ ᠬᠡᠪᠴᠢᠶ᠎ᠡ᠂ ᠪᠦᠲᠦᠴᠡ ᠶᠢᠨ ᠣᠳᠣᠬᠢ ᠪᠠᠶᠢᠳᠠᠯ ᠵᠢᠴᠢ ᠬᠤᠪᠢᠷᠠᠯᠲᠠ ᠶᠢᠨ ᠣᠨᠴᠠᠯᠢᠭ ᠢ ᠵᠠᠳᠠᠯᠬᠤ ᠶᠢᠨ ᠬᠠᠮᠲᠤ᠂ ᠡᠲᠡᠭᠡᠷ ᠬᠤᠪᠢᠷᠠᠯᠲᠠ ᠶᠢᠨ ᠮᠠᠨ ᠤ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠣᠯᠠᠨ ᠲᠠᠯ᠎ᠠ ᠶᠢᠨ ᠨᠥᠯᠥᠭᠡ ᠶᠢ ᠰᠤᠳᠤᠯᠤᠨ ᠶᠠᠷᠢᠯᠴᠠᠵᠤ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠯᠠᠪᠯᠠᠯᠲᠠ ᠬᠠᠩᠭᠠᠪᠠ᠃     ᠨᠢᠬᠡ᠂ ᠳ᠋ᠦᠡᠭᠱᠸᠡᠭ ᠳᠤᠭᠤᠷᠢᠭ ᠤᠨ ᠬᠦᠮᠦᠨ ᠠᠮᠠ ᠶᠢᠨ ᠬᠡᠪᠴᠢᠶ᠎ᠠ ᠵᠢᠴᠢ ᠪᠦᠳᠦᠴᠡ ᠶᠢᠨ ᠤᠳᠤᠬᠢ ᠪᠠᠶᠢᠳᠠᠯ     ︵ᠨᠢᠭᠡ︶ ᠬᠦᠮᠦᠨ ᠠᠮᠠ ᠶᠢᠨ ᠶᠡᠷᠦᠩᠬᠡᠢ ᠲᠤᠭ᠎ᠠ ᠲᠤᠭᠲᠠᠭᠤᠨ ᠢᠶᠠᠷ ᠨᠡᠮᠡᠭᠳᠡᠪᠡ     2020 ᠣᠨ ᠤ 11 ᠰᠠᠷ᠎ᠠ ᠶᠢᠨ 1 ᠤ ᠡᠳᠦᠷ ᠤᠨ ᠲᠡᠭ ᠴᠠᠭ ᠲᠤ᠂ ᠳ᠋ᠦᠩᠱᠧᠩ ᠲᠣᠭᠤᠷᠢᠭ ᠤᠨ ᠪᠠᠶᠢᠩᠭᠤ ᠰᠠᠭᠤᠭ᠎ᠠ ᠬᠥᠮᠦᠨ ᠠᠮᠠ 574242 ᠪᠠᠶᠢᠵᠤ᠂ 2010 ᠣᠨ ᠤ ᠵᠢᠷᠭᠤᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠲᠠᠢ ᠬᠠᠷᠢᠴᠠᠭᠤᠯᠪᠠᠯ 35718 ᠬᠥᠮᠦᠨ ᠨᠡᠮᠡᠭᠳᠡᠵᠦ᠂ 6.6% ᠪᠠᠷ ᠨᠡᠮᠡᠭᠳᠡᠵᠦ᠂ ᠵᠢᠯ ᠤᠨ ᠳᠤᠮᠳᠠᠴᠢ ᠨᠡᠮᠡᠭᠳᠡᠯ ᠤᠨ ᠨᠤᠷᠮ᠎ᠠ 0.64% ᠪᠣᠯᠪᠠ᠃     ︵ᠬᠤᠶᠠᠷ︶ ᠪᠦᠬᠦ ᠬᠤᠲᠠ ᠶᠢᠨ ᠬᠥᠮᠥᠨ ᠠᠮᠠ ᠳᠤ ᠡᠵᠡᠯᠡᠬᠦ ᠬᠤᠪᠢ ᠶᠢᠨ ᠵᠢᠩ ᠪᠠᠭᠠᠰᠪᠠ     2020 ᠣᠨ ᠠᠴᠠ ᠨᠠᠰᠢ᠂ ᠳ᠋ᠦᠩᠱᠧᠩ ᠲᠣᠭᠤᠷᠢᠭ ᠤᠨ ᠪᠠᠶᠢᠩᠭᠤ ᠰᠠᠭᠤᠭ᠎ᠠ ᠬᠥᠮᠦᠨ ᠠᠮᠠ ᠶᠢᠨ ᠪᠥᠬᠦ ᠬᠤᠲᠠ ᠶᠢᠨ ᠬᠥᠮᠦᠨ ᠠᠮᠠ ᠳᠠᠬᠢ ᠡᠵᠡᠯᠡᠬᠦ ᠬᠤᠪᠢ ᠶᠢᠨ ᠵᠢᠩ ᠨᠢ 26% - 27% ᠶᠢᠨ ᠬᠤᠭᠤᠷᠣᠨᠳᠣ ᠪᠠᠶᠢᠵᠤ᠂ ᠪᠠᠭ᠎ᠠ ᠪᠠᠭᠤᠷᠠᠬᠤ ᠬᠠᠨᠳᠤᠰᠢ ᠲᠠᠢ ᠪᠠᠶᠢᠨ᠎ᠠ᠃ 2020 ᠣᠨ ᠤ᠂ ᠳ᠋ᠦᠩᠱᠧᠩ ᠲᠣᠭᠤᠷᠢᠭ ᠤᠨ ᠪᠠᠶᠢᠩᠭᠤ ᠰᠠᠭᠤᠭ᠎ᠠ ᠬᠥᠮᠦᠨ ᠠᠮᠠ ᠶᠢᠨ ᠪᠥᠬᠦ ᠬᠤᠲᠠ ᠶᠢᠨ ᠬᠥᠮᠦᠨ ᠠᠮᠠ ᠳᠠᠬᠢ ᠡᠵᠡᠯᠡᠬᠦ ᠬᠤᠪᠢ ᠶᠢᠨ ᠵᠢᠩ ᠨᠢ 26.66%᠂ 2023 ᠣᠨ ᠤ ᠡᠵᠡᠯᠡᠬᠦ ᠬᠠᠷᠢᠴᠠᠯ ᠨᠢ 26.36% ᠪᠠᠶᠢᠵᠤ᠂ 2020 ᠣᠨ ᠤ ᠬᠢ ᠲᠠᠢ ᠬᠠᠷᠢᠴᠠᠭᠤᠯᠪᠠᠯ 0.3 ᠵᠠᠭᠤᠨ ᠤ ᠬᠤᠪᠢ ᠪᠠᠷ ᠪᠠᠭᠤᠷᠠᠪᠠ᠃     ︵ᠭᠤᠷᠪᠠ︶ ᠭᠡᠷ ᠪᠦᠯᠢ ᠶᠢᠨ ᠬᠥᠮᠥᠨ ᠠᠮᠠ ᠶᠢᠨ ᠬᠡᠪᠴᠢᠶ᠎ᠡ ᠪᠠᠭᠠᠰᠬᠤ ᠬᠠᠨᠳᠤᠰᠢ ᠢᠯᠡᠷᠡᠪᠡ     ᠳ᠋ᠦᠡᠭᠱᠧᠩ ᠲᠣᠭᠤᠷᠢᠭ ᠲᠤ ᠨᠡᠶᠢᠳᠡ 203073 ᠬᠡᠷ ᠪᠦᠯᠢ ᠶᠢᠨ ᠡᠷᠦᠬᠡ᠂ 18744 ᠬᠠᠮᠲᠤ ᠶᠢᠨ ᠡᠷᠦᠬᠡ ᠪᠤᠢ᠃ ᠭᠡᠷ ᠪᠦᠯᠢ ᠶᠢᠨ ᠡᠷᠦᠬᠡ ᠶᠢᠨ ᠬᠥᠮᠥᠨ ᠠᠮᠠ ᠶᠢᠨ ᠲᠤᠭ᠎ᠠ 513 849 ᠪᠠᠶᠢᠵᠤ᠂ ᠭᠤᠣᠯᠯᠠᠬᠤ ᠪᠠᠶᠢᠷᠢ ᠰᠠᠭᠤᠷᠢ ᠶᠢ ᠡᠵᠡᠯᠡᠵᠦ᠂ ᠬᠠᠮᠲᠤ ᠶᠢᠨ ᠡᠷᠦᠬᠡ ᠶᠢᠨ ᠬᠥᠮᠥᠨ ᠠᠮᠠ ᠶᠢᠨ ᠲᠤᠭ᠎ᠠ 60393 ᠪᠤᠯᠤᠨ᠎ᠠ᠃ ᠭᠡᠷ ᠪᠦᠯᠢ ᠶᠢᠨ ᠡᠷᠦᠬᠡ ᠪᠦᠷᠢ ᠳᠤ ᠲᠡᠭᠰᠢᠳᠬᠡᠭᠰᠡᠨ ᠬᠦᠮᠦᠨ ᠠᠮᠠ 2.53 ᠪᠠᠶᠢᠵᠦ᠂ 2010 ᠤᠨ ᠤ 6 ᠰᠠᠷ᠎ᠠ ᠶᠢᠨ ᠬᠢ ᠠᠴᠠ 0.17 ᠬᠦᠮᠦᠨ ᠬᠠᠰᠤᠭᠳᠠᠵᠠᠢ᠃     ︵ᠲᠦᠷᠪᠡ︶ ᠬᠤᠲᠠ ᠪᠠᠯᠭᠠᠰᠤᠵᠢᠯᠲᠠ ᠶᠢᠨ ᠨᠤᠷᠮ᠎ᠠ ᠲᠠᠰᠤᠷᠠᠯᠲᠠ ᠦᠭᠡᠢ ᠳᠡᠭᠡᠭᠰᠢᠯᠡᠪᠡ     ᠪᠥᠬᠦ ᠲᠤᠭᠤᠷᠢᠭ ᠤᠨ ᠪᠠᠶᠢᠩᠭᠤ ᠰᠠᠭᠤᠭ᠎ᠠ ᠬᠥᠮᠦᠨ ᠠᠮᠠ ᠶᠢᠨ ᠳᠣᠲᠣᠷ᠎ᠠ᠂ ᠬᠤᠲᠠ ᠪᠠᠯᠭᠠᠰᠤᠨ ᠳᠤ ᠰᠠᠭᠤᠵᠤ ᠪᠠᠶᠢᠭ᠎ᠠ ᠬᠥᠮᠦᠨ ᠠᠮᠠ 96.17% ᠶᠢ ᠡᠵᠡᠯᠡᠪᠡ︔ ᠬᠥᠳᠡᠭᠡ ᠲᠣᠰᠬᠤᠨ ᠳᠤ ᠰᠠᠭᠤᠵᠤ ᠪᠠᠶᠢᠭ᠎ᠠ ᠬᠥᠮᠦᠨ ᠠᠮᠠ 3.83% ᠶᠢ ᠡᠵᠡᠯᠡᠪᠡ᠃ 2010 ᠣᠨ ᠲᠠᠢ ᠬᠠᠷᠢᠴᠠᠭᠤᠯᠪᠠᠯ᠂ ᠬᠤᠳᠠ ᠪᠠᠯᠭᠠᠰᠤᠨ ᠤ ᠬᠦᠮᠦᠨ ᠠᠮᠠ ᠶᠢᠨ ᠬᠤᠪᠢ ᠶᠢᠨ ᠵᠢᠩ 8.58 ᠵᠠᠭᠤᠨ ᠤ ᠬᠤᠪᠢ ᠳᠡᠭᠡᠭᠰᠢᠯᠡᠪᠡ᠃     ︵ᠲᠠᠪᠤ︶ ᠡᠷᠡᠭᠳᠠᠢ ᠡᠮᠡᠭᠳᠠᠢ ᠶᠢᠨ ᠬᠠᠷᠢᠴᠠᠯ ᠲᠡᠩᠴᠡᠭᠦᠷᠢᠰᠢᠬᠦ ᠬᠠᠨᠳᠤᠰᠢ ᠲᠠᠢ ᠪᠠᠶᠢᠪᠠ     ᠪᠥᠬᠦ ᠲᠤᠭᠤᠷᠢᠭ ᠤᠨ ᠪᠠᠶᠢᠩᠭᠤ ᠰᠠᠭᠤᠭ᠎ᠠ ᠬᠥᠮᠦᠨ ᠠᠮᠠ ᠶᠢᠨ ᠳᠣᠲᠣᠷ᠎ᠠ᠂ ᠡᠷᠡᠭᠲᠡᠶ 296410 ᠪᠠᠶᠢᠵᠤ᠂ 51.62% ᠢ ᠡᠵᠡᠯᠡᠪᠡ︔ ᠡᠮᠡᠭᠲᠡᠶ 277832 ᠪᠠᠶᠢᠵᠤ᠂ 48.38% ᠶᠢ ᠡᠵᠡᠯᠡᠪᠡ᠃ ᠪᠠᠶᠢᠩᠭᠤ ᠰᠠᠭᠤᠭ᠎ᠠ ᠬᠦᠮᠦᠨ ᠠᠮᠠ ᠶᠢᠨ ᠬᠦᠢᠰᠦ ᠶᠢᠨ ᠢᠯᠭᠠᠯ ᠤᠨ ᠬᠠᠷᠢᠴᠠᠯ ᠨᠢ 106.69 ᠪᠠᠶᠢᠵᠤ᠂ 2010 ᠣᠨ ᠤ ᠬᠢ ᠠᠴᠠ ᠮᠡᠳᠡᠭᠳᠡᠮ᠎ᠡ ᠪᠠᠭᠤᠷᠠᠭᠰᠠᠨ ᠪᠠᠶᠢᠨ᠎ᠠ᠃     ︵ᠵᠢᠷᠭᠤᠭ᠎ᠠ︶ ᠬᠦᠮᠦᠨ ᠠᠮᠠ ᠶᠢᠨ ᠨᠠᠰᠤᠵᠢᠯ ᠤᠨ ᠠᠬᠢᠴᠠ ᠭᠦᠨᠵᠡᠭᠡᠶᠢᠷᠡᠪᠡ     ᠪᠦᠬᠦ ᠲᠤᠭᠤᠷᠢᠭ ᠤᠨ ᠪᠠᠶᠢᠩᠭᠤ ᠰᠠᠭᠤᠭ᠎ᠠ ᠬᠥᠮᠦᠨ ᠠᠮᠠ ᠶᠢᠨ ᠳᠣᠲᠣᠷ᠎ᠠ᠂ 0 — 14 ᠨᠠᠰᠤᠨ ᠤ ᠬᠥᠮᠦᠨ ᠠᠮᠠ 19.74% ᠶᠢ ᠡᠵᠡᠯᠡᠵᠦ᠂ 2010 ᠣᠨ ᠤ ᠬᠢ ᠠᠴᠠ 6.03 ᠵᠠᠭᠤᠨ ᠤ ᠬᠤᠪᠢ ᠪᠠᠷ ᠳᠡᠭᠡᠭᠰᠢᠯᠡᠪᠡ︔ 15 — 59 ᠨᠠᠰᠤᠨ ᠤ ᠬᠥᠮᠦᠨ ᠠᠮᠠ 68.68% ᠶᠢ ᠡᠵᠡᠯᠡᠵᠦ᠂ 11.86 ᠵᠠᠭᠤᠨ ᠤ ᠬᠤᠪᠢ ᠪᠠᠷ ᠪᠠᠭᠤᠷᠠᠪᠠ︔ 60 ᠨᠠᠰᠤ ᠵᠢᠴᠢ ᠲᠡᠭᠦᠨ ᠠᠴᠠ ᠳᠡᠭᠡᠭᠰᠢᠬᠢ ᠬᠥᠮᠦᠨ ᠠᠮᠠ 11.58% ᠶᠢ ᠡᠵᠡᠯᠡᠵᠦ᠂ 5.83 ᠵᠠᠭᠤᠨ ᠤ ᠬᠤᠪᠢ ᠪᠠᠷ ᠳᠡᠭᠡᠭᠰᠢᠯᠡᠵᠦ᠂ 65 ᠨᠠᠰᠤ ᠵᠢᠴᠢ ᠲᠡᠭᠦᠨ ᠠᠴᠠ ᠳᠡᠭᠡᠭᠰᠢᠬᠢ ᠬᠥᠮᠦᠨ ᠠᠮᠠ 7.30% ᠶᠢ ᠡᠵᠡᠯᠡᠵᠦ᠂ 3.42 ᠵᠠᠭᠤᠨ ᠤ ᠬᠤᠪᠢ ᠪᠠᠷ ᠳᠡᠭᠡᠭᠰᠢᠯᠡᠵᠡᠶ᠃     ︵ᠳᠤᠯᠤᠭ᠎ᠠ︶ ᠬᠥᠮᠥᠨ ᠠᠮᠠ ᠶᠢᠨ ᠬᠡᠪ ᠴᠢᠨᠠᠷ ᠲᠠᠰᠤᠷᠠᠯᠲᠠ ᠦᠭᠡᠢ ᠳᠡᠭᠡᠭᠰᠢᠯᠡᠪᠡ     ᠪᠦᠬᠦ ᠲᠤᠭᠤᠷᠢᠭ ᠤᠨ ᠪᠠᠶᠢᠩᠭᠤ ᠰᠠᠭᠤᠭ᠎ᠠ ᠬᠦᠮᠦᠨ ᠠᠮᠠ ᠶᠢᠨ ᠳᠤᠳᠤᠷ᠎ᠡ᠂ ᠶᠡᠭᠡ ᠰᠤᠷᠭᠠᠭᠤᠯᠢ ᠶᠢᠨ ᠰᠤᠶᠤᠯ ᠤᠨ ᠬᠢᠷᠢ ᠬᠡᠮᠵᠢᠶ᠎ᠡ ᠲᠠᠢ ᠬᠦᠮᠦᠨ ᠠᠮᠠ ᠨᠡᠮᠡᠭᠳᠡᠵᠦ᠂ 10 ᠲᠦᠮᠡᠨ ᠬᠦᠮᠦᠨ ᠪᠦᠷᠢ ᠶᠢᠨ ᠳᠤᠳᠤᠷ᠎ᠡ ᠶᠡᠭᠡ ᠰᠤᠷᠭᠠᠭᠤᠯᠢ ᠶᠢᠨ ᠰᠤᠶᠤᠯ ᠤᠨ ᠬᠢᠷᠢ ᠬᠡᠮᠵᠢᠶ᠎ᠠ ᠲᠠᠢ ᠬᠦᠮᠦᠨ ᠤ ᠲᠤᠭ᠎ᠠ 15398 ᠪᠠᠶᠢᠭᠰᠠᠨ ᠠᠴᠠ ᠪᠠᠨ 25046 ᠬᠦᠮᠦᠨ ᠪᠤᠯᠵᠤ ᠨᠡᠮᠡᠭᠳᠡᠪᠡ︔ 15 ᠨᠠᠰᠤ ᠵᠢᠴᠢ ᠲᠡᠭᠦᠨ ᠠᠴᠠ ᠳᠡᠭᠡᠭᠰᠢᠬᠢ ᠬᠦᠮᠦᠨ ᠠᠮᠠ ᠶᠢᠨ ᠰᠤᠷᠭᠠᠨ ᠬᠦᠮᠦᠵᠢᠯ ᠬᠦᠷᠳᠡᠭᠰᠡᠨ ᠳᠤᠮᠳᠠᠴᠢ ᠬᠤᠭᠤᠴᠠᠭ᠎ᠠ ᠨᠢ 10.12 ᠵᠢᠯ ᠪᠠᠶᠢᠭᠰᠠᠨ ᠠᠴᠠ ᠪᠠᠨ 11.06 ᠵᠢᠯ ᠪᠤᠯᠵᠤ ᠳᠡᠭᠡᠭᠰᠢᠯᠡᠪᠡ︔ ᠰᠤᠶᠤᠯ ᠤᠨ ᠪᠠᠯᠠᠶ ᠶᠢᠨ ᠨᠤᠷᠮ᠎ᠠ 2.30% ᠪᠠᠶᠢᠭᠰᠠᠨ ᠠᠴᠠ ᠪᠠᠨ ᠪᠠᠭᠤᠷᠠᠭᠠᠳ 2.16% ᠪᠤᠯᠪᠠ᠃     ᠬᠤᠶᠠᠷ᠂ ᠬᠥᠮᠥᠨ ᠠᠮᠠ ᠶᠢᠨ ᠪᠦᠲᠦᠴᠡ ᠶᠢᠨ ᠬᠤᠪᠢᠷᠠᠯᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠨᠥᠯᠥᠭᠡ     ᠬᠥᠮᠦᠨ ᠠᠮᠠ ᠶᠢᠨ ᠶᠡᠷᠦᠩᠬᠡᠢ ᠲᠤᠭ᠎ᠠ ᠠᠴᠠ ᠦᠵᠡᠪᠡᠯ᠂ ᠤᠶᠢᠷ᠎ᠠ ᠶᠢᠨ 10 ᠵᠢᠯ ᠤᠨ ᠬᠤᠭᠤᠴᠠᠭᠠᠨ ᠳᠤ᠂ ᠳ᠋ᠦᠩᠱᠧᠩ ᠲᠣᠭᠤᠷᠢᠭ ᠤᠨ ᠬᠥᠮᠦᠨ ᠠᠮᠠ ᠶᠢᠨ ᠨᠡᠮᠡᠭᠳᠡᠯ ᠤᠨ ᠬᠤᠷᠳᠤᠴᠠ ᠢᠯᠡᠳᠲᠡ ᠤᠳᠠᠭᠠᠰᠢᠷᠠᠵᠤ᠂ ᠵᠢᠯ ᠤᠨ ᠳᠤᠮᠳᠠᠴᠢ ᠨᠡᠮᠡᠭᠳᠡᠯ ᠤᠨ ᠨᠣᠷᠮ᠎ᠠ ᠨᠢ 0.64% ᠪᠠᠶᠢᠵᠤ᠂ 2000 ᠣᠨ ᠤ ︽ ᠳᠠᠪᠤᠳᠤᠭᠠᠷ ᠤᠳᠠᠭᠠᠨ ᠤ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ︾ ᠠᠴᠠ 2010 ᠤᠨ ᠤ ︽ᠵᠢᠷᠭᠤᠳᠤᠭᠠᠷ ᠤᠳᠠᠭᠠᠨ ᠤ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ︾ ᠶᠢᠨ 10 ᠵᠢᠯ ᠤᠨ ᠬᠤᠭᠤᠷᠣᠨᠳᠣ 7.03 ᠵᠠᠭᠤᠨ ᠤ ᠬᠤᠪᠢ ᠪᠠᠷ ᠪᠠᠭᠤᠷᠠᠵᠤ᠂ ᠠᠳᠠᠯᠢ ᠬᠤᠭᠤᠴᠠᠭᠠᠨ ᠤ ᠪᠥᠬᠦ ᠤᠯᠤᠰ ᠤᠨ ᠬᠥᠮᠥᠨ ᠠᠮᠠ ᠶᠢᠨ ᠵᠢᠯ ᠤᠨ ᠳᠤᠮᠳᠠᠴᠢ ᠨᠡᠮᠡᠭᠳᠡᠯ ᠤᠨ ᠨᠣᠷᠮ᠎ᠠ 0.53% ᠪᠠᠶᠢᠵᠤ᠂ 0.04 ᠵᠠᠭᠤᠨ ᠤ ᠨᠢᠭᠡᠴᠢ ᠪᠠᠭᠤᠷᠠᠪᠠ᠃ ᠪᠥᠬᠦ ᠤᠯᠤᠰ ᠤᠨ ᠴᠢᠨᠠᠷᠲᠠᠶ ᠬᠤᠲᠠ ᠪᠠᠯᠭᠠᠰᠤᠵᠢᠯᠲᠠ ᠶᠢᠨ ᠬᠢᠷᠢ ᠲᠦᠪᠰᠢᠨ ᠤ ᠨᠡᠮᠡᠭᠳᠡᠯ᠂ ᠰᠤᠷᠭᠠᠨ ᠬᠥᠮᠦᠵᠢᠯ ᠭᠥᠷᠳᠡᠭᠰᠡᠨ ᠬᠡᠮᠵᠢᠶ᠎ᠡ ᠶᠢᠨ ᠳᠡᠭᠡᠭᠰᠢᠯᠡᠯᠳᠡ᠂ ᠤᠷᠤᠭ ᠰᠠᠯᠤᠭᠰᠠᠨ ᠦᠯᠦ ᠤᠷᠤᠭᠯᠠᠬᠤ ᠨᠣᠷᠮ᠎ᠠ ᠶᠢᠨ ᠳᠡᠭᠡᠭᠰᠢᠯᠡᠯᠲᠡ᠂ ᠬᠥᠩᠭᠡᠵᠢᠬᠦ ᠨᠠᠰᠤᠨ ᠤ ᠡᠮᠡᠭᠲᠡᠶᠢᠴᠦᠳ ᠤᠨ ᠬᠡᠪᠴᠢᠶ᠎ᠡ ᠪᠠᠭᠠᠰᠤᠭᠰᠠᠨ ᠵᠡᠷᠭᠡ ᠦᠷᠡᠵᠢᠯ ᠤᠨ ᠬᠢᠷᠢ ᠲᠦᠪᠰᠢᠨ ᠪᠠᠭᠤᠷᠠᠬᠤ ᠠᠯᠢ ᠣᠯᠠᠨ ᠬᠦᠴᠦᠨ ᠵᠦᠢᠯ ᠤᠨ ᠨᠥᠯᠥᠭᠡ ᠶᠢ ᠭᠥᠷᠳᠡᠬᠦ ᠠᠴᠠ ᠭᠠᠳᠠᠨ᠎ᠠ᠂ ᠳ᠋ᠦᠩᠱᠧᠩ ᠲᠣᠭᠤᠷᠢᠭ ᠤᠨ ᠠᠵᠤ ᠠᠬᠤᠶ ᠶᠢᠨ ᠲᠦᠷᠭᠡᠨ ᠬᠥᠭᠵᠢᠯᠲᠡ ᠶᠢᠨ ᠲᠣᠮᠣ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠱᠠᠲᠤᠨ ᠠᠴᠠ ᠴᠢᠨᠠᠷ ᠰᠠᠶᠢᠲᠠᠶ ᠬᠥᠭᠵᠢᠯᠲᠡ ᠶᠢᠨ ᠱᠠᠲᠤ ᠦᠶ᠎ᠡ ᠲᠡᠶᠢᠰᠢ ᠰᠢᠯᠵᠢᠭᠰᠡᠨ᠂ ᠵᠢᠴᠢ ᠣᠷᠳᠣᠰ ᠬᠤᠲᠠ ᠶᠢᠨ ᠵᠠᠰᠠᠭ ᠵᠠᠬᠢᠷᠭᠠᠨ ᠤ ᠲᠥᠪ ᠢ ᠨᠡᠬᠦᠯᠬᠡᠭᠰᠡᠨ ᠠᠴᠠ ᠳ᠋ᠦᠩᠱᠧᠩ ᠲᠣᠭᠤᠷᠢᠭ ᠤᠨ ᠬᠥᠳᠡᠯᠮᠦᠷᠢ ᠬᠦᠴᠦᠨ ᠤ ᠬᠥᠮᠦᠨ ᠠᠮᠠ ᠭᠠᠳᠠᠭᠰᠢ ᠭᠠᠷᠴᠤ᠂ ᠪᠠᠶᠢᠩᠭᠤ ᠰᠠᠭᠤᠭ᠎ᠠ ᠬᠥᠮᠦᠨ ᠠᠮᠠ ᠶᠢᠨ ᠲᠥᠪᠯᠡᠷᠡᠯ ᠤᠨ ᠦᠢᠯᠡᠳᠦᠯ ᠪᠠᠭᠤᠷᠠᠭᠰᠠᠨ ᠨᠢ᠂ ᠣᠶᠢᠷ᠎ᠠ ᠶᠢᠨ 10 ᠵᠢᠯ ᠤᠨ ᠬᠤᠭᠤᠷᠣᠨᠳᠣᠬᠢ ᠬᠥᠮᠦᠨ ᠠᠮᠠ ᠶᠢᠨ ᠨᠡᠮᠡᠭᠳᠡᠯ ᠤᠨ ᠬᠤᠷᠳᠤᠴᠠ ᠨᠡᠯᠢᠶᠡᠳ ᠶᠡᠭᠡ ᠪᠠᠭᠤᠷᠠᠭᠰᠠᠨ ᠤ ᠭᠤᠤᠯ ᠰᠢᠯᠳᠠᠭᠠᠨ ᠪᠤᠯᠤᠨ᠎ᠠ᠃ ᠬᠥᠮᠦᠨ ᠠᠮᠠ ᠶᠢᠨ ᠨᠡᠮᠡᠭᠳᠡᠯ ᠤᠨ ᠨᠤᠷᠮ᠎ᠠ ᠪᠠᠭᠤᠷᠠᠬᠤ ᠪᠣᠯ ᠬᠥᠮᠦᠨ ᠠᠮᠠ ᠶᠢᠨ ᠪᠦᠲᠦᠴᠡ ᠶᠢᠨ ᠤᠷᠳᠤ ᠬᠤᠭᠤᠴᠠᠭᠠᠨ ᠤ ᠲᠡᠩᠴᠡᠭᠦᠷᠢᠲᠡᠢ ᠬᠥᠭᠵᠢᠯᠲᠡ ᠶᠢ ᠨᠥᠯᠥᠭᠡᠯᠡᠬᠦ ᠤᠳᠤᠷᠢᠳᠤᠮᠵᠢ ᠶᠢᠨ ᠴᠢᠨᠠᠷᠲᠠᠢ ᠬᠦᠴᠦᠨ ᠵᠦᠢᠯ ᠪᠣᠯᠤᠨ᠎ᠠ᠂ ᠡᠭᠦᠨ ᠤ ᠤᠯᠠᠮ ᠢᠶᠠᠷ ᠴᠢᠨᠠᠷ ᠰᠠᠶᠢᠲᠠᠢ ᠬᠥᠭᠵᠢᠯᠲᠡ ᠶᠢᠨ ᠶᠠᠪᠤᠴᠠ ᠳᠠᠬᠢ ᠬᠥᠳᠡᠯᠮᠦᠷᠢ ᠬᠦᠴᠦᠨ ᠤ ᠬᠠᠩᠭᠠᠯᠭ᠎ᠠ᠂ ᠬᠡᠷᠡᠭᠯᠡᠭᠴᠢᠳ ᠤᠨ ᠬᠡᠷᠡᠭᠴᠡᠭᠡ᠂ ᠡᠬᠢ ᠪᠠᠶᠠᠯᠢᠭ ᠤᠨ ᠲᠤᠬᠢᠷᠠᠭᠤᠯᠤᠯᠳᠠ ᠵᠡᠷᠭᠡ ᠶᠢ ᠭᠦᠨᠵᠡᠭᠡᠢ ᠨᠥᠯᠥᠭᠡᠯᠡᠵᠦ ᠪᠠᠶᠢᠳᠠᠭ᠃     ︵ᠨᠢᠭᠡ︶ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ ᠲᠠᠯ᠎ᠠ ᠪᠠᠷ     ᠳ᠋ᠦᠡᠭᠱᠧᠩ ᠲᠤᠭᠤᠷᠢᠭ ᠤᠨ 15 — 59 ᠨᠠᠰᠤᠨ ᠤ ᠬᠦᠮᠦᠨ ᠠᠮᠠ ᠶᠢᠨ ᠡᠵᠡᠯᠡᠬᠦ ᠬᠠᠷᠢᠴᠠᠯ 2010 ᠤᠨ ᠤ 68.68% ᠠᠴᠠ 2020 ᠤᠨ ᠤ 60.68% ᠪᠤᠯᠤᠨ ᠪᠠᠭᠤᠷᠠᠵᠦ᠂ 60 ᠨᠠᠰᠤ ᠵᠢᠴᠢ ᠲᠡᠬᠦᠨ ᠠᠴᠠ ᠲᠡᠭᠡᠭᠰᠢᠬᠢ ᠬᠦᠮᠦᠨ ᠠᠮᠠ ᠶᠢᠨ ᠡᠵᠡᠯᠡᠬᠦ ᠬᠠᠷᠢᠴᠠᠯ 2010 ᠤᠨ ᠤ 5.75% ᠠᠴᠠ ᠲᠡᠭᠡᠭᠰᠢᠯᠡᠭᠡᠳ 2020 ᠤᠨ ᠤ 11.58% ᠳᠤ ᠬᠦᠷᠴᠦ᠂ ᠬᠦᠮᠦᠨ ᠠᠮᠠ ᠶᠢᠨ ᠨᠠᠰᠤᠵᠢᠯᠳᠠ ᠨᠡᠮᠡᠭᠳᠡᠵᠤ᠂ ᠬᠦᠳᠡᠯᠮᠤᠷᠢ ᠬᠦᠴᠦᠨ ᠤ ᠡᠬᠢ ᠪᠠᠶᠠᠯᠢᠭ ᠡᠳᠤᠢ ᠳᠡᠳᠤᠢ ᠪᠠᠭᠠᠰᠴᠦ᠂ ᠬᠡᠰᠡᠭ ᠠᠵᠢᠯ ᠲᠦᠷᠦᠯ ᠳᠤ ᠬᠦᠳᠡᠯᠮᠤᠷᠢ ᠬᠦᠴᠦ ᠲᠤᠳᠠᠬᠳᠠᠬᠤ ᠠᠰᠠᠭᠤᠳᠠᠯ ᠲᠤᠯᠭᠠᠷᠠᠵᠦ᠂ ᠠᠵᠤ ᠠᠬᠤᠢᠢᠯᠠᠯ ᠤᠨ ᠠᠵᠢᠯᠴᠢᠨ ᠭᠡᠷᠡᠭᠯᠡᠬᠦ ᠦᠪᠡᠷ ᠤᠨ ᠦᠷᠳᠡᠭ ᠲᠡᠭᠡᠭᠰᠢᠯᠡᠵᠦ᠂ ᠦᠢᠯᠡᠳᠪᠦᠷᠢᠯᠡᠯ ᠤᠨ ᠦᠷ᠎ᠡ ᠠᠰᠢᠭ ᠪᠤᠯᠤᠨ ᠠᠵᠤ ᠠᠬᠤᠢ ᠶᠢᠨ ᠬᠦᠭᠵᠢᠯᠳᠡ ᠶᠢ ᠨᠦᠯᠦᠭᠡᠯᠡᠪᠡ᠃ ᠡᠭᠦᠨ ᠠᠴᠠ ᠭᠠᠳᠠᠨ᠎ᠠ᠂ 0 — 14 ᠨᠠᠰᠤᠨ ᠤ ᠬᠥᠮᠥᠨ ᠠᠮᠠ ᠶᠢᠨ ᠡᠵᠡᠯᠡᠬᠦ ᠬᠠᠷᠢᠴᠠᠯ ᠡᠳᠦᠢ ᠲᠡᠳᠦᠢ ᠳᠡᠭᠡᠭᠰᠢᠯᠡᠭᠰᠡᠨ ᠪᠣᠯᠪᠠᠴᠤ ᠮᠥᠨ ᠯᠡ ᠨᠡᠯᠢᠶᠡᠳ ᠳᠣᠣᠷ᠎ᠠ ᠲᠦᠪᠰᠢᠨ ᠳᠤ ᠣᠷᠣᠰᠢᠵᠤ ᠪᠠᠶᠢᠨ᠎ᠠ᠂ ᠡᠨᠡ ᠨᠢ ᠢᠷᠡᠭᠡᠳᠦᠢ ᠶᠢᠨ ᠬᠥᠳᠡᠯᠮᠦᠷᠢ ᠬᠦᠴᠦᠨ ᠦᠷᠭᠦᠯᠵᠢᠯᠡᠨ ᠪᠠᠭᠠᠰᠬᠠᠵᠤ᠂ ᠠᠵᠤ ᠠᠬᠤᠢ ᠶᠢᠨ ᠣᠷᠳᠣ ᠬᠤᠭᠤᠴᠠᠭᠠᠨ ᠤ ᠬᠥᠭᠵᠢᠯᠲᠡ ᠶᠢᠨ ᠳᠠᠯᠳᠠ ᠬᠦᠴᠦᠨ ᠢ ᠨᠥᠯᠥᠭᠡᠯᠡᠬᠦ ᠶᠢ ᠬᠠᠷᠠᠭᠤᠯᠵᠤ ᠪᠠᠶᠢᠨ᠎ᠠ᠃ ᠪᠠᠶᠢᠩᠭᠤ ᠰᠠᠭᠤᠭ᠎ᠠ ᠬᠥᠮᠦᠨ ᠠᠮᠠ ᠶᠢᠨ ᠰᠤᠷᠭᠠᠨ ᠬᠥᠮᠦᠵᠢᠯ ᠭᠥᠷᠳᠡᠭᠰᠡᠨ ᠳᠤᠮᠳᠠᠴᠢ ᠵᠢᠯ ᠤᠨ ᠨᠡᠮᠡᠭᠳᠡᠯ᠂ ᠰᠣᠶᠣᠯ ᠤᠨ ᠬᠢᠷᠢ ᠬᠡᠮᠵᠢᠶ᠎ᠡ ᠶᠢᠨ ᠳᠡᠭᠡᠭᠰᠢᠯᠡᠯᠲᠡ᠂ ᠰᠣᠶᠣᠯ ᠤᠨ ᠪᠠᠯᠠᠶ ᠶᠢᠨ ᠨᠣᠷᠮ᠎ᠠ ᠳᠣᠷᠣᠭᠰᠢᠯᠠᠭᠰᠠᠨ ᠵᠡᠷᠭᠡ ᠬᠦᠢᠴᠡᠳᠬᠡᠯ ᠲᠣᠭᠠᠨ ᠤ ᠬᠤᠪᠢᠷᠠᠯᠲᠠ ᠨᠢ ᠪᠦᠬᠦᠯᠢ ᠴᠣᠭᠴᠠ ᠶᠢᠨ ᠬᠥᠮᠦᠨ ᠠᠮᠠ ᠶᠢᠨ ᠴᠢᠨᠠᠷ ᠴᠢᠨᠰᠠᠭ᠎ᠠ ᠶᠢᠨ ᠳᠡᠭᠡᠭᠰᠢᠯᠡᠯᠳᠡ ᠶᠢ ᠬᠠᠷᠠᠭᠤᠯᠵᠤ᠂ ᠰᠢᠯᠢᠳᠡᠭ ᠬᠥᠳᠡᠯᠮᠦᠷᠢ ᠬᠦᠴᠦᠨ ᠤ ᠡᠬᠢ ᠪᠠᠶᠠᠯᠢᠭ ᠢ ᠨᠡᠮᠡᠭᠳᠡᠭᠦᠯᠦᠭᠰᠡᠨ ᠪᠠᠶᠢᠨ᠎ᠠ᠃ ᠡᠭᠦᠨ ᠤ ᠬᠠᠮᠲᠤ ᠬᠤᠲᠠ ᠪᠠᠯᠭᠠᠰᠤᠨ ᠤ ᠬᠥᠮᠦᠨ ᠠᠮᠠ ᠶᠢᠨ ᠬᠤᠪᠢ ᠶᠢᠨ ᠵᠢᠩ ᠤᠨ ᠳᠡᠭᠡᠭᠰᠢᠯᠡᠯᠲᠡ ᠨᠢ ᠬᠥᠳᠡᠯᠮᠦᠷᠢ ᠬᠦᠴᠦᠨ ᠤ ᠡᠬᠢ ᠪᠠᠶᠠᠯᠢᠭ ᠢ ᠪᠠᠶᠠᠯᠢᠭᠵᠢᠭᠤᠯᠤᠭᠰᠠᠨ ᠪᠥᠭᠡᠳ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠠ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ ᠪᠠᠶᠢᠨ᠎ᠠ᠃     ︵ᠬᠤᠶᠠᠷ︶ ᠬᠡᠷᠡᠭᠯᠡᠭᠡᠨ ᠤ ᠵᠠᠬ᠎ᠠ ᠳᠡᠯᠭᠡᠭᠦᠷ ᠤᠨ ᠲᠠᠯ᠎ᠠ ᠪᠠᠷ     ᠬᠤᠲᠠ ᠪᠠᠯᠭᠠᠰᠤᠨ ᠤ ᠬᠥᠮᠦᠨ ᠠᠮᠠ ᠶᠢᠨ ᠬᠤᠪᠢ ᠶᠢᠨ ᠵᠢᠩ ᠤᠨ ᠳᠡᠭᠡᠭᠰᠢᠯᠡᠯᠲᠡ ᠨᠢ ᠬᠥᠮᠦᠨ ᠠᠮᠠ ᠶᠢᠨ ᠲᠥᠪᠯᠡᠷᠡᠯ ᠤᠨ ᠦᠢᠯᠡᠳᠦᠯ ᠢ ᠪᠣᠶ ᠪᠣᠯᠭᠠᠵᠤ᠂ ᠬᠡᠷᠡᠭᠯᠡᠭᠡ ᠶᠢ ᠳᠠᠶᠢᠴᠢᠯᠠᠨ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠴᠡᠴᠡᠭᠯᠡᠨ ᠬᠥᠭᠵᠢᠬᠦ ᠶᠢ ᠠᠬᠢᠭᠤᠯᠬᠤ ᠳᠤ ᠠᠰᠢᠭ ᠲᠠᠢ︔ ᠡᠭᠦᠨ ᠤ ᠵᠡᠷᠭᠡᠴᠡᠭᠡᠪᠡᠷ ᠬᠤᠲᠠ ᠪᠠᠯᠭᠠᠰᠤᠨ ᠤ ᠬᠥᠭᠵᠢᠭᠰᠡᠨ ᠲᠣᠤᠷ ᠰᠦᠯᠵᠢᠶ᠎ᠡ ᠪᠣᠯᠤᠨ ᠳᠥᠭᠦᠮ ᠳᠥᠲᠡ ᠵᠠᠮ ᠬᠠᠷᠢᠯᠴᠠᠭ᠎ᠠ ᠵᠡᠷᠭᠡ ᠨᠥᠬᠦᠴᠡᠯ ᠨᠢ ᠬᠥᠮᠦᠰ ᠲᠤ ᠴᠢᠨᠠᠷ ᠰᠠᠶᠢᠲᠠᠶ ᠦᠢᠯᠡᠴᠢᠯᠡᠭᠡ ᠬᠠᠩᠭᠠᠬᠤ ᠶᠢᠨ ᠳᠠᠭᠠᠤ ᠪᠠᠰᠠ ᠬᠦᠨᠳᠤ ᠨᠤᠴᠢᠳᠠᠢ ᠬᠡᠷᠡᠭᠯᠡᠬᠡᠨ ᠤ ᠤᠷᠤᠰᠤᠨ ᠭᠠᠷᠬᠤ ᠦᠵᠡᠭᠳᠡᠯ ᠢ ᠪᠤᠢ ᠪᠤᠯᠭᠠᠵᠠᠢ᠃ ᠬᠥᠳᠡᠯᠮᠦᠷᠢ ᠬᠦᠴᠦᠨ ᠤ ᠬᠥᠮᠦᠨ ᠠᠮᠠ ᠶᠢᠨ ᠬᠤᠪᠢ ᠶᠢᠨ ᠵᠢᠩ ᠪᠠᠭᠤᠷᠠᠵᠤ᠂ 60 ᠨᠠᠰᠤ ᠵᠢᠴᠢ 60 ᠨᠠᠰᠤᠨ ᠠᠴᠠ ᠳᠡᠭᠡᠭᠰᠢᠬᠢ ᠬᠥᠮᠦᠨ ᠠᠮᠠ ᠶᠢᠨ ᠬᠤᠪᠢ ᠶᠢᠨ ᠵᠢᠩ ᠳᠡᠭᠡᠭᠰᠢᠯᠡᠭᠰᠡᠨ ᠠᠴᠠ ᠤᠯᠠᠮᠵᠢᠯᠠᠯᠲᠤ ᠬᠡᠷᠡᠭᠯᠡᠭᠡᠨ ᠤ ᠬᠦᠷᠢᠶ᠎ᠡ ᠴᠠᠷᠠᠨ ᠤ ᠬᠡᠷᠡᠭᠴᠡᠭᠡ ᠪᠠᠭᠠᠰᠴᠤ᠂ ᠬᠡᠷᠡᠭᠯᠡᠭᠡᠨ ᠤ ᠵᠦᠢᠯ ᠤᠨ ᠪᠦᠲᠦᠮᠵᠢᠲᠡᠶ ᠬᠠᠩᠭᠠᠯᠭ᠎ᠠ ᠳᠤ ᠨᠠᠩ ᠥᠨᠳᠥᠷ ᠱᠠᠭᠠᠷᠳᠠᠯᠭ᠎ᠠ ᠳᠤᠷᠠᠳᠴᠤ᠂ ᠡᠮ ᠡᠮᠨᠡᠯᠭᠡ ᠡᠷᠡᠭᠦᠯᠵᠢᠯ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠨᠠᠰᠤᠲᠠᠶᠢᠴᠤᠳ ᠤᠨ ᠵᠢᠭᠤᠯᠴᠢᠯᠠᠯ ᠵᠡᠷᠭᠡ ᠰᠢᠨ᠎ᠡ ᠪᠠᠷ ᠬᠥᠭᠵᠢᠭᠰᠡᠨ ᠬᠦᠷᠢᠶ᠎ᠡ ᠴᠠᠷᠠᠨ ᠤ ᠬᠡᠷᠡᠭᠴᠡᠭᠡ ᠱᠠᠭᠠᠷᠳᠠᠯᠭ᠎ᠠ ᠨᠡᠮᠡᠭᠳᠡᠪᠡ᠃ 0 — 14 ᠨᠠᠰᠤᠨ ᠤ ᠬᠥᠮᠦᠨ ᠠᠮᠠ ᠶᠢᠨ ᠬᠤᠪᠢ ᠶᠢᠨ ᠵᠢᠩ ᠳᠡᠭᠡᠭᠰᠢᠯᠡᠵᠦ᠂ ᠰᠤᠷᠭᠠᠨ ᠬᠥᠮᠦᠵᠢᠯ᠂ ᠵᠤᠭ᠎ᠠ ᠴᠡᠩᠭᠡᠯ᠂ ᠬᠤᠪᠴᠠᠰᠤ ᠬᠤᠨᠠᠷ ᠵᠡᠷᠭᠡ ᠬᠡᠦᠬᠡᠳ ᠤᠨ ᠬᠤᠯᠪᠣᠭᠳᠠᠯ ᠪᠦᠬᠦᠢ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠡᠷᠡᠭᠴᠡᠭᠡ ᠨᠡᠮᠡᠭᠳᠡᠵᠡᠢ᠃ ᠭᠡᠷ ᠪᠦᠯᠢ ᠶᠢᠨ ᠳᠤᠮᠳᠠᠴᠢ ᠡᠷᠦᠬᠡ ᠶᠢᠨ ᠬᠡᠪᠴᠢᠶ᠎ᠡ ᠪᠠᠭᠠᠰᠴᠤ᠂ ᠵᠢᠵᠢᠭ ᠬᠡᠯᠪᠡᠷᠢ ᠶᠢᠨ ᠭᠡᠷ ᠪᠦᠯᠢ ᠶᠢᠨ ᠬᠡᠷᠡᠭᠯᠡᠭᠡᠨ ᠤ ᠣᠨᠴᠠᠯᠢᠭ ᠨᠢ ᠣᠷᠣᠨ ᠰᠠᠭᠤᠴᠠ᠂ ᠭᠡᠷ ᠤᠨ ᠡᠳ᠋ᠯᠡᠯ ᠬᠡᠷᠡᠭᠰᠡᠯ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠬᠡᠷᠡᠭᠯᠡᠭᠡᠨ ᠤ ᠵᠠᠬ᠎ᠠ ᠳᠡᠯᠭᠡᠭᠦᠷ ᠤᠨ ᠦᠢᠯᠡᠳᠬᠦᠨ ᠪᠠ ᠦᠢᠯᠡᠴᠢᠯᠡᠭᠡᠨ ᠤ ᠲᠥᠷᠥᠯ ᠬᠡᠯᠪᠡᠷᠢ ᠶᠢ ᠨᠥᠯᠥᠭᠡᠯᠡᠬᠦ ᠪᠣᠯᠣᠨ᠎ᠠ᠂ ᠵᠢᠱᠢᠶᠡᠯᠡᠪᠡᠯ ᠵᠢᠵᠢᠭ ᠣᠷᠣᠨ ᠰᠠᠭᠤᠴᠠ ᠵᠢᠴᠢ ᠠᠵᠤ ᠠᠬᠤᠢ ᠶᠢᠨ ᠬᠡᠯᠪᠡᠷᠢ ᠶᠢᠨ ᠭᠡᠷ ᠤᠨ ᠡᠳ᠋ᠯᠡᠯ ᠤᠨ ᠬᠡᠷᠡᠭᠴᠡᠭᠡ ᠨᠡᠮᠡᠭᠳᠡᠬᠦ ᠪᠣᠯᠣᠨ᠎ᠠ᠃     ︵ᠭᠤᠷᠪᠠ︶ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠲᠠᠯ᠎ᠠ ᠪᠠᠷ     ᠬᠤᠳᠠ ᠪᠠᠯᠭᠠᠰᠤᠨ ᠤ ᠬᠥᠮᠥᠨ ᠠᠮᠠ ᠶᠢᠨ ᠬᠤᠪᠢ ᠶᠢᠨ ᠵᠢᠩ ᠢ ᠳᠡᠭᠡᠭᠰᠢᠯᠡᠭᠦᠯᠬᠦ ᠳᠤ ᠨᠡᠩ ᠵᠦᠢ ᠵᠣᠬᠢᠰᠲᠠᠢ ᠬᠤᠳᠠ ᠶᠢᠨ ᠲᠥᠯᠦᠪᠵᠢᠭᠦᠯᠭᠡ᠂ ᠨᠡᠩ ᠴᠢᠩᠭ᠎ᠠ ᠬᠤᠳᠠ ᠪᠠᠯᠭᠠᠰᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠬᠡᠷᠡᠭᠰᠡᠵᠦ᠂ ᠬᠤᠳᠠ ᠪᠠᠯᠭᠠᠰᠤᠨ ᠤ ᠳᠠᠭᠠᠭᠠᠬᠤ ᠴᠢᠳᠠᠪᠤᠷᠢ ᠪᠠ ᠶᠠᠰᠤ ᠴᠢᠨᠠᠷ ᠲᠤ ᠨᠡᠩ ᠥᠨᠳᠥᠷ ᠱᠠᠭᠠᠷᠳᠠᠯᠭ᠎ᠠ ᠳᠤᠷᠠᠳᠴᠠᠢ᠃ ᠬᠡᠦᠬᠡᠳ ᠤᠨ ᠬᠥᠮᠥᠨ ᠠᠮᠠ ᠶᠢᠨ ᠬᠤᠪᠢ ᠶᠢᠨ ᠵᠢᠩ ᠳᠡᠭᠡᠭᠰᠢᠯᠡᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ᠂ ᠲᠣᠬᠢᠷᠠᠭᠤᠯᠤᠯᠲᠠ ᠪᠠ ᠰᠢᠯᠢᠳᠡᠭᠵᠢᠭᠦᠯᠦᠯᠲᠡ ᠳᠤ ᠨᠠᠩ ᠥᠨᠳᠥᠷ ᠱᠠᠭᠠᠷᠳᠠᠯᠭ᠎ᠠ ᠳᠤᠷᠠᠳᠪᠠ᠂ ᠡᠭᠦᠨ ᠳᠤ ᠰᠤᠷᠭᠠᠭᠤᠯᠢ ᠶᠢᠨ ᠪᠠᠷᠢᠯᠭ᠎ᠠ ᠶᠢᠨ ᠨᠢᠭᠲᠠᠴᠠ᠂ ᠪᠠᠭᠰᠢ ᠶᠢᠨ ᠬᠦᠴᠦᠨ᠂ ᠠᠩᠭᠢ ᠶᠢᠨ ᠪᠠᠭᠲᠠᠭᠠᠮᠵᠢ᠂ ᠵᠢᠭᠠᠨ ᠰᠤᠷᠭᠠᠯᠲᠠ ᠶᠢᠨ ᠶᠠᠰᠤ ᠴᠢᠨᠠᠷ ᠵᠡᠷᠭᠡ ᠶᠢ ᠪᠠᠭᠲᠠᠭᠠᠨ᠎ᠠ᠃ 60 ᠨᠠᠰᠤ ᠵᠢᠴᠢ ᠲᠡᠭᠦᠨ ᠠᠴᠠ ᠳᠡᠭᠡᠭᠰᠢᠬᠢ ᠬᠥᠮᠦᠨ ᠠᠮᠠ ᠶᠢᠨ ᠬᠤᠪᠢ ᠶᠢᠨ ᠵᠢᠩ 2010 ᠣᠨ ᠤ 5.75% ᠠᠴᠠ ᠮᠡᠳᠡᠭᠳᠡᠬᠦ᠋ᠢᠴᠡ ᠳᠡᠭᠡᠭᠰᠢᠯᠡᠭᠡᠳ ᠣᠳᠣᠬᠠᠨ ᠤ 11.58% ᠳᠤ ᠬᠦᠷᠴᠦ᠂ ᠡᠭᠦᠨ ᠳᠤ 65 ᠨᠠᠰᠤ ᠵᠢᠴᠢ ᠲᠡᠭᠦᠨ ᠠᠴᠠ ᠳᠡᠭᠡᠭᠰᠢᠬᠢ ᠬᠥᠮᠦᠨ ᠠᠮᠠ ᠶᠢᠨ ᠡᠵᠡᠯᠡᠬᠦ ᠬᠠᠷᠢᠴᠠᠯ ᠨᠢ 7.30% ᠪᠣᠯᠵᠤ᠂ ᠨᠠᠰᠤᠵᠢᠬᠤ ᠬᠠᠨᠳᠤᠰᠢ ᠲᠦᠷᠭᠡᠰᠤᠨ᠂ ᠨᠠᠰᠤᠵᠢᠯ ᠤᠨ ᠠᠰᠠᠷᠠᠮᠵᠢ ᠶᠢᠨ ᠮᠥᠩᠭᠦ ᠥᠭᠬᠦ᠂ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠵᠡᠷᠭᠡ ᠲᠠᠯ᠎ᠠ ᠶᠢ ᠪᠠᠭᠳᠠᠭᠠᠭᠰᠠᠨ ᠨᠡᠶᠢᠭᠡᠮ ᠤᠨ ᠪᠠᠲᠤᠯᠠᠭ᠎ᠠ ᠶᠢᠨ ᠲᠤᠭᠳᠠᠯᠴᠠᠭ᠎ᠠ ᠳᠤ ᠨᠡᠩ ᠶᠡᠭᠡ ᠳᠠᠷᠤᠯᠲᠠ ᠤᠴᠠᠷᠠᠭᠤᠯᠵᠤ᠂ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠦᠷᠭᠦᠯᠵᠢᠯᠡᠬᠦ᠋ᠢᠴᠡ ᠴᠢᠨᠠᠷ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠬᠦ ᠴᠢᠨᠠᠷ ᠲᠤ ᠥᠷᠢᠰᠥᠯᠳᠦᠭᠡᠨ ᠳᠤᠯᠭᠠᠷᠠᠪᠠ᠃     ᠭᠤᠷᠪᠠ᠂ ᠠᠷᠭᠠᠴᠠᠬᠤ ᠪᠤᠳᠤᠯᠭ᠎ᠠ     ︵ᠨᠢᠭᠡ︶ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ     ᠳ᠋ᠦᠩᠱᠧᠩ ᠲᠣᠭᠤᠷᠢᠭ ᠤᠤᠯ ᠤᠨ ᠠᠵᠤ ᠠᠬᠤᠶ ᠶᠢᠨ ᠰᠠᠭᠤᠷᠢᠨ ᠳᠡᠭᠡᠷ᠎ᠡ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠬᠠᠷᠠᠯᠲᠠ ᠶᠢ ᠳᠠᠬᠢᠨ ᠰᠢᠨ᠎ᠡ ᠪᠠᠷ ᠲᠣᠭᠲᠠᠭᠠᠵᠤ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠵᠡᠷᠭᠡ ᠬᠤᠰᠢᠭᠤ ᠲᠣᠭᠤᠷᠢᠭ ᠯᠤᠭ᠎ᠠ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠤᠯᠠᠮ ᠨᠢᠭᠡ ᠠᠯᠬᠤᠮ ᠬᠠᠶᠢᠨ ᠰᠦᠪᠡᠭᠴᠢᠯᠡᠵᠦ᠂ ᠪᠦᠬᠦᠯᠢ ᠴᠣᠭᠴᠠ ᠶᠢᠨ ᠠᠵᠤ ᠠᠬᠤᠶ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠥᠭᠵᠢᠯᠲᠡ ᠶᠢᠨ ᠰᠢᠨ᠎ᠡ ᠠᠵᠠ ᠲᠣᠬᠢᠶᠠᠯ ᠢ ᠳᠠᠬᠢᠨ ᠴᠣᠭᠴᠠᠯᠠᠨ᠎ᠠ᠃     ︵ᠬᠤᠶᠠᠷ︶ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ     ᠵᠠᠮ ᠬᠠᠷᠢᠯᠴᠠᠭ᠎ᠠ᠂ ᠴᠢᠮᠡᠭᠡ ᠨᠡᠪᠲᠡᠷᠡᠯᠭᠡ ᠵᠡᠷᠭᠡ ᠰᠠᠭᠤᠷᠢ ᠴᠢᠨᠠᠷᠲᠠᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ᠂ ᠬᠥᠭᠵᠢᠯᠲᠡ ᠶᠢᠨ ᠣᠷᠴᠢᠨ ᠨᠥᠬᠦᠴᠡᠯ᠂ ᠨᠡᠶᠢᠭᠡᠮ ᠤᠨ ᠣᠷᠴᠢᠨ ᠨᠥᠬᠦᠴᠡᠯ ᠢ ᠰᠠᠶᠢᠵᠢᠷᠠᠭᠤᠯᠬᠤ ᠪᠠᠷ ᠭᠤᠣᠯᠯᠠᠭᠤᠯᠤᠨ ᠬᠤᠳᠠ ᠪᠠᠯᠭᠠᠰᠤᠨ ᠤ ᠴᠢᠳᠠᠮᠵᠢ ᠶᠢ ᠲᠡᠭᠦᠯᠳᠡᠷᠵᠢᠭᠦᠯᠵᠦ᠂ ᠥᠨᠳᠥᠷ ᠪᠦᠲᠦᠮᠵᠢᠲᠡᠶ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠵᠤ᠂ ᠬᠤᠳᠠ ᠪᠠᠯᠭᠠᠰᠤᠵᠢᠯᠲᠠ ᠶᠢᠨ ᠰᠠᠶᠢᠨ ᠣᠷᠴᠢᠯ ᠢ ᠠᠬᠢᠭᠤᠯᠤᠨ᠎ᠠ᠃ ᠡᠭᠦᠨ ᠤ ᠬᠠᠮᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠪᠠ ᠲᠠᠲᠠᠬᠤ ᠭᠦᠴᠦᠨ ᠢ ᠳᠡᠭᠡᠭᠰᠢᠯᠡᠭᠦᠯᠦᠨ᠎ᠡ᠃     ︵ᠭᠤᠷᠪᠠ︶ ᠬᠦᠳᠡᠯᠮᠦᠷᠢ ᠬᠦᠴᠦᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ     ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ︽ᠴᠢᠳᠠᠪᠤᠷᠢᠲᠠᠨ ᠢ ᠣᠷᠣᠭᠤᠯᠤᠨ ᠠᠪᠴᠢᠷᠠᠬᠤ︾ ᠲᠥᠯᠥᠪᠯᠡᠭᠡ ᠶᠢ ᠲᠠᠰᠤᠷᠠᠯᠲᠠ ᠦᠭᠡᠢ ᠠᠬᠢᠭᠤᠯᠬᠤ ᠶᠢᠨ ᠬᠠᠮᠲᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠨ᠂ ᠬᠥᠳᠡᠯᠮᠦᠷᠢ ᠬᠦᠴᠦᠨ ᠤ ᠬᠡᠪ ᠴᠢᠨᠠᠷ ᠢ ᠳᠡᠭᠡᠭᠰᠢᠯᠡᠭᠦᠯᠵᠦ᠂ ᠠᠵᠤ ᠦᠢᠯᠡᠰ ᠤᠨ ᠲᠠᠰ ᠳᠡᠪᠰᠢᠬᠦ ᠪᠠ ᠰᠢᠨ᠎ᠡ ᠪᠠᠷ ᠬᠥᠭᠵᠢᠭᠰᠡᠨ ᠠᠵᠢᠯ ᠲᠥᠷᠥᠯ ᠤᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠵᠣᠬᠢᠴᠠᠭᠤᠯᠤᠨ᠎ᠠ᠃ ᠬᠥᠳᠡᠯᠮᠦᠷᠢ ᠬᠦᠴᠦᠨ ᠤ ᠬᠠᠩᠭᠠᠯᠭ᠎ᠠ ᠶᠢᠨ ᠶᠠᠰᠤ ᠴᠢᠨᠠᠷ ᠢ ᠰᠠᠶᠢᠵᠢᠷᠠᠭᠤᠯᠬᠤ ᠪᠠ ᠠᠵᠤ ᠠᠬᠤᠢ ᠶᠢ ᠨᠡᠮᠡᠭᠳᠡᠬᠦᠯᠬᠦ ᠠᠷᠭ᠎ᠠ ᠮᠠᠶ᠋ᠢᠭ ᠬᠦᠴᠦᠨ ᠵᠦᠢᠯ ᠢᠶᠠᠷ ᠬᠥᠳᠡᠯᠭᠡᠭᠦᠷ ᠪᠣᠯᠭᠠᠵᠤ ᠪᠠᠶᠢᠭᠰᠠᠨ ᠠᠴᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠲᠡᠰᠢ ᠬᠤᠪᠢᠷᠠᠭᠤᠯᠬᠤ ᠶᠢ ᠠᠬᠢᠭᠤᠯᠤᠨ᠎ᠠ᠃     ︵ᠲᠦᠷᠪᠡ︶ ᠠᠵᠤ ᠦᠢᠯᠡᠰ ᠤᠨ ᠪᠦᠲᠦᠴᠡ ᠶᠢᠨ ᠳᠡᠰ ᠳᠡᠪᠰᠢᠬᠦ ᠶᠢ ᠠᠬᠢᠭᠤᠯᠤᠨ᠎ᠠ     ᠬᠥᠳᠡᠯᠮᠦᠷᠢ ᠶᠢᠨ ᠬᠦᠴᠦᠨ ᠤ ᠪᠦᠲᠦᠴᠡ ᠶᠢᠨ ᠬᠤᠪᠢᠷᠠᠯᠲᠠ ᠨᠢ ᠠᠵᠤ ᠦᠢᠯᠡᠰ ᠢ ᠲᠧᠭᠨᠢᠭ ᠮᠡᠷᠭᠡᠵᠢᠯ ᠳᠦᠪᠯᠡᠷᠡᠭᠰᠡᠨ ᠬᠡᠯᠪᠡᠷᠢ ᠪᠠ ᠮᠡᠳᠡᠯᠭᠡ ᠬᠤᠷᠠᠭᠰᠠᠨ ᠬᠡᠯᠪᠡᠷᠢ ᠲᠡᠰᠢ ᠬᠤᠪᠢᠷᠠᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠵᠤ᠂ ᠲᠧᠭᠨᠢᠭ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠪᠠ ᠠᠵᠤ ᠦᠢᠯᠡᠰ ᠤᠨ ᠲᠡᠰ ᠳᠡᠪᠰᠢᠬᠦ ᠶᠢ ᠠᠬᠢᠭᠤᠯᠵᠤ᠂ ᠠᠵᠤ ᠠᠬᠤᠢ ᠶᠢᠨ ᠨᠡᠮᠡᠭᠳᠡᠯ ᠤᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ᠃ ᠡᠭᠦᠨ ᠤ ᠬᠠᠮᠳᠤ ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠦᠢᠯᠡᠴᠢᠯᠡᠭᠡᠨ ᠤ ᠦᠢᠯᠡᠰ ᠢ ᠢᠳᠡᠪᠬᠢᠲᠡᠢ ᠪᠠᠷ ᠬᠥᠭᠵᠢᠭᠦᠯᠵᠦ᠂ ᠠᠵᠤ ᠠᠬᠤᠢ ᠶᠢᠨ ᠰᠢᠨ᠎ᠡ ᠨᠡᠮᠡᠭᠳᠡᠯ ᠴᠢᠭ ᠢ ᠪᠣᠶᠢᠵᠢᠭᠤᠯᠤᠨ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠢᠨ᠎ᠡ ᠬᠥᠳᠡᠯᠭᠡᠭᠴᠢ ᠬᠦᠴᠦᠨ ᠢ ᠨᠡᠮᠡᠷᠢᠯᠡᠨ᠎ᠡ᠃     ︵ᠲᠠᠪᠤ︶ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠭᠳᠠᠯᠴᠠᠭ᠎ᠠ ᠶᠢ ᠲᠡᠭᠦᠯᠳᠡᠷᠵᠢᠭᠦᠯᠦᠨ᠎ᠡ     ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠲᠠᠬᠢ ᠣᠷᠣᠭᠤᠯᠤᠯᠲᠠ ᠪᠠᠨ ᠨᠡᠮᠡᠭᠳᠡᠭᠦᠯᠵᠦ᠂ ᠣᠯᠠᠨ ᠳᠡᠰ ᠳᠠᠪᠬᠤᠷᠭ᠎ᠠ᠂ ᠣᠯᠠᠨ ᠡᠰᠢᠵᠢᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠭᠳᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠣᠯᠠᠨ ᠶᠠᠩᠵᠤᠴᠢᠯᠠᠭᠰᠠᠨ ᠬᠡᠷᠡᠭᠴᠡᠭᠡ ᠶᠢ ᠬᠠᠩᠭᠠᠵᠤ᠂ ᠨᠠᠰᠤᠲᠠᠶᠢᠴᠤᠳ ᠤᠨ ᠠᠮᠢᠳᠤᠷᠠᠯ ᠤᠨ ᠶᠠᠰᠤ ᠴᠢᠨᠠᠷ ᠪᠣᠯᠤᠨ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠳᠡᠭᠡᠭᠰᠢᠯᠡᠬᠦᠯᠦᠨ᠎ᠡ᠃ ᠡᠭᠦᠨ ᠤ ᠬᠠᠮᠲᠤ᠂ ᠡᠮ ᠡᠮᠨᠡᠯᠭᠡ ᠡᠷᠡᠭᠦᠯ ᠮᠡᠨᠳᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠵᠡᠷᠭᠡ ᠪᠤᠭᠤᠷᠤᠯᠴᠤᠳ ᠤᠨ ᠠᠵᠤ ᠦᠢᠯᠡᠰ ᠭᠡᠬᠦ ᠡᠨᠡ ᠬᠦ ᠠᠵᠤ ᠠᠬᠤᠢ ᠶᠢᠨ ᠰᠢᠨ᠎ᠡ ᠨᠡᠮᠡᠭᠳᠡᠯ ᠴᠢᠭ ᠢ ᠪᠤᠶᠢᠵᠢᠭᠤᠯᠬᠤ ᠨᠢ ᠬᠥᠮᠦᠨ ᠠᠮᠠ ᠶᠢᠨ ᠪᠦᠲᠦᠴᠡ ᠶᠢᠨ ᠠᠪᠴᠢᠷᠠᠭᠰᠠᠨ ᠴᠣ ᠰᠢᠨ᠎ᠡ ᠬᠥᠭᠵᠢᠯᠲᠡ ᠶᠢᠨ ᠠᠵᠠ ᠲᠣᠬᠢᠶᠠᠯ ᠪᠣᠯᠬᠤ ᠪᠠᠷ ᠪᠠᠷᠠᠬᠤ ᠦᠭᠡᠢ᠂ ᠪᠠᠰᠠ ᠴᠤ ᠬᠥᠮᠦᠨ ᠠᠮᠠ ᠶᠢᠨ ᠨᠠᠰᠤᠵᠢᠯ ᠢ ᠠᠷᠭᠠᠴᠠᠬᠤ ᠴᠢᠬᠤᠯᠠ ᠠᠭᠤᠯᠭ᠎ᠠ ᠪᠣᠯᠤᠨ᠎ᠠ᠃     ︵ᠵᠢᠷᠭᠤᠭ᠎ᠠ︶ ᠦᠷᠡᠵᠢᠯ ᠤᠨ ᠲᠦᠷᠦ ᠶᠢᠨ ᠪᠣᠳᠣᠯᠭ᠎ᠠ ᠶᠢ ᠴᠢᠩᠭᠠᠳᠬᠠᠨ᠎ᠠ     ᠦᠷᠡᠵᠢᠯ ᠤᠨ ᠨᠥᠬᠦᠪᠦᠷᠢ ᠬᠠᠩᠭᠠᠬᠤ᠂ ᠦᠷᠡᠵᠢᠯ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ᠂ ᠨᠢᠯᠬ᠎ᠠ ᠬᠡᠦᠬᠡᠳ ᠢ ᠠᠰᠠᠷᠠᠨ ᠬᠠᠷᠠᠭᠠᠯᠵᠠᠬᠤ ᠦᠢᠯᠡᠴᠢᠯᠡᠭᠡ ᠶᠢ ᠴᠢᠩᠭᠠᠳᠬᠠᠬᠤ ᠵᠡᠷᠭᠡ ᠦᠷᠡᠵᠢᠯ ᠤᠨ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠶᠢᠨ ᠬᠠᠮᠲᠤ ᠰᠢᠯᠢᠳᠡᠭᠵᠢᠭᠦᠯᠵᠦ᠂ ᠭᠡᠷ ᠪᠦᠯᠢ ᠶᠢᠨ ᠦᠷᠡᠵᠢᠯ ᠤᠨ ᠳᠠᠷᠤᠭᠠᠰᠤ ᠶᠢ ᠬᠥᠩᠭᠡᠷᠡᠭᠦᠯᠵᠦ᠂ ᠦᠷᠡᠵᠢᠯ ᠤᠨ ᠬᠦᠰᠡᠯ ᠡᠷᠡᠮᠡᠯᠵᠡᠯ ᠪᠠ ᠦᠷᠡᠵᠢᠯ ᠤᠨ ᠨᠤᠷᠮ᠎ᠠ ᠶᠢ ᠳᠡᠭᠡᠭᠰᠢᠯᠡᠭᠦᠯᠦᠨ᠎ᠡ᠃     ︵ᠳᠣᠯᠤᠭ᠎ᠠ︶ ᠰᠤᠷᠭᠠᠨ ᠬᠥᠮᠦᠵᠢᠯ ᠤᠨ ᠲᠡᠩᠴᠡᠭᠦᠷᠢᠰᠢᠯ ᠤᠨ ᠠᠬᠢᠴᠠ ᠶᠢ ᠲᠦᠷᠭᠡᠳᠬᠡᠨ᠎ᠡ     ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠣᠷᠣᠭᠤᠯᠤᠯᠲᠠ᠂ ᠢᠯᠠᠩᠭᠤᠶ᠎ᠠ ᠬᠥᠳᠡᠭᠡ ᠲᠣᠰᠬᠤᠨ ᠤ ᠰᠤᠷᠭᠠᠨ ᠬᠥᠮᠦᠵᠢᠯ ᠤᠨ ᠣᠷᠣᠭᠤᠯᠤᠯᠲᠠ ᠶᠢ ᠨᠡᠮᠡᠭᠳᠡᠭᠦᠯᠵᠦ᠂ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠠᠬᠢᠭᠤᠯᠤᠨ᠎ᠠ᠃ ᠡᠭᠦᠨ ᠤ ᠬᠠᠮᠲᠤ᠂ ᠰᠤᠷᠭᠠᠨ ᠬᠥᠮᠦᠵᠢᠯ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ ᠠᠵᠤ ᠦᠢᠯᠡᠰ ᠤᠨ ᠬᠥᠭᠵᠢᠯᠲᠡ ᠲᠠᠢ ᠵᠣᠯᠭᠠᠭᠤᠯᠬᠤ ᠶᠢ ᠴᠢᠩᠭᠠᠳᠬᠠᠨ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠨᠡᠶᠢᠴᠡᠬᠦ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠢ ᠨᠠᠩ ᠣᠯᠠᠨ ᠬᠥᠮᠥᠵᠢᠭᠦᠯᠦᠨ᠎ᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ