ᠬᠠᠨ ᠲᠤᠤ ᠳ᠋ᠦᠩᠱᠧᠩ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/3
    9 ᠰᠠᠷ᠎ᠠ ᠶᠢᠨ 2  ᠤᠨ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠳ᠋ᠦᠩᠱᠧᠩ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠠᠭᠠᠷ ᠤᠨ ᠴᠢᠨᠠᠷ ᠢ ᠳᠡᠭᠡᠭᠰᠢᠯᠡᠭᠦᠯᠬᠦ ᠵᠡᠷᠭᠡ ᠭᠤᠣᠯᠳᠠᠯᠭ᠎ᠠ ᠲᠠᠢ ᠠᠵᠢᠯ ᠢ ᠰᠤᠳᠤᠯᠤᠨ ᠲᠣᠬᠢᠷᠠᠭᠤᠯᠵᠠᠢ᠃     ᠬᠤᠷᠠᠯ ᠳᠡᠭᠡᠷ᠎ᠡ᠂ ᠣᠷᠳᠣᠰ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠳ᠋ᠦᠩᠱᠧᠩ ᠲᠣᠭᠤᠷᠢᠭ ᠤᠨ ᠬᠤᠪᠢᠶᠠᠷᠢ ᠲᠣᠪᠴᠢᠶ᠎ᠠ ᠠᠴᠠ ᠡᠨᠡ ᠵᠢᠯ ᠠᠴᠠ ᠨᠠᠰᠢᠬᠢ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶᠡᠨ ᠳᠠᠬᠢ ᠭᠤᠣᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠢ ᠵᠠᠷᠯᠠᠵᠤ᠂ ᠡᠯ᠎ᠡ ᠲᠤᠭᠤᠷᠢᠭ ᠤᠨ ᠳᠡᠳ᠋ ᠳᠠᠷᠤᠭ᠎ᠠ ᠨᠠᠷ ᠠᠴᠠ ᠬᠤᠪᠢᠶᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠭᠤᠣᠯᠳᠠᠯᠭ᠎ᠠ ᠲᠠᠢ ᠠᠵᠢᠯ ᠳᠤ ᠪᠠᠨ ᠪᠣᠳᠠᠲᠠᠢ ᠪᠠᠶᠢᠷᠢᠯᠠᠭᠤᠯᠤᠯᠲᠠ ᠬᠢᠵᠡᠢ᠃     ᠬᠤᠷᠠᠯ ᠠᠴᠠ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠪᠣᠯ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ ︽ᠤᠯᠤᠰ ᠤᠨ ᠶᠡᠭᠡ ᠶᠠᠪᠤᠳᠠᠯ︾ ᠪᠣᠯᠣᠨ᠎ᠠ᠃ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠵᠦ᠂ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠠᠭᠠᠷ ᠮᠠᠨᠳᠠᠯ ᠤᠨ ᠣᠷᠴᠢᠨ ᠲᠣᠭᠤᠷᠢᠨ ᠤ ᠶᠠᠰᠤ ᠴᠢᠨᠠᠷ ᠢ ᠪᠦᠬᠦ ᠲᠠᠯ᠎ᠠ ᠪᠠᠷ ᠰᠠᠶᠢᠵᠢᠷᠠᠭᠤᠯᠤᠨ ᠳᠡᠭᠡᠭᠰᠢᠯᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶᠡᠨ ᠳᠠᠬᠢ ᠡᠯ᠎ᠡ ᠵᠦᠢᠯ ᠤᠨ ᠠᠵᠢᠯ ᠡᠭᠦᠷᠭᠡ ᠶᠢ ᠲᠡᠬᠡᠳᠤ ᠪᠠᠷᠢᠮᠵᠢᠶ᠎ᠠ᠂ ᠴᠢᠨᠠᠷ ᠰᠠᠶᠢᠲᠠᠢ᠂ ᠥᠨᠳᠥᠷ ᠦᠷ᠎ᠡ ᠪᠦᠲᠦᠮᠵᠢᠲᠡᠢ ᠪᠠᠷ ᠰᠠᠶᠢᠲᠤᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠨ᠂ ᠦᠩᠭᠡᠨ ᠲᠠᠯ᠎ᠠ ᠪᠠ ᠦᠨᠳᠦᠰᠦ ᠠᠴᠠ  ᠨᠢ ᠵᠠᠰᠠᠬᠤ ᠶᠢ ᠪᠠᠷᠢᠮᠲᠠᠯᠠᠵᠤ᠂ ᠤᠨᠢᠨ ᠳᠡᠭᠡᠷ᠎ᠡ ᠨᠢ ᠳᠦᠷᠦᠯ ᠬᠤᠪᠢᠶᠠᠨ ᠳᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠮᠥᠷᠳᠡᠨ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠨ᠂ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠦᠷ᠎ᠡ ᠪᠦᠲᠦᠮᠵᠢ ᠶᠢ ᠪᠦᠬᠦ ᠬᠦᠴᠦᠨ ᠢᠶᠠᠷ ᠳᠡᠭᠡᠭᠰᠢᠯᠡᠭᠦᠯᠬᠦ ᠬᠡᠷᠡᠭᠲᠡᠢ᠃ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠪᠠᠷᠢᠮᠲᠠᠯᠠᠵᠤ᠂ ᠡᠮᠦᠨ᠎ᠡ ᠬᠤᠶᠢᠨᠠᠬᠢ ᠶᠢ ᠵᠤᠯᠭᠠᠯᠴᠠᠭ᠎ᠠ ᠶᠢ ᠰᠠᠶᠢᠲᠤᠷ ᠬᠢᠵᠦ᠂ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠭᠦᠨᠵᠡᠭᠡᠢ ᠵᠠᠳᠠᠯᠤᠨ ᠰᠤᠳᠤᠯᠵᠤ᠂ ᠠᠬᠢᠴᠠ ᠶᠢ ᠠᠩᠬᠠᠷᠤᠨ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠯᠲᠠ ᠶᠢᠨ ᠴᠢᠳᠠᠪᠤᠷᠢ ᠶᠢ ᠡᠬᠢ ᠡᠭᠦᠰᠦᠯ ᠠᠴᠠ ᠨᠢ ᠳᠡᠭᠡᠭᠰᠢᠯᠡᠭᠦᠯᠬᠦ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠤᠬᠢᠷᠠᠭᠤᠯᠤᠯᠳᠠ ᠬᠢᠬᠦ ᠶᠢ  ᠴᠢᠩᠭᠠᠳᠬᠠᠨ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠣᠬᠢᠷᠠᠭᠤᠯᠤᠯᠲᠠ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠢᠯ ᠤᠨ ᠳᠤᠮᠳᠠ ᠢᠯᠡᠷᠡᠭᠰᠡᠨ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠠᠷᠭ᠎ᠠ ᠬᠡᠮᠵᠢᠶ᠎ᠡ ᠶᠢ ᠵᠦᠢᠯ ᠳᠠᠷᠠᠭᠠᠯᠠᠨ ᠨᠠᠷᠢᠯᠢᠭᠵᠢᠭᠤᠯᠵᠤ᠂ ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠳᠬᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠤᠬᠠᠭᠤᠯᠭ᠎ᠠ ᠵᠢᠯᠤᠭᠤᠳᠤᠯᠭ᠎ᠠ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠶᠢᠨ ᠣᠷᠳᠣ ᠬᠤᠭᠤᠴᠠᠭᠠᠨ ᠤ ᠪᠦᠲᠦᠮᠵᠢᠲᠡᠶ ᠴᠢᠨᠠᠷ ᠢ ᠲᠣᠪᠤᠶᠢᠯᠭᠠᠨ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠵᠡᠷᠬᠡᠪᠡᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠥᠬᠦ ᠲᠠᠯ᠎ᠠ ᠪᠠᠷ ᠪᠦᠷᠢᠯᠳᠦᠬᠦᠯᠬᠦ ᠬᠡᠷᠡᠭᠲᠡᠢ᠃ ᠪᠣᠬᠢᠷᠲᠤᠯ ᠢ ᠰᠡᠷᠭᠡᠶᠢᠯᠡᠨ ᠵᠠᠰᠠᠬᠤ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠭᠤᠷᠬᠠᠢ ᠶᠢᠨ ᠣᠷᠣᠨ᠂ ᠬᠦᠷᠢᠶᠡᠯᠡᠩ ᠲᠣᠭᠤᠷᠢᠭ᠂ ᠬᠤᠳᠠ ᠶᠢᠨ ᠲᠣᠭᠤᠷᠢᠭ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠠᠩᠬᠠᠷᠴᠤ᠂ ᠲᠣᠭᠤᠰᠣ ᠰᠢᠷᠣᠢ ᠲᠡᠭᠳᠡᠬᠦ ᠶᠢ ᠬᠠᠮᠢᠶᠠᠷᠤᠨ ᠡᠵᠡᠮᠳᠡᠬᠦ᠂ ᠲᠠᠷᠬᠠᠢ ᠪᠠᠷ ᠨᠡᠭᠦᠷᠡᠰᠦ ᠰᠢᠲᠠᠭᠠᠬᠤ ᠶᠢ ᠵᠠᠰᠠᠬᠤ᠂ ᠮᠠᠰᠢᠨ ᠲᠡᠷᠭᠡᠨ ᠤ ᠭᠠᠳᠠᠭᠰᠢᠯᠠᠭᠤᠯᠤᠯᠲᠠ ᠶᠢ ᠪᠠᠭᠠᠰᠬᠠᠬᠤ᠂ ᠢᠳᠡᠭᠡᠨ ᠤᠮᠳᠠᠭᠠᠨ ᠤ ᠲᠤᠰᠤᠨ ᠤ ᠤᠲᠤᠭ᠎ᠠ ᠶᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠴᠢᠩᠭ᠎ᠠ ᠪᠥᠭᠡᠳ ᠪᠣᠳᠠᠲᠠᠢ ᠬᠠᠮᠢᠶᠠᠷᠤᠨ᠂ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠵᠦ᠂ ᠠᠭᠠᠷ ᠤᠨ ᠶᠠᠰᠤ ᠴᠢᠨᠠᠷ ᠤᠨ ᠦᠷᠭᠦᠯᠵᠢᠯᠡᠨ ᠰᠠᠶᠢᠵᠢᠷᠠᠬᠤ ᠶᠢ ᠦᠨᠡᠨᠬᠦ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠲᠣᠭᠤᠷᠢᠭ ᠤᠨ ᠤᠳᠤᠷᠢᠳᠤᠯᠭ᠎ᠠ ᠳ᠋ᠦ᠋ ᠵᠢᠤᠸᠠᠨ᠂ ᠶᠠᠩ ᠶᠦᠨ᠂ ᠸᠠᠩ ᡁᠢ᠂ ᠵᠠᠩ ᠵᠢᠶᠠᠨ ᠬᠥᠩ᠂ ᠸᠠᠩ ᠱᠧᠩ ᠷᠦᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠣᠷᠣᠯᠴᠠᠵᠠᠢ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ