ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠣᠷᠳᠣᠰ ᠬᠤᠳᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠵᠢᠴᠢ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/6
    9 ᠰᠠᠷ᠎ᠠ ᠶᠢᠨ 4  ᠤ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠣᠷᠳᠣᠰ ᠬᠤᠳᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠵᠢᠴᠢ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠲᠣᠭᠤᠷᠢᠭ ᠤᠨ ᠳᠦᠷᠪᠡᠨ ᠶᠡᠭᠡ ᠪᠠᠭ ᠤᠨ ᠪᠠᠶᠢᠭᠤᠯᠭ᠎ᠠ ᠳᠤ ᠪᠠᠨ ᠪᠠᠶᠢᠭ᠎ᠠ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠠᠢ᠃      ᠬᠤᠷᠠᠯ ᠠᠴᠠ ᠣᠷᠳᠣᠰ  ᠰᠢᠨᠵᠢᠯᠡᠭᠡᠨ ᠤ ᠰᠤᠳᠤᠯᠭᠠᠨ ᠤ ᠨᠡᠶᠢᠭᠡᠮᠯᠢᠭ ᠤᠨ ᠳᠠᠷᠤᠭ᠎ᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠣᠷᠳᠣᠰ ᠬᠤᠳᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ ᠴᠢ ᠬᠠᠢ ᠯᠢᠨ ᠫᠷᠦᠹᠧᠰᠰᠤᠷ ᠢ ᠤᠷᠢᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢᠨ ᠲᠣᠭᠤᠷᠢᠨ ᠳᠤ ᠲᠤᠰᠬᠠᠢ ᠰᠡᠳᠦᠪᠲᠦ ᠤᠬᠠᠭᠤᠯᠭ᠎ᠠ ᠲᠠᠶᠢᠯᠤᠮᠵᠢ ᠬᠢᠯᠬᠡᠵᠡᠢ᠃ ᠲᠠᠶᠢᠯᠤᠮᠵᠢ ᠨᠢ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠵᠥᠪ ᠴᠢᠭᠯᠡᠯ ᠢ ᠣᠨᠣᠪᠴᠢᠲᠠᠢ ᠪᠥᠭᠡᠳ ᠪᠠᠲᠤᠲᠠᠢ ᠠᠳᠬᠤᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠰᠢᠨᠵᠢᠯᠡᠬᠦ ᠤᠬᠠᠭᠠᠨᠴᠢ ᠠᠷᠭ᠎ᠠ ᠶᠢ ᠡᠵᠡᠮᠰᠢᠨ ᠬᠡᠷᠡᠭᠯᠡᠬᠦ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠢᠰᠲ᠋ᠧᠮ ᠲᠠᠢ ᠪᠥᠭᠡᠳ ᠭᠦᠨᠵᠡᠭᠡᠢ ᠲᠠᠶᠢᠯᠪᠤᠷᠢᠯᠠᠵᠠᠢ᠃     ᠬᠤᠷᠠᠯ ᠠᠴᠠ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠲᠤᠰ ᠤᠳᠠᠭᠠᠨ ᠤ ᠤᠬᠠᠭᠤᠯᠭ᠎ᠠ ᠲᠠᠶᠢᠯᠤᠮᠵᠢ ᠪᠠᠷ ᠠᠵᠠ ᠲᠣᠬᠢᠶᠠᠯ ᠪᠣᠯᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠠᠪᠤᠳᠠᠯ ᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠨᠢᠭᠡᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠪᠥᠬᠦᠳᠡ ᠬᠤᠷᠠᠯ ᠤᠨ ᠵᠣᠷᠢᠭ ᠰᠠᠨᠠᠭᠠᠨ ᠤ ᠭᠤᠣᠯ ᠴᠢᠮᠦᠭᠡ ᠴᠢᠬᠤᠯᠠ ᠠᠭᠤᠯᠭ᠎ᠠ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠨ ᠣᠶᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠨᠡᠪᠳᠡᠷᠡᠯᠴᠡᠬᠦᠯᠵᠤ᠂ ᠮᠡᠳᠡᠬᠦ ᠢᠲᠡᠭᠡᠬᠦ ᠦᠢᠯᠡᠳᠦᠯᠬᠡᠵᠢᠬᠦᠯᠬᠦ ᠶᠢ ᠨᠢᠭᠡᠳᠬᠡᠬᠦ ᠶᠢ ᠦᠨᠡᠨ ᠬᠦ ᠪᠡᠶᠡᠯᠡᠬᠦᠯᠬᠦ ᠬᠡᠷᠡᠭᠳᠠᠢ᠃ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠨᠡᠮᠡᠭᠳᠡᠭᠦᠯᠬᠦ᠂ ᠬᠥᠭᠵᠢᠯᠲᠡ ᠶᠢᠨ ᠳᠠᠪᠠᠭᠤᠯᠢᠭ ᠢ ᠵᠤᠵᠠᠭᠠᠳᠬᠠᠬᠤ᠂ ᠬᠥᠭᠵᠢᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠴᠢᠬᠤᠯᠠ ᠭᠠᠷᠳᠠᠴᠠ ᠪᠣᠯᠭᠠᠵᠤ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ᠂ ︽ᠭᠤᠷᠪᠠᠨ ᠳᠥᠷᠪᠡ︾ ᠶᠢᠨ ᠬᠠᠷᠠᠯᠲᠠ ᠡᠭᠦᠷᠭᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠬᠤ ᠪᠠ ︽ᠭᠤᠷᠪᠠᠨ ᠲᠤᠭᠤᠷᠢᠭ ᠳᠥᠷᠪᠡᠨ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠪᠥᠬᠦ ᠶᠠᠪᠤᠴᠠ ᠶᠢᠨ ᠡᠯ᠎ᠡ ᠲᠠᠯ᠎ᠠ ᠳᠤ ᠲᠤᠤᠱᠯᠠᠭᠤᠯᠤᠨ᠂ ᠡᠯ᠎ᠡ ᠵᠦᠢᠯ ᠤᠨ ᠠᠵᠢᠯ ᠢᠶᠠᠨ ᠨᠠᠩ ᠰᠡᠷᠭᠡᠭ ᠪᠥᠭᠡᠳ ᠣᠶᠤᠨᠴᠢ ᠪᠠᠷ ᠪᠣᠳᠠᠲᠠᠢ ᠰᠠᠶᠢᠲᠤᠷ ᠬᠢᠵᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠳ᠋ᠦᠩᠱᠧᠩ ᠳᠤ ᠨᠠᠶᠢᠳᠠᠪᠤᠷᠢᠵᠢᠭᠤᠯᠤᠭᠳᠠᠵᠤ᠂ ᠴᠡᠴᠡᠭᠯᠡᠨ ᠵᠢᠮᠢᠰᠯᠡᠬᠦ ᠶᠢ ᠦᠨᠡᠨ ᠬᠦ ᠪᠠᠲᠤᠯᠠᠬᠤ ᠬᠡᠷᠡᠭᠲᠡᠢ ᠬᠡᠵᠤ ᠱᠠᠭᠠᠷᠳᠠᠪᠠ᠃      ᠲᠤᠭᠤᠷᠢᠭ ᠤᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠳ ᠣᠷᠣᠯᠴᠠᠵᠠᠢ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ