ᠨᠤᠶᠢᠷ ᠮᠠᠭᠤᠳᠠᠢ ᠬᠦᠮᠦᠰ ᠡᠳᠡᠬᠡᠷ ᠠᠷᠭ᠎ᠠ ᠶᠢ ᠳᠤᠷᠰᠢᠵᠤ ᠦᠵᠡᠬᠡᠷᠡᠢ︕
ᠨᠡᠶᠢᠲᠡᠯᠡᠭᠰᠡᠨ ᠴᠠᠭ᠄
2024/9/6
      ᠠᠰᠠᠭᠤᠯᠳᠠ᠄       ᠨᠤᠶᠢᠷ ᠮᠠᠭᠤᠳᠠᠢ ᠦᠶᠡᠰ ᠨᠢᠳᠤ ᠪᠠᠨ ᠠᠨᠢᠵᠤ ᠬᠡᠪᠳᠡᠬᠦ ᠨᠢ ᠶᠠᠳᠠᠷᠠᠭ᠎ᠠ ᠶᠢ ᠳᠠᠶᠢᠯᠬᠤ ᠦᠢᠯᠡᠳᠤᠯ ᠲᠠᠢ ᠤᠤ︖       ᠬᠠᠷᠢᠭᠤᠯᠳᠠ᠄       ᠶᠠᠳᠠᠷᠠᠭ᠎ᠠ ᠶᠢ ᠳᠠᠶᠢᠯᠬᠤ ᠦᠢᠯᠡᠳᠤᠯ ᠲᠠᠢ       ᠰᠤᠳᠤᠯᠭᠠᠨ ᠳᠤ ᠢᠯᠡᠷᠡᠬᠦᠯᠦᠭᠰᠡᠨ ᠢᠶᠠᠷ᠂ ᠬᠦᠮᠦᠰ ᠨᠢᠳᠤ ᠪᠠᠨ ᠠᠨᠢᠵᠤ ᠬᠡᠪᠳᠡᠬᠦ ᠦᠶ᠎ᠡ ᠳᠤ ᠶᠡᠭᠡ ᠳᠠᠷᠢᠬᠢ ᠨᠡᠩ ᠤᠯᠠᠨ ᠳᠤᠯᠬᠢᠶᠠᠨ ᠰᠠᠴᠤᠷᠠᠭᠤᠯᠳᠠᠭ᠃ ᠡᠨᠡ ᠦᠶ᠎ᠡ ᠳᠤ ᠳᠠᠷᠢᠬᠢᠨ ᠤ ᠴᠠᠬᠢᠯᠭᠠᠨ ᠳᠤᠯᠬᠢᠶᠠᠨ ᠤ ᠢᠯᠡᠷᠡᠯ ᠨᠢ ᠤᠨᠳᠠᠬᠤ ᠦᠶ᠎ᠡ ᠶᠢᠨ ᠬᠢᠨ ᠲᠠᠢ ᠦᠨᠳᠤᠰᠤᠨ ᠳᠤ ᠪᠠᠨ ᠠᠳᠠᠯᠢ ᠪᠤᠯᠬᠤᠷ ᠶᠡᠭᠡ ᠳᠠᠷᠢᠬᠢ ᠴᠤ ᠠᠮᠠᠷᠠᠳᠠᠭ᠃       ᠳᠤᠬᠢᠷᠠᠮᠵᠢᠳᠡᠢ ᠤᠨᠳᠠᠯᠭ᠎ᠠ ᠶᠢᠨ ᠤᠷᠴᠢᠨ ᠢ ᠰᠤᠩᠭᠤᠨ᠎ᠠ       ᠤᠨᠳᠠᠯᠭ᠎ᠠ ᠶᠢᠨ ᠦᠷᠦᠬᠡᠨ ᠳᠤ ᠪᠠᠨ ᠬᠡᠷᠡᠯ ᠢ ᠬᠠᠯᠬᠠᠯᠠᠬᠤ ᠵᠤᠵᠠᠭᠠᠨ ᠴᠤᠩᠬᠤᠨ ᠤ ᠪᠦᠳᠦᠬᠡᠯᠬᠡ ᠡᠯᠬᠦᠵᠤ᠂ ᠠᠯᠢ ᠴᠢᠳᠠᠬᠤ ᠪᠠᠷ ᠴᠠᠬᠢᠯᠭᠠᠨ ᠬᠡᠷᠡᠭᠰᠡᠯ ᠳᠠᠯᠪᠢᠬᠤ ᠦᠬᠡᠢ ᠪᠤᠯ ᠰᠠᠶᠢᠨ᠂ ᠵᠢᠱᠢᠶᠡᠯᠡᠪᠡᠯ ᠭᠠᠷ ᠤᠳᠠᠰᠤ ᠪᠠᠨ ᠳᠠᠷ᠎ᠠ  ᠶᠢᠨ ᠬᠠᠵᠠᠭᠤ ᠳᠤ ᠪᠠᠨ ᠳᠠᠯᠪᠢᠬᠤ ᠦᠬᠡᠢ᠃       ᠰᠡᠳᠬᠢᠯ ᠰᠠᠨᠠᠭ᠎ᠠ ᠪᠠᠨ ᠠᠭᠤᠵᠢᠭᠤ ᠳᠠᠯᠪᠢᠨ᠎ᠠ       ᠦᠪᠡᠷ ᠤᠨ ᠰᠡᠳᠬᠢᠯ ᠰᠠᠨᠠᠭ᠎ᠠ ᠪᠠᠨ ᠳᠤᠭᠳᠠᠭᠤᠨ ᠪᠠᠶᠢᠯᠭᠠᠵᠤ᠂ ᠤᠨᠳᠠᠬᠤ ᠠᠴᠠ ᠪᠠᠨ ᠡᠮᠤᠨ᠎ᠡ ᠢᠳᠡᠪᠬᠢ ᠪᠤᠰᠤ ᠵᠦᠢᠯᠡᠰ ᠢ ᠪᠤᠳᠤᠬᠤ ᠦᠬᠡᠢ ᠮᠦᠷᠳᠡᠬᠡᠨ ᠤᠨᠳᠠᠯᠭ᠎ᠠ ᠳᠤ ᠪᠠᠨ ᠪᠡᠯᠡᠳᠬᠡᠯ ᠬᠢᠨ᠎ᠡ᠃       ᠪᠦᠯᠢᠶᠡᠨ ᠤᠰᠤ ᠪᠠᠷ ᠪᠡᠶ᠎ᠡ ᠪᠠᠨ ᠤᠬᠢᠶᠠᠨ᠎ᠠ       ᠤᠨᠳᠠᠬᠤ ᠠᠴᠠ ᠪᠠᠨ ᠡᠮᠤᠨ᠎ᠡ ᠪᠦᠯᠢᠶᠡᠨ ᠤᠰᠤ ᠪᠠᠷ ᠪᠡᠶ᠎ᠡ ᠪᠠᠨ ᠤᠬᠢᠶᠠᠪᠠᠯ ᠪᠡᠶ᠎ᠡ ᠮᠠᠬᠠᠪᠤᠳ ᠳᠠᠯᠪᠢᠭᠤᠷᠠᠵᠤ ᠨᠡᠩ ᠠᠮᠠᠷᠬᠠᠨ ᠤᠨᠳᠠᠵᠤ ᠳᠡᠶᠢᠯᠦᠨ᠎ᠡ᠃       ᠵᠤᠬᠢᠰᠳᠠᠢ ᠬᠦᠳᠡᠯᠬᠡᠬᠡᠨ ᠬᠢᠨ᠎ᠡ       ᠬᠦᠳᠡᠯᠬᠡᠬᠡᠨ ᠬᠢᠬᠦ ᠴᠠᠭ ᠪᠠ ᠬᠦᠨᠳᠤᠴᠠ ᠶᠢ ᠬᠤᠪᠢ ᠪᠡᠶ᠎ᠡ ᠶᠢᠨ ᠪᠠᠶᠢᠳᠠᠯ ᠢᠶᠠᠨ ᠦᠨᠳᠤᠰᠤᠯᠡᠨ᠂ ᠬᠦᠴᠢᠯᠳᠦ᠋ᠷᠦᠭᠴᠢᠳᠤ ᠳᠠᠮᠢᠷ ᠢ ᠢᠯᠡᠬᠦᠬᠡᠨ ᠰᠤᠩᠭᠤᠪᠠᠯ ᠵᠤᠬᠢᠨ᠎ᠠ᠃
ᠢᠷᠡᠯᠲᠡ᠄ ︽ᠦᠪᠦᠷ ᠮᠤᠩᠭᠤᠯ ᠤᠨ ᠡᠮᠡᠭᠳᠡᠶᠢᠴᠤᠳ︾ ᠰᠡᠳᠬᠦᠯ