ᠵᠠᠯᠠᠭᠤᠴᠤᠳ ᠪᠠᠭᠠᠴᠤᠳ ᠳᠠᠮᠢᠷ ᠤᠨ ᠬᠦᠳᠡᠯᠬᠡᠬᠡᠨ ᠬᠢᠬᠦ ᠳᠤ ᠠᠩᠬᠠᠷᠬᠤ ᠵᠦᠢᠯᠡᠰ
ᠨᠡᠶᠢᠲᠡᠯᠡᠭᠰᠡᠨ ᠴᠠᠭ᠄
2024/9/8
        ᠦᠰᠦᠨ ᠪᠤᠶᠢᠵᠢᠯᠳᠡ ᠶᠢᠨ ᠬᠤᠭᠤᠴᠠᠭᠠᠨ ᠳᠤ ᠪᠠᠶᠢᠭ᠎ᠠ ᠵᠠᠯᠠᠭᠤᠴᠤᠳ ᠪᠠᠭᠠᠴᠤᠳ ᠪᠡᠶ᠎ᠡ ᠶᠢᠨ ᠳᠠᠮᠢᠷ  ᠤᠨ ᠬᠦᠳᠡᠯᠬᠡᠬᠡᠨ ᠬᠢᠬᠦ ᠳᠠᠳᠬᠠᠯ ᠲᠠᠢ ᠪᠤᠯᠬᠤ ᠨᠢ ᠪᠡᠶ᠎ᠡ ᠶᠢᠨ ᠡᠷᠡᠬᠦᠯ ᠴᠢᠬᠢᠷᠠᠭ ᠲᠤ ᠳᠤᠰᠠᠳᠠᠢ ᠪᠠᠶᠢᠳᠠᠭ᠂ ᠳᠡᠬᠡᠪᠡᠯ ᠵᠠᠯᠠᠭᠤᠴᠤᠳ ᠪᠠᠭᠠᠴᠤᠳ ᠳᠠᠮᠢᠷ ᠤᠨ ᠬᠦᠳᠡᠯᠬᠡᠬᠡᠨ ᠬᠢᠬᠦ ᠶᠠᠪᠤᠴᠠ ᠳᠤ ᠬᠡᠷᠬᠢᠨ ᠬᠦᠳᠡᠯᠬᠡᠬᠡᠨ ᠤ ᠬᠡᠮᠳᠤᠯ ᠠᠴᠠ ᠰᠡᠷᠬᠡᠶᠢᠯᠡᠬᠦ ᠪᠤᠢ︖       ᠬᠦᠳᠡᠯᠬᠡᠬᠡᠨ ᠬᠢᠬᠦ ᠠᠴᠠ ᠡᠮᠤᠨ᠎ᠡ ᠪᠡᠶ᠎ᠡ ᠪᠠᠨ ᠬᠠᠯᠠᠭᠤᠯᠬᠤ ᠬᠦᠳᠡᠯᠬᠡᠬᠡᠨ ᠬᠢᠬᠦ ᠬᠡᠷᠡᠭᠳᠡᠢ᠂ ᠵᠢᠱᠢᠶᠡᠯᠡᠪᠡᠯ ᠤᠳᠠᠭᠠᠨ ᠬᠦᠶᠦᠬᠦ ᠵᠡᠷᠬᠡ ᠳᠤᠤᠷ᠎ᠠ ᠬᠦᠴᠦᠯᠡᠴᠡ ᠲᠠᠢ ᠪᠤᠯᠪᠠᠰᠤᠷᠠᠯ ᠬᠢᠬᠦ ᠪᠤᠶᠤ ᠬᠦᠳᠡᠯᠦᠩᠬᠦᠢ ᠪᠠᠷ ᠰᠤᠩᠭᠠᠵᠤ᠂ ᠪᠤᠯᠴᠢᠩ ᠤᠨ ᠳᠤᠯᠠᠭᠠᠨ ᠤ ᠬᠡᠮᠵᠢᠶ᠎ᠡ ᠶᠢ ᠳᠡᠬᠡᠭᠰᠢᠯᠡᠬᠦᠯᠵᠤ᠂ ᠴᠢᠰᠤᠨ ᠤ ᠡᠷᠬᠢᠯᠳᠡ ᠶᠢ ᠠᠬᠢᠭᠤᠯᠤᠨ᠂ ᠪᠤᠯᠴᠢᠩ ᠪᠠ ᠦᠶ᠎ᠡ ᠬᠡᠰᠢᠬᠦᠦ ᠶᠢᠨ ᠰᠢᠷᠬᠠᠳᠤᠬᠤ ᠲᠦᠭᠰᠢᠬᠦᠷᠢ ᠶᠢ ᠪᠠᠭᠠᠰᠬᠠᠨ᠎ᠠ᠃        ᠪᠡᠶ᠎ᠡ ᠳᠠᠮᠢᠷ ᠤᠨ ᠳᠠᠯᠠᠪᠤᠷ ᠪᠠ ᠳᠤᠨᠤᠭ ᠲᠦᠬᠦᠬᠡᠷᠦᠮᠵᠢ ᠪᠠᠨ ᠪᠠᠶᠢᠴᠠᠭᠠᠵᠤ᠂ ᠠᠶᠤᠯ ᠦᠬᠡᠢ ᠴᠢᠨᠠᠷ ᠢ ᠪᠠᠳᠤᠯᠠᠨ᠂  ᠨᠤᠶᠢᠳᠠᠨ ᠬᠦᠯᠢᠬᠡᠷ᠂ ᠡᠩᠬᠦᠢ ᠳᠤᠩᠬᠤᠯ ᠪᠤᠶᠤ ᠳᠠᠯᠳᠠ ᠠᠶᠤᠯ ᠲᠠᠢ ᠳᠠᠯᠠᠪᠤᠷ ᠲᠤ ᠬᠦᠳᠡᠯᠬᠡᠬᠡᠨ ᠬᠢᠬᠦ  ᠠᠴᠠ ᠵᠠᠶᠢᠯᠠᠰᠬᠢᠨ᠎ᠡ᠃        ᠰᠢᠨ᠎ᠡ ᠬᠦᠳᠡᠯᠬᠡᠬᠡᠨ ᠢ ᠳᠤᠷᠰᠢᠬᠤ ᠳᠤ ᠪᠠᠨ ᠦᠨᠳᠤᠰᠤᠨ ᠬᠦᠳᠡᠯᠬᠡᠬᠡᠨ ᠢ ᠪᠤᠯᠪᠠᠰᠤᠷᠠᠬᠤ ᠠᠴᠠ ᠡᠬᠢᠯᠡᠵᠤ᠂ ᠬᠦᠳᠡᠯᠬᠡᠬᠡᠨ ᠤ ᠬᠦᠴᠦᠯᠡᠴᠡ ᠶᠢ ᠴᠤ ᠠᠯᠬᠤᠮ ᠳᠠᠷᠠᠭ᠎ᠠ ᠲᠠᠢ ᠪᠠᠷ ᠨᠡᠮᠡᠭᠳᠡᠬᠦᠯᠬᠦ ᠬᠡᠷᠡᠭᠳᠡᠢ᠃ ᠬᠦᠳᠡᠯᠬᠡᠬᠡᠨ ᠬᠢᠭᠰᠡᠨ  ᠤ ᠳᠠᠷᠠᠭ᠎ᠠ ᠵᠤᠬᠢᠬᠤ ᠬᠡᠮᠵᠢᠶ᠎ᠡ ᠪᠠᠷ ᠪᠡᠶ᠎ᠡ ᠪᠠᠨ ᠰᠤᠯᠠᠳᠬᠠᠨ᠎ᠠ᠃       ᠬᠦᠩᠬᠡᠨ ᠰᠤᠩᠭᠠᠬᠤ ᠪᠠ ᠰᠤᠯᠠᠳᠬᠠᠬᠤ ᠬᠦᠳᠡᠯᠬᠡᠬᠡᠨ ᠬᠢᠬᠦ ᠨᠢ ᠪᠡᠶ᠎ᠡ ᠶᠢᠨ ᠠᠭᠠᠵᠢᠮ ᠢᠶᠠᠷ ᠬᠡᠪ ᠤᠨ ᠪᠠᠶᠢᠳᠠᠯ ᠳᠤ ᠪᠠᠨ ᠤᠷᠤᠵᠤ᠂ ᠪᠤᠯᠴᠢᠩ ᠮᠢᠬᠠᠨ ᠤ ᠬᠦᠰᠢᠬᠦ ᠪᠠ ᠱᠠᠷᠬᠢᠷᠡᠵᠤ ᠡᠪᠡᠳᠬᠦ ᠶᠢ ᠪᠠᠭᠠᠰᠬᠠᠨ᠎ᠠ᠃       ᠬᠦᠳᠡᠯᠬᠡᠬᠡᠨ ᠤ ᠳᠤᠮᠳᠠ ᠰᠠᠨᠠᠭᠠᠨ ᠳᠤ ᠦᠬᠡᠢ ᠰᠢᠷᠬᠠᠳᠤᠪᠠᠯ ᠳᠠᠷᠤᠶᠢᠬᠠᠨ ᠬᠦᠳᠡᠯᠬᠡᠬᠡᠨ ᠬᠢᠬᠦ ᠪᠠᠨ ᠵᠤᠭᠰᠤᠵᠤ᠂ ᠬᠡᠮᠳᠤᠯ ᠬᠦᠨᠳᠤᠷᠡᠬᠦ ᠠᠴᠠ ᠵᠠᠶᠢᠯᠠᠰᠬᠢᠬᠤ ᠶᠢᠨ ᠬᠠᠮᠳᠤ ᠳᠤᠰᠬᠠᠢ ᠮᠡᠷᠬᠡᠵᠢᠯ ᠤᠨ ᠬᠦᠮᠦᠰ ᠠᠴᠠ ᠳᠤᠰᠠᠯᠠᠮᠵᠢ ᠬᠦᠯᠢᠶᠡᠨ᠎ᠡ᠃
ᠢᠷᠡᠯᠲᠡ᠄ ︽ᠦᠪᠦᠷ ᠮᠤᠩᠭᠤᠯ ᠤᠨ ᠡᠮᠡᠭᠳᠡᠶᠢᠴᠤᠳ︾ ᠰᠡᠳᠬᠦᠯ