​2024 ᠣᠨ ᠤ ᠳ᠋ᠦᠩᠱᠧᠩ ᠲᠣᠭᠤᠷᠢᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ ᠪᠠᠶᠢᠳᠠᠯ
ᠨᠡᠶᠢᠲᠡᠯᠡᠭᠰᠡᠨ ᠴᠠᠭ᠄
2025/1/10
    2024 ᠤᠨ ᠳᠤ᠂ ᠳ᠋ᠦᠩᠱᠧᠩ ᠲᠣᠭᠤᠷᠢᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 152.40 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.2% ᠢᠶᠠᠷ ᠨᠡᠮᠡᠭᠳᠡᠪᠡ᠃ ᠡᠭᠦᠨ ᠳᠤ᠂ ᠰᠤᠷᠭᠠᠨ ᠬᠥᠮᠦᠵᠢᠯ ᠤᠨ ᠵᠠᠷᠤᠯᠭ᠎ᠠ 23.98 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 27 % ᠪᠠᠷ ᠨᠡᠮᠡᠭᠳᠡᠪᠡ︔ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ 2.18 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26.6 % ᠪᠠᠷ ᠨᠡᠮᠡᠭᠳᠡᠪᠡ︔ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠢᠭᠡᠳ ᠵᠠᠭᠤᠴᠢᠯᠠᠭᠤᠷ ᠤᠨ ᠵᠠᠷᠤᠯᠭ᠎ᠠ 1.10 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.7 % ᠪᠠᠷ ᠪᠠᠭᠤᠷᠠᠪᠠ︔ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ 8.64 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.2 % ᠢᠶᠠᠷ ᠪᠠᠭᠤᠷᠠᠪᠠ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ 6.32 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.2 % ᠢᠶᠠᠷ ᠪᠠᠭᠤᠷᠠᠪᠠ︔ ᠬᠤᠲᠠ ᠬᠥᠳᠡᠭᠡ ᠨᠡᠶᠢᠭᠡᠮ ᠲᠣᠭᠤᠷᠢᠭ ᠤᠨ ᠵᠠᠷᠤᠯᠭ᠎ᠠ 68.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.6 % ᠪᠠᠷ ᠨᠡᠮᠡᠭᠳᠡᠪᠡ︔ ᠣᠷᠣᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ 2.64 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19.5 % ᠪᠠᠷ ᠪᠠᠭᠤᠷᠠᠪᠠ︔ ᠲᠠᠷᠢᠶᠠᠯᠠᠩ ᠣᠶ ᠰᠢᠭᠤᠶ ᠤᠰᠤᠨ ᠠᠰᠢᠭᠯᠠᠯᠲᠠ ᠶᠢᠨ ᠵᠠᠷᠤᠯᠭ᠎ᠠ 4.55 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.8 % ᠪᠠᠷ ᠪᠠᠭᠤᠷᠠᠪᠠ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ