1 ᠰᠠᠷ᠎ᠠ ᠶᠢᠨ 13 ᠤ ᠦᠳᠡ ᠶᠢᠨ ᠡᠮᠦᠨ᠎ᠡ᠂ ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ | ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠤᠳᠠᠭᠠᠨ ᠤ ᠬᠤᠷᠠᠯ ᠡᠬᠢᠯᠡᠪᠡ᠃ | | | | ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠳᠤ 191 ᠭᠡᠰᠢᠭᠦᠨ ᠲᠠᠢ᠂ | ᠶᠡᠭᠡ ᠬᠤᠷᠠᠯ ᠳᠤ 166 ᠭᠡᠰᠢᠭᠦᠨ ᠣᠷᠣᠯᠴᠠᠵᠤ᠂ ᠬᠠᠤᠯᠢ ᠪᠠᠷ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃ | ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠨ ᠶᠣᠣ ᠲᠢᠩ᠂ ᠳᠡᠳ᠋ | ᠲᠡᠷᠢᠭᠦᠯᠡᠭᠴᠢ ᠱᠢ ᠮᠣᠣ ᠯᠢᠨ᠂ ᠲᠤᠶᠠᠭ᠎ᠠ᠂ ᠵᠠᠩ ᠵᠢᠶᠦ᠋ᠨ᠂ ᠸᠠᠩ ᠰᠢᠸ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ | ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ | ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ | ᠳᠠᠷᠤᠭ᠎ᠠ ᠬᠠᠨ ᠲᠤᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠵᠢᠢ ᠫᠢᠩ ᠬᠤᠷᠠᠯ ᠳᠤ | ᠣᠷᠣᠯᠴᠠᠵᠤ ᠪᠠᠶᠠᠷ ᠬᠦᠷᠭᠡᠬᠦ ᠶᠢᠨ ᠬᠠᠮᠲᠤ ᠲᠡᠷᠢᠭᠦᠯᠡᠭᠴᠢ ᠶᠢᠨ ᠲᠠᠶᠢᠰᠠᠨ ᠳᠤ ᠰᠠᠭᠠᠳᠠᠪᠠ᠃ | ᠲᠤᠭᠤᠷᠢᠭ ᠤᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠪᠠᠶᠢᠭᠤᠯᠭ᠎ᠠ ᠳᠠᠭᠠᠨ ᠪᠠᠶᠢᠭ᠎ᠠ ᠪᠤᠰᠤᠳ | ᠤᠳᠤᠷᠢᠳᠤᠯᠭ᠎ᠠ᠂ ᠲᠤᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠲᠤᠭᠤᠷᠢᠭ ᠤᠨ ᠰᠢᠭᠦᠬᠦ ᠬᠤᠷᠢᠶ᠎ᠠ᠂ ᠲᠤᠭᠤᠷᠢᠭ ᠤᠨ ᠪᠠᠶᠢᠴᠠᠭᠠᠬᠤ ᠬᠤᠷᠢᠶᠠᠨ ᠤ | ᠬᠠᠷᠢᠭᠤᠴᠠᠯᠭᠠᠳᠠᠳ ᠪᠠᠰᠠ ᠲᠡᠷᠢᠬᠦᠯᠡᠭᠴᠢ ᠶᠢᠨ ᠳᠠᠶᠢᠰᠠᠨ ᠳᠤ ᠰᠠᠭᠠᠳᠠᠪᠠ᠃ | ᠦᠳᠡ ᠶᠢᠨ ᠡᠮᠦᠨᠡᠬᠢ 9 ᠴᠠᠭ ᠲᠤ᠂ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠨ ᠤ ᠠᠶᠠᠰ ᠳᠤᠮᠳᠠ ᠡᠬᠢᠯᠡᠪᠡ᠃ | ᠬᠤᠷᠠᠯ ᠠᠴᠠ ᠤᠯᠤᠰ ᠲᠦᠷᠦ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ | ᠳᠥᠷᠪᠡᠳᠦᠭᠡᠷ ᠤᠳᠠᠭᠠᠨ ᠤ ᠬᠤᠷᠠᠯ ᠤᠨ ᠵᠥᠪᠯᠡᠬᠦ ᠵᠦᠢᠯ ᠢ ᠬᠢᠨᠠᠨ ᠵᠥᠪᠯᠡᠵᠦ ᠪᠠᠲᠤᠯᠠᠪᠠ᠃ | ᠬᠠᠨ ᠶᠣᠣ ᠲᠢᠩ ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ | ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠮᠡᠳᠡᠬᠦᠯᠦᠯᠳᠡ ᠬᠢᠪᠡ᠃ | | | | ᠮᠡᠳᠡᠬᠦᠯᠦᠯᠳᠡ ᠳᠤ ᠥᠩᠭᠡᠷᠡᠭᠰᠡᠨ ᠨᠢᠭᠡ ᠵᠢᠯ ᠤᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ | ᠬᠤᠷᠢᠶᠠᠨ ᠤ ᠠᠵᠢᠯ ᠢ ᠡᠷᠭᠢᠴᠡᠭᠦᠯᠪᠡ᠃ 2024 ᠤᠨ ᠪᠣᠯ ᠰᠢᠨ᠎ᠡ ᠳᠤᠮᠳᠠᠳᠤ ᠤᠯᠤᠰ ᠪᠠ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ | 75 ᠵᠢᠯ ᠤᠨ ᠤᠢ ᠮᠦᠨ᠂ ᠮᠦᠨᠴᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠬᠦᠯᠦᠭᠰᠡᠨ | ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠲᠤᠭᠤᠷᠢᠭ ᠤᠨ ᠠᠷᠪᠠᠳᠤᠭᠠᠷ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ | ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠲᠤᠭᠤᠷᠢᠭ ᠤᠨ ᠨᠠᠮ ᠤᠨ ᠬᠤᠷᠢᠶᠠᠨ ᠤ ᠭᠤᠣᠯ ᠠᠵᠢᠯ ᠲᠠᠢ ᠨᠢᠭᠲᠠ | ᠤᠶᠠᠯᠳᠤᠭᠤᠯᠤᠨ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠵᠤ᠂ | ᠵᠥᠪᠳᠡᠯᠴᠡᠬᠦ ᠪᠠᠷ ᠬᠥᠭᠵᠢᠯᠲᠡ ᠶᠢ ᠠᠬᠢᠭᠤᠯᠤᠨ᠂ ᠪᠦᠯᠬᠦᠮᠳᠡᠯ ᠢᠶᠠᠷ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠰᠢᠨ᠎ᠡ ᠶᠢ ᠡᠭᠦᠳᠬᠦ ᠪᠠᠷ ᠠᠮᠢᠵᠢᠷᠠᠯ ᠤᠨ | ᠬᠦᠴᠦᠨ ᠢ ᠨᠡᠮᠡᠷᠢᠯᠡᠨ᠂ ᠬᠠᠷᠢᠭᠤᠴᠠᠯᠭ᠎ᠠ ᠡᠭᠦᠷᠭᠡᠯᠡᠯ ᠢᠶᠠᠷ ᠲᠦᠷᠢ ᠲᠥᠷᠬᠦ ᠶᠢ ᠱᠤᠭᠤᠵᠤ᠂ ᠳ᠋ᠦᠩᠱᠧᠩ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ | ᠮᠡᠳᠡᠬᠦᠯᠦᠯᠳᠡ ᠳᠤ᠂ ᠥᠩᠭᠡᠷᠡᠭᠰᠡᠨ ᠨᠢᠭᠡ ᠵᠢᠯ ᠳᠤ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠤᠯᠤᠰ ᠲᠥᠷᠥ ᠪᠠᠷ | ᠬᠥᠲᠥᠯᠥᠨ ᠳᠠᠭᠠᠭᠤᠯᠬᠤ ᠶᠢ ᠪᠠᠷᠢᠮᠲᠠᠯᠠᠨ᠂ ᠳᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠭᠯᠡᠯ ᠢ ᠪᠠᠲᠤ ᠡᠵᠡᠮᠳᠡᠵᠦ᠂ ᠪᠦᠯᠬᠦᠮᠳᠡᠨ ᠲᠡᠮᠡᠴᠡᠬᠦ ᠦᠵᠡᠯ | ᠰᠠᠨᠠᠭᠠᠨ ᠤ ᠰᠠᠭᠤᠷᠢ ᠪᠠᠨ ᠨᠡᠩ ᠪᠠᠲᠤᠳᠬᠠᠪᠠ︔ ᠭᠤᠣᠯ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠢᠳᠡᠪᠬᠢᠲᠡᠢ ᠪᠠᠷ ᠵᠠᠰᠠᠭ ᠤᠨ ᠶᠠᠪᠤᠳᠠᠯ ᠢ ᠵᠥᠪᠯᠡᠨ | ᠰᠠᠨᠠᠯ ᠵᠥᠪᠯᠡᠯᠭᠡ ᠳᠤᠷᠠᠳᠴᠤ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢᠶᠠᠨ ᠨᠡᠩ ᠭᠦᠢᠴᠡᠳ ᠪᠠᠳᠠᠷᠠᠭᠤᠯᠪᠠ︔ ᠪᠦᠯᠬᠦᠮᠳᠡᠯ ᠠᠷᠠᠳᠴᠢᠯᠠᠯ ᠢ | ᠪᠠᠷᠢᠮᠲᠠᠯᠠᠵᠤ᠂ ᠨᠥᠬᠦᠷᠯᠡᠯ ᠰᠣᠯᠢᠯᠴᠠᠭ᠎ᠠ ᠪᠠᠨ ᠴᠢᠩᠭᠠᠳᠬᠠᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠳᠠᠪᠠᠭᠤᠯᠢᠭ ᠢᠶᠠᠨ ᠨᠡᠩ ᠪᠠᠳᠠᠷᠠᠭᠤᠯᠪᠠ︔ ᠲᠥᠪ | ᠶᠣᠰᠣ ᠪᠠ ᠰᠢᠨ᠎ᠡ ᠶᠢ ᠡᠭᠦᠳᠬᠦ ᠶᠢ ᠪᠠᠷᠢᠮᠳᠠᠯᠠᠨ᠂ ᠦᠨᠳᠦᠰᠦ ᠰᠠᠭᠤᠷᠢ ᠪᠠᠨ ᠬᠦᠴᠦᠯᠡᠨ ᠪᠠᠬᠢᠵᠢᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠲᠤᠰ ᠪᠡᠶ᠎ᠡ ᠶᠢᠨ | ᠪᠠᠶᠢᠭᠤᠯᠤᠯᠲᠠ ᠶᠢᠨ ᠦᠷ᠎ᠡ ᠪᠦᠲᠦᠮᠵᠢ ᠨᠡᠩ ᠢᠯᠡᠳᠲᠡ ᠪᠤᠯᠪᠠ ᠭᠡᠵᠤ ᠵᠢᠭᠠᠵᠤ ᠭᠠᠷᠭᠠᠪᠠ᠃ | ᠮᠡᠳᠡᠬᠦᠯᠦᠯᠳᠡ ᠳᠤ᠂ 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠡᠴᠦᠰ ᠤᠨ ᠵᠢᠯ ᠮᠥᠨ᠂ | ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠥᠯᠥᠪᠵᠢᠭᠦᠯᠬᠦ ᠵᠢᠯ ᠮᠥᠨ᠃ ᠲᠤᠭᠤᠷᠢᠭ ᠤᠨ ᠤᠯᠤᠰ | ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ | ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ | ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠲᠤᠭᠤᠷᠢᠭ ᠤᠨ ᠠᠵᠤ | ᠠᠬᠤᠢ ᠶᠢᠨ ᠠᠵᠢᠯ ᠤᠨ ᠬᠤᠷᠠᠯ᠂ ᠬᠤᠳᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠤᠷᠤᠨ ᠤ | ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨᠵᠢ | ᠴᠢᠨᠠᠷ ᠤᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠵᠣᠷᠢᠭ ᠰᠠᠨᠠᠭ᠎ᠠ ᠪᠠᠷ ᠳᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠵᠤ᠂ ᠢᠲᠡᠭᠡᠯ ᠵᠣᠷᠢᠭ ᠢᠶᠠᠨ | ᠪᠠᠳᠤᠳᠬᠠᠨ᠂ ᠪᠦᠯᠬᠦᠮᠳᠡᠨ ᠲᠡᠮᠡᠴᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ | ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠤᠯᠤᠰ ᠲᠦᠷᠦ ᠶᠢᠨ | ᠵᠥᠪᠯᠡᠯᠭᠡᠨ ᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠬᠦᠨ᠎ᠡ ᠭᠡᠪᠡ᠃ | | | | ᠮᠡᠳᠡᠬᠦᠯᠦᠯᠳᠡ ᠳᠤ᠂ ᠦᠵᠡᠯ ᠰᠠᠨᠠᠭᠠᠨ ᠤ ᠵᠢᠯᠣᠭᠤᠳᠤᠯᠭ᠎ᠠ ᠶᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ᠂ ᠬᠠᠮᠲᠤ ᠶᠢᠨ ᠲᠠᠨᠢᠯᠲᠠ ᠶᠢ ᠨᠢᠭᠳᠠᠷᠠᠭᠤᠯᠤᠨ ᠬᠦᠴᠦᠨ ᠴᠢᠳᠠᠯ ᠢ ᠲᠦᠪᠯᠡᠷᠡᠬᠦᠯᠬᠦ ᠬᠡᠷᠡᠭᠲᠡᠢ︔ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠵᠢᠯ ᠤᠨ ᠳᠦᠷᠢᠮᠵᠢᠭᠦᠯᠦᠯᠲᠡ᠂ ᠵᠢᠷᠤᠮᠵᠢᠭᠤᠯᠤᠯᠲᠠ᠂ ᠲᠡᠰ ᠳᠠᠷᠠᠭᠠᠵᠢᠭᠤᠯᠤᠯᠲᠠ ᠶᠢᠨ ᠪᠠᠶᠢᠭᠤᠯᠤᠯᠲᠠ ᠪᠠᠷ | ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ︔ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠡᠩᠨᠡᠭᠡᠨ ᠤ | ᠪᠠᠶᠢᠭᠤᠯᠤᠯᠲᠠ ᠪᠠᠷ ᠤᠯᠤᠰ ᠲᠦᠷᠦ ᠶᠢᠨ ᠵᠥᠪᠯᠡᠯᠭᠡᠨ ᠤ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠬᠤ ᠬᠡᠷᠡᠭᠲᠡᠢ ᠭᠡᠵᠤ ᠱᠠᠭᠠᠷᠳᠠᠪᠠ᠃ | | | | ᠵᠠᠩ ᠵᠢᠶᠦ᠋ᠨ ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ | ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ ᠬᠢᠪᠠ᠃ ᠲᠣᠭᠤᠷᠢᠭ ᠤᠨ ᠤᠯᠤᠰ | ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠠᠴᠠ ᠨᠠᠰᠢᠬᠢ ᠰᠠᠨᠠᠯ ᠳᠤᠷᠠᠳᠤᠯᠭ᠎ᠠ ᠨᠢ ᠳ᠋ᠦᠩᠱᠧᠩ ᠤᠨ ᠬᠥᠭᠵᠢᠯᠲᠡ᠂ | ᠠᠷᠠᠳ ᠤᠨ ᠲᠥᠯᠥᠭᠡ ᠵᠢᠳᠬᠦᠬᠦ ᠳᠡᠭᠡᠷ᠎ᠡ ᠲᠥᠪᠯᠡᠷᠡᠭᠦᠯᠵᠦ᠂ ᠭᠡᠰᠢᠭᠦᠳ ᠤᠨ ᠳᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠭᠰᠡᠨ ᠢ ᠢᠯᠡᠷᠡᠭᠦᠯᠵᠦ᠂ ᠥᠷᠭᠡᠨ ᠤᠯᠠᠨ | ᠲᠦᠮᠡᠨ ᠤ ᠬᠦᠰᠡᠯ ᠡᠷᠡᠮᠡᠯᠵᠡᠯ ᠢ ᠠᠴᠢᠶᠠᠯᠠᠵᠤ᠂ ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠳᠡᠭᠡᠳᠦ ᠬᠡᠮᠵᠢᠶᠡᠨ ᠤ ᠴᠢᠬᠤᠯᠠᠴᠢᠯᠠᠯ ᠪᠠ ᠳᠠᠭᠠᠭᠠᠨ | ᠠᠪᠴᠤ ᠰᠢᠢᠳᠪᠦᠷᠢᠯᠡᠬᠦ ᠨᠢᠭᠡᠴᠡ ᠶᠢᠨ ᠨᠠᠷᠢᠨ ᠬᠢᠨᠠᠮᠠᠭᠠᠢ ᠰᠢᠢᠳᠪᠦᠷᠢᠯᠡᠯᠲᠡ ᠳᠣᠣᠷ᠎ᠠ᠂ ᠬᠡᠷᠡᠭ ᠪᠣᠯᠭᠠᠨ ᠳᠠᠩᠰᠠᠯᠠᠭᠰᠠᠨ ᠰᠠᠨᠠᠯ ᠵᠥᠪᠯᠡᠯᠭᠡ ᠶᠢ ᠪᠦᠬᠦᠨ ᠢ | ᠰᠢᠢᠳᠪᠤᠷᠢᠯᠡᠨ ᠬᠠᠷᠢᠭᠤᠯᠲᠠ ᠥᠭᠴᠦ᠂ ︽ᠭᠤᠷᠪᠠᠨ ᠲᠣᠭᠤᠷᠢᠭ ᠳᠥᠷᠪᠡᠨ ᠬᠤᠳᠠ︾ ᠶᠢᠨ ᠪᠦᠳᠦᠭᠡᠨ ᠪᠠᠶᠢᠭᠤᠯᠤᠯᠲᠠ ᠳᠤ ᠤᠶᠤᠨ ᠤᠬᠠᠭᠠᠨ ᠪᠠ ᠬᠦᠴᠦᠨ | ᠴᠢᠳᠠᠯ ᠢᠶᠠᠨ ᠡᠷᠭᠦᠪᠡ᠃ 2025 ᠣᠨ ᠳᠤ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢᠨ ᠠᠵᠢᠯ ᠨᠢ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ | ᠵᠢᠴᠢ ᠪᠥᠬᠦ ᠲᠤᠭᠤᠷᠢᠭ ᠤᠨ ᠠᠵᠤ ᠠᠬᠤᠶ ᠶᠢᠨ ᠠᠵᠢᠯ ᠤᠨ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ᠂ ︽ᠭᠤᠤᠯᠳᠠᠯᠭ᠎ᠠ ᠲᠠᠢ | ᠤᠶᠠᠯᠳᠤᠭᠤᠯᠤᠨ᠂ ᠶᠡᠭᠡ ᠲᠠᠯ᠎ᠠ ᠳᠤ ᠤᠶᠢᠯᠡᠴᠢᠯᠡᠵᠤ᠂ ᠶᠠᠰᠤ ᠴᠢᠨᠠᠷ ᠢ ᠳᠡᠭᠡᠭᠰᠢᠯᠡᠬᠦᠯᠦᠨ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ︾ ᠰᠠᠨᠠᠯ ᠳᠤᠷᠠᠳᠤᠯᠭ᠎ᠠ ᠶᠢᠨ | ᠠᠵᠢᠯ ᠤᠨ ᠴᠢᠭᠯᠡᠯᠲᠡ ᠶᠢ ᠪᠠᠷᠢᠮᠳᠠᠯᠠᠨ᠂ ᠰᠠᠨᠠᠯ ᠳᠤᠷᠠᠳᠤᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠰᠠᠭᠤᠷᠢ ᠪᠣᠯᠭᠠᠵᠤ᠂ ᠰᠠᠨᠠᠯ ᠳᠤᠷᠠᠳᠤᠯᠭ᠎ᠠ ᠶᠢ | ᠰᠢᠢᠳᠪᠤᠷᠢᠯᠡᠬᠦ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠬᠠᠷᠠᠯᠲᠠ ᠪᠤᠯᠭᠠᠨ᠂ ᠰᠠᠨᠠᠯ ᠳᠤᠷᠠᠳᠤᠯᠭ᠎ᠠ ᠶᠢᠨ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠬᠦ ᠪᠠᠷ ᠭᠠᠷᠳᠠᠴᠠ ᠪᠣᠯᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠨ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠰᠠᠨᠠᠯ | ᠳᠤᠷᠠᠳᠤᠯᠭ᠎ᠠ ᠶᠢᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠳ᠋ᠦᠩᠱᠧᠩ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ | ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢᠨ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠬᠦᠨ᠎ᠡ ᠭᠡᠪᠡ᠃ | | | | | |