1 ᠰᠠᠷ᠎ᠠ ᠶᠢᠨ 14 ᠤ ᠡᠳᠤᠷ ᠤᠨ ᠦᠳᠠ ᠶᠢᠨ ᠡᠮᠤᠨ᠎ᠠ᠂ ᠤᠷᠳᠤᠰ ᠬᠤᠳᠠ ᠶᠢᠨ ᠳ᠋ᠦᠡᠭᠱᠸᠡᠭ ᠲᠤᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠤᠭᠡᠷ ᠤᠳᠠᠭᠠᠨ ᠤ ᠬᠤᠷᠠᠯ ᠡᠬᠢᠯᠡᠪᠡ᠃ ᠪᠦᠬᠦ ᠲᠤᠭᠤᠷᠢᠭ ᠤᠨ ᠡᠯ᠎ᠡ ᠠᠵᠢᠯ ᠲᠦᠷᠦᠯ᠂ ᠡᠯ᠎ᠡ ᠹᠷᠣᠨᠲ ᠠᠴᠠ | ᠢᠷᠡᠭᠰᠡᠨ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠨᠢᠭᠡ ᠲᠠᠩᠬᠢᠮ ᠳᠤ ᠴᠤᠭᠯᠠᠷᠠᠵᠤ᠂ ᠦᠨᠳᠦᠰᠦᠨ ᠬᠠᠤᠯᠢ ᠪᠠ | ᠬᠠᠤᠯᠢ ᠴᠠᠭᠠᠵᠠ ᠠᠴᠠ ᠣᠯᠭᠤᠭᠰᠠᠨ ᠲᠠᠷᠬᠠᠨ ᠳᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠳ᠋ᠦᠡᠭᠱᠧᠩ ᠤᠨ ᠣᠳᠣᠬᠢᠴᠢᠯᠠᠯᠲᠠ ᠶᠢᠨ ᠪᠦᠳᠦᠭᠡᠨ | ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠪᠡ᠃ | | | | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ ᠲᠡᠷᠢᠭᠦᠯᠡᠭᠴᠢ ᠭᠤᠤ ᠢ ᠳ᠋ᠦᠩ ᠬᠤᠷᠠᠯ ᠳᠤ | ᠣᠷᠣᠯᠴᠠᠪᠠ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ ᠲᠡᠷᠢᠭᠦᠯᠡᠭᠴᠢ ᠵᠢᠢ ᠫᠢᠩ ᠬᠤᠷᠠᠯ ᠢ | ᠡᠷᠬᠢᠯᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠦᠢᠴᠡᠳᠬᠡᠭᠴᠢ ᠲᠡᠷᠢᠭᠦᠯᠡᠭᠴᠢ ᠵᠠᠩ ᠵᠧᠨ ᠫᠢᠩ᠂ ᠯᠢᠦ ᠯᠠᠨ ᠰᠢᠶᠠᠩ᠂ ᠦ᠋ ᠹᠸᠢ ᠰᠢᠶᠦ᠋ᠩ᠂ | ᠯᠢᠦ ᠱᠢ ᠸᠧᠨ᠂ ᠰᠢᠤᠢ ᠳ᠋ᠦᠸᠧ ᠢ᠂ ᠶᠠᠨ ᠮᠢᠨ᠂ ᠶᠠᠨ ᠸᠧᠢ᠂ ᠰᠦ᠋ ᠫᠧᠩ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ ᠬᠠᠨ ᠲᠤᠤ᠂ ᠬᠠᠨ ᠶᠣᠣ ᠲᠢᠩ | ᠵᠡᠷᠭᠡ ᠲᠡᠷᠢᠭᠦᠯᠡᠭᠴᠢᠳ ᠤᠨ ᠪᠦᠯᠬᠦᠮ ᠤᠨ ᠪᠤᠰᠤᠳ ᠪᠦᠷᠢᠯᠳᠦᠬᠦᠨ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ | | | | ᠲᠣᠰ ᠤᠳᠠᠭᠠᠨ ᠤ ᠶᠡᠭᠡ ᠬᠤᠷᠠᠯ ᠳᠤ ᠣᠷᠣᠯᠴᠠᠬᠤ ᠶᠣᠰᠣᠲᠠᠶ ᠲᠥᠯᠥᠭᠡᠯᠡᠭᠴᠢ 191 ᠬᠥᠮᠦᠨ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢ 180 | ᠬᠥᠮᠦᠨ ᠪᠠᠶᠢᠵᠤ᠂ ᠬᠠᠤᠯᠢ ᠪᠠᠷ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃ | ᠦᠳᠡ ᠶᠢᠨ ᠡᠮᠦᠨᠡᠬᠢ 9 ᠴᠠᠭ ᠲᠤ᠂ ᠵᠢᠶ ᠫᠢᠩ᠄ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ ᠡᠬᠢᠯᠡᠭᠰᠡᠨ ᠢ ᠨᠡᠶᠢᠳᠡᠯᠡᠵᠤ᠂ ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ | ᠰᠦᠯᠳᠡ ᠳᠠᠭᠤᠤ ᠶᠢ ᠳᠠᠭᠤᠯᠠᠪᠠ᠃ | | | | ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠬᠠᠨ ᠲᠤᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ | ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃ ᠢᠯᠡᠳᠬᠡᠯ ᠤᠨ ᠠᠭᠤᠯᠭ᠎ᠠ ᠭᠤᠷᠪᠠᠨ ᠬᠡᠰᠡᠭ ᠢᠶᠠᠷ ᠪᠦᠷᠢᠯᠳᠦᠪᠡ᠄ 2024 ᠣᠨ ᠤ | ᠠᠵᠢᠯ ᠤᠨ ᠡᠷᠭᠢᠴᠡᠭᠦᠯᠦᠯ︔ 2025 ᠣᠨ ᠤ ᠠᠵᠢᠯ ᠤᠨ ᠲᠣᠬᠢᠷᠠᠭᠤᠯᠤᠯᠲᠠ︔ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ | ᠴᠢᠩᠭᠠᠳᠬᠠᠬᠤ᠃ | ᠬᠠᠨ ᠲᠤᠤ᠂ 2024 ᠤᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠮᠥᠨ᠂ ︽ᠠᠷᠪᠠᠨ | ᠳᠥᠷᠪᠡᠳᠦᠭᠡᠷ ᠲᠠᠪᠤᠨ︾ ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠃ ᠨᠢᠭᠡ ᠵᠢᠯ ᠤᠨ ᠲᠤᠷᠰᠢ᠂ ᠪᠢᠳᠡ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ | ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠬᠦᠴᠦᠨ ᠢᠶᠠᠨ ᠲᠦᠦᠪᠯᠡᠷᠡᠬᠦᠯᠦᠨ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠬᠤᠳᠠ ᠶᠢᠨ ᠨᠠᠮ ᠤᠨ | ᠬᠤᠷᠢᠶᠠᠨ ᠤ ︽ᠭᠤᠷᠪᠠᠨ ᠲᠤᠭᠤᠷᠢᠭ ᠲᠦᠷᠪᠡᠨ ᠬᠤᠳᠠ︾ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠤᠭᠤᠷᠢᠭ ᠤᠨ ᠠᠷᠪᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠨᠡᠯᠢᠶᠡᠳ ᠰᠠᠶᠢᠨ | ᠪᠡᠶᠡᠯᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠣᠯᠵᠤ᠂ ᠰᠢᠨ᠎ᠡ ᠠᠯᠬᠤᠮ ᠢ ᠠᠯᠬᠤᠪᠠ ᠭᠡᠪᠡ᠃ | ᠬᠠᠨ ᠲᠤᠤ᠂ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠨᠠᠢᠮᠠᠨ ᠲᠠᠯ᠎ᠠ ᠪᠠᠷ ᠳ᠋ᠦᠩᠨᠡᠪᠡ᠄ ᠨᠢᠭᠡ ᠳᠤ ᠴᠢᠳᠠᠪᠬᠢ ᠲᠡᠰ ᠢ ᠳᠡᠭᠡᠭᠰᠢᠯᠡᠭᠦᠯᠬᠦ᠂ ᠣᠷᠣᠨ ᠪᠠᠶᠢᠷᠢ ᠶᠢ | ᠠᠬᠢᠭᠤᠯᠬᠤ ᠶᠢ ᠪᠠᠷᠢᠮᠲᠠᠯᠠᠵᠤ᠂ ᠠᠵᠤ ᠠᠬᠤᠢ ᠶᠢᠨ ᠬᠥᠭᠵᠢᠯᠲᠡ ᠶᠢᠨ ᠲᠤᠭ᠎ᠠ ᠬᠡᠮᠵᠢᠶ᠎ᠡ ᠪᠠ ᠶᠠᠰᠤ ᠴᠢᠨᠠᠷ ᠢ ᠵᠡᠷᠭᠡ ᠪᠠᠷ ᠴᠢᠬᠤᠯᠠᠴᠢᠯᠠᠪᠠ︔ ᠬᠤᠶᠠᠷ ᠲᠤ ᠲᠦᠷᠦᠯ | ᠵᠦᠢᠯ ᠢ ᠠᠳᠬᠤᠬᠤ᠂ ᠪᠡᠯᠡ ᠣᠷᠣᠭᠤᠯᠤᠯᠲᠠ ᠶᠢ ᠥᠷᠭᠡᠳᠬᠡᠬᠦ ᠶᠢ ᠪᠠᠷᠢᠮᠳᠠᠯᠠᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠶᠠᠰᠤ ᠴᠢᠨᠠᠷ ᠦᠷ᠎ᠡ ᠠᠰᠢᠭ ᠢ | ᠳᠡᠬᠡᠭᠰᠢᠯᠡᠬᠦᠯᠪᠡ︔ ᠭᠤᠷᠪᠠ ᠳᠤ᠂ ᠥᠭᠡᠷᠡᠴᠢᠯᠡᠯᠲᠡ ᠶᠢ ᠠᠳᠬᠤᠵᠤ᠂ ᠦᠢᠯᠡᠴᠢᠯᠡᠭᠡ ᠶᠢ ᠴᠢᠩᠭᠠᠳᠬᠠᠬᠤ ᠶᠢ ᠪᠠᠷᠢᠮᠲᠠᠯᠠᠵᠤ᠂ ᠬᠤᠳᠠᠯᠳᠤᠭ᠎ᠠ ᠡᠷᠬᠢᠯᠡᠬᠦ ᠣᠷᠴᠢᠨ | ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ︔ ᠲᠦᠷᠪᠡ ᠳᠤ᠂ ᠰᠠᠭᠤᠷᠢ ᠶᠢ ᠪᠠᠳᠤᠳᠬᠠᠨ᠂ ᠳᠤᠲᠠᠭᠤᠳᠠᠯ ᠢ ᠨᠥᠬᠦᠪᠦᠷᠢᠯᠡᠬᠦ ᠶᠢ ᠪᠠᠷᠢᠮᠳᠠᠯᠠᠵᠤ᠂ ᠬᠤᠳᠠ | ᠬᠥᠳᠡᠭᠡ ᠶᠢ ᠠᠭᠤᠰᠤᠯᠴᠠᠭᠤᠯᠤᠨ ᠲᠡᠰ ᠳᠡᠪᠰᠢᠬᠦᠯᠪᠡ︔ ᠲᠠᠪᠤ ᠳᠤ᠂ ᠵᠠᠰᠠᠯᠲᠠ ᠶᠢ ᠠᠳᠬᠤᠬᠤ᠂ ᠳᠡᠰ ᠳᠡᠪᠰᠢᠬᠦᠯᠬᠦ ᠶᠢ ᠠᠬᠢᠭᠤᠯᠬᠤ ᠶᠢ ᠪᠠᠷᠢᠮᠲᠠᠯᠠᠵᠤ᠂ ᠪᠣᠬᠢᠷᠲᠤᠯ | ᠦᠭᠡᠢ ᠬᠥᠭᠵᠢᠯᠲᠡ ᠢᠯᠡᠳᠲᠡ ᠦᠷ᠎ᠡ ᠪᠦᠲᠦᠮᠵᠢ ᠣᠯᠪᠠ︔ ᠵᠢᠷᠭᠤᠭ᠎ᠠ ᠳᠤ᠂ ᠠᠷᠠᠳ ᠤᠨ ᠠᠮᠢᠳᠤᠷᠠᠯ ᠢ ᠠᠳᠬᠤᠵᠤ᠂ ᠪᠠᠲᠤᠯᠠᠭ᠎ᠠ ᠶᠢ ᠴᠢᠩᠭᠠᠳᠬᠠᠬᠤ ᠶᠢ | ᠪᠠᠷᠢᠮᠳᠠᠯᠠᠨ᠂ ᠠᠷᠠᠳ ᠲᠦᠮᠡᠨ ᠤ ᠪᠤᠶᠠᠨ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠪᠡ︔ ᠲᠤᠯᠤᠭ᠎ᠠ ᠳᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ | ᠲᠦᠪᠰᠢᠨ ᠢ ᠪᠠᠲᠤᠯᠠᠬᠤ ᠶᠢ ᠪᠠᠷᠢᠮᠳᠠᠯᠠᠵᠤ᠂ ᠨᠡᠶᠢᠭᠡᠮ ᠤᠨ ᠶᠡᠭᠡ ᠲᠠᠯ᠎ᠠ ᠶᠢ ᠡᠶ᠎ᠡ ᠵᠣᠬᠢᠴᠠᠯ ᠲᠠᠢ ᠲᠣᠭᠲᠠᠭᠤᠨ ᠪᠠᠶᠢᠯᠭᠠᠪᠠ︔ ᠨᠠᠢᠮᠠ ᠳᠤ᠂ ᠰᠤᠷᠲᠠᠯ ᠢᠶᠠᠨ | ᠴᠢᠩᠭᠠᠳᠬᠠᠬᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠪᠠᠷᠢᠮᠲᠠᠯᠠᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠪᠠ᠃ | ᠬᠠᠨ ᠲᠤᠤ᠂ ᠥᠩᠭᠡᠷᠡᠭᠰᠡᠨ ᠨᠢᠭᠡ ᠵᠢᠯ ᠢᠶᠠᠨ ᠡᠷᠭᠢᠴᠡᠭᠦᠯᠬᠦᠶ᠎ᠡ᠂ ᠪᠢᠳᠡ ᠦᠨᠡᠨ ᠢ ᠪᠠᠷᠢᠮᠲᠠᠯᠠᠨ ᠪᠤᠳᠠᠳᠠᠢ ᠶᠢ ᠡᠷᠬᠢᠮᠯᠡᠬᠦ ᠶᠢ ᠪᠠᠷᠢᠮᠲᠠᠯᠠᠵᠤ᠂ ᠦᠨᠡᠨ ᠬᠦ | ᠠᠳᠬᠤᠨ ᠪᠣᠳᠠᠲᠠᠢ ᠠᠵᠢᠯᠯᠠᠵᠤ᠂ ᠪᠦᠬᠦ ᠳᠤᠭᠤᠷᠢᠭ ᠢᠶᠠᠷ ᠢᠶᠠᠨ ᠬᠦᠴᠢᠷ ᠪᠡᠷᠬᠡᠰᠢᠶᠡᠯ ᠢ ᠬᠠᠮᠲᠤ ᠪᠠᠷ ᠢᠯᠠᠵᠤ᠂ ᠬᠦᠨᠳᠦ ᠡᠭᠦᠷᠭᠡ ᠶᠢ ᠬᠠᠮᠲᠤ ᠪᠠᠷ ᠡᠭᠦᠷᠭᠡᠯᠡᠵᠦ᠂ | ᠪᠣᠳᠠᠲᠠᠢ ᠶᠠᠪᠤᠳᠠᠯ ᠢ ᠪᠦᠲᠦᠭᠡᠵᠦ᠂ ᠬᠦᠴᠢᠷ ᠠᠰᠠᠭᠤᠳᠠᠯ ᠢ ᠰᠢᠢᠳᠪᠤᠷᠢᠯᠡᠨ᠂ ᠬᠦᠰᠡᠯ ᠡᠷᠡᠮᠡᠯᠵᠡᠯ ᠳᠤ ᠬᠠᠷᠢᠭᠤᠯᠲᠠ ᠥᠭᠴᠦ᠂ ᠠᠵᠤ ᠠᠬᠤᠢ ᠶᠢᠨ ᠬᠥᠭᠵᠢᠯᠲᠡ | ᠳᠤᠭᠳᠠᠭᠤᠨ ᠤ ᠳᠤᠮᠳᠠ ᠰᠠᠶᠢᠵᠢᠷᠠᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠵᠠᠢ᠃ ᠡᠲᠡᠭᠡᠷ ᠠᠮᠵᠢᠯᠲᠠ ᠶᠢ ᠣᠯᠣᠭᠰᠠᠨ ᠨᠢ ᠰᠢ ᠶᠢᠨ ᠫᠢᠩ | ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠶᠢᠨ | ᠦᠷ᠎ᠡ ᠳ᠋ᠦᠩ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠷᠡᠰ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ᠂ ᠳᠤᠭᠤᠷᠢᠭ ᠤᠨ | ᠨᠠᠮ ᠤᠨ ᠬᠤᠷᠢᠶ᠎ᠠ ᠡᠯ᠎ᠡ ᠤᠳᠤᠷᠢᠳᠬᠤ ᠪᠠᠭ ᠪᠤᠯᠤᠨ ᠪᠦᠬᠦ ᠳᠤᠭᠤᠷᠢᠭ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠢᠷᠭᠠᠭᠤ ᠬᠠᠲᠠᠭᠤᠵᠢᠯᠲᠠᠢ | ᠲᠡᠮᠡᠴᠡᠭᠰᠡᠨ ᠤ ᠦᠷ᠎ᠡ ᠳ᠋ᠦᠩ ᠪᠣᠯᠣᠨ᠎ᠠ ᠭᠡᠪᠡ᠃ | ᠬᠠᠨ ᠲᠤᠤ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠲᠡᠭᠦᠰᠬᠡᠯ ᠤᠨ ᠵᠢᠯ ᠮᠥᠨ᠂ ᠪᠠᠰᠠ ᠴᠤ | ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠲᠥᠯᠥᠪᠯᠡᠨ ᠪᠠᠶᠢᠷᠢᠯᠠᠭᠤᠯᠬᠤ ᠵᠢᠯ ᠮᠥᠨ᠃ ᠠᠰᠢᠭ ᠲᠤᠰᠠ ᠪᠠ ᠬᠦᠴᠢᠷᠳᠡᠯ ᠰᠣᠯᠪᠢᠴᠠᠵᠤ | ᠪᠠᠶᠢᠭ᠎ᠠ ᠬᠦᠭᠵᠢᠯᠳᠠ ᠶᠢᠨ ᠪᠠᠶᠢᠳᠠᠯ ᠤᠨ ᠡᠮᠦᠨ᠎ᠠ᠂ ᠪᠢᠳᠡ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠣᠨ ᠪᠦᠬᠦ ᠬᠤᠲᠠ ᠶᠢᠨ ᠵᠢᠱᠢᠯᠲᠡ ᠶᠢ | ᠲᠤᠭᠳᠠᠪᠤᠷᠢᠵᠢᠭᠤᠯᠬᠤ᠂ ᠨᠡᠮᠡᠭᠳᠡᠯ ᠢ ᠲᠤᠭᠳᠠᠪᠤᠷᠢᠵᠢᠭᠤᠯᠬᠤ᠂ ᠠᠵᠢᠯ ᠣᠯᠭᠤᠯᠲᠠ ᠶᠢ ᠲᠤᠭᠳᠠᠪᠤᠷᠢᠵᠢᠭᠤᠯᠬᠤ ᠲᠤᠬᠠᠢ ᠡᠯ᠎ᠡ ᠵᠦᠢᠯ ᠤᠨ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠳᠠᠯᠠᠨ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ | ᠨᠢᠭᠡᠳᠦᠯᠲᠡᠢ ᠲᠦᠯᠦᠪᠵᠢᠬᠦᠯᠦᠨ᠂ ᠬᠤᠷᠢᠭ᠎ᠠ ᠱᠤᠭᠤᠮ ᠢ ᠪᠦᠬᠦ ᠬᠦᠴᠦᠨ ᠢᠶᠠᠷ ᠢᠶᠠᠨ ᠰᠠᠬᠢᠵᠤ᠂ ᠲᠤᠯᠭᠠᠭᠤᠷᠢᠯᠠᠯ ᠢ ᠲᠤᠭᠳᠠᠪᠤᠷᠢᠵᠢᠭᠤᠯᠵᠤ᠂ ᠬᠥᠳᠡᠯᠭᠡᠬᠦ ᠬᠦᠴᠦᠨ ᠢ | ᠨᠡᠮᠡᠭᠳᠡᠭᠦᠯᠵᠦ᠂ ᠰᠢᠨ᠎ᠠ ᠳᠡᠭᠲᠡᠷ ᠲᠤ ᠭᠠᠷᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠵᠤ ᠠᠬᠤᠢ ᠨᠡᠶᠢᠬᠡᠮ ᠤᠨ ᠪᠦᠬᠦ ᠲᠠᠯ᠎ᠠ ᠶᠢᠨ ᠬᠦᠭᠵᠢᠯᠳᠠ ᠶᠢ | ᠠᠬᠢᠭᠤᠯᠤᠨ᠎ᠠ ᠭᠡᠪᠡ᠃ | ᠬᠠᠨ ᠲᠤᠤ ᠢᠯᠡᠳᠬᠡᠯ ᠳᠡᠭᠡᠨ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠴᠡ ᠶᠢ ᠳᠤᠷᠠᠳᠪᠠ᠄ ᠰᠢ ᠶᠢᠨ ᠫᠢᠩ ᠶᠡᠷᠦᠩᠬᠡᠢ | ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠲᠥᠪ ᠤᠨ ᠠᠵᠤ ᠠᠬᠤᠢ ᠶᠢᠨ | ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠤᠳᠠᠭᠠᠨ ᠤ ᠪᠥᠬᠦᠳᠡ ᠬᠤᠷᠠᠯ | ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠶᠢᠰᠦᠳᠦᠭᠡᠷ ᠤᠳᠠᠭᠠᠨ ᠤ | ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ᠂ ᠲᠤᠭᠤᠷᠢᠭ ᠤᠨ ᠨᠠᠮ ᠤᠨ ᠬᠤᠷᠢᠶ᠎ᠠ ᠶᠢᠨ ᠶᠢᠰᠦᠳᠦᠬᠡᠷ ᠬᠤᠭᠤᠴᠠᠭᠠᠨ ᠤ | ᠨᠠᠢᠮᠠᠳᠤᠭᠠᠷ ᠤᠳᠠᠭᠠᠨ ᠤ ᠪᠦᠬᠦᠳᠠ ᠬᠤᠷᠠᠯ ᠵᠢᠴᠢ ᠪᠦᠬᠦ ᠲᠤᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠲᠤᠤᠱᠯᠠᠭᠤᠯᠵᠤ᠂ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ | ᠲᠣᠭᠲᠠᠭᠤᠨ ᠤ ᠲᠤᠮᠳᠠ ᠤᠷᠤᠭᠰᠢᠯᠠᠨ ᠲᠠᠪᠰᠢᠬᠤ᠂ ᠲᠥᠪ ᠶᠤᠰᠤ ᠶᠢ ᠪᠠᠷᠢᠮᠳᠠᠯᠠᠨ ᠰᠢᠨ᠎ᠡ ᠶᠢ ᠡᠭᠦᠳᠬᠦ᠂ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ | ᠪᠠᠷᠢᠮᠳᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠰᠠᠶᠢᠲᠤᠷ ᠲᠥᠯᠥᠪᠯᠡᠨ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ | ᠬᠢᠵᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠯᠠᠪᠳᠠᠭᠤᠨ ᠪᠠᠲᠤᠲᠠᠢ ᠥᠷᠨᠢᠭᠦᠯᠦᠨ᠂ ︽ᠭᠤᠷᠪᠠᠨ | ᠳᠥᠷᠪᠡ︾ ᠶᠢᠨ ᠠᠵᠢᠯ ᠤᠨ ᠡᠭᠦᠷᠭᠡ ᠶᠢ ᠭᠦᠨᠵᠡᠭᠡᠢ ᠨᠠᠶᠢᠳᠠᠪᠤᠷᠢᠵᠢᠭᠤᠯᠤᠨ᠂ ︽ᠭᠤᠷᠪᠠᠨ ᠲᠤᠭᠤᠷᠢᠭ ᠲᠦᠷᠪᠡᠨ ᠬᠤᠳᠠ︾ ᠶᠢᠨ ᠪᠦᠲᠦᠭᠡᠨ ᠪᠠᠶᠢᠭᠤᠯᠤᠯᠲᠠ ᠶᠢ | ᠲᠦᠷᠬᠡᠳᠬᠡᠨ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ | ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠳᠤ ᠪᠠᠲᠤ ᠰᠠᠭᠤᠷᠢ ᠲᠠᠯᠪᠢᠨ᠎ᠠ ᠭᠡᠵᠡᠢ᠃ | ᠬᠠᠨ ᠲᠤᠤ᠂ ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠢ ᠦᠷᠳᠡᠭ ᠢ 6% ᠣᠷᠴᠢᠮ ᠨᠡᠮᠡᠭᠳᠡᠭᠦᠯᠵᠦ᠂ ᠬᠡᠪᠴᠢᠶᠠᠵᠢᠯ ᠠᠴᠠ ᠲᠡᠬᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 6% ᠣᠷᠴᠢᠮ | ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10% ᠣᠷᠴᠢᠮ ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ ᠲᠥᠰᠥᠪ ᠤᠨ | ᠣᠷᠣᠯᠭ᠎ᠠ ᠶᠢ 2% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠶᠡᠷᠦᠩᠬᠡᠢ ᠲᠤᠭ᠎ᠠ ᠶᠢ 6% ᠣᠷᠴᠢᠮ | ᠨᠡᠮᠡᠭᠳᠡᠭᠦᠯᠵᠦ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠯᠦᠭᠡ ᠦᠨᠳᠦᠰᠦᠨ ᠳᠡᠭᠡᠨ ᠠᠳᠠᠯᠢ ᠪᠤᠯᠭᠠᠨ᠎ᠠ ᠭᠡᠪᠡ᠃ | ᠬᠠᠨ ᠲᠤᠤ᠂ 2025 ᠣᠨ ᠳᠤ ᠳᠣᠤᠷᠠᠬᠢ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠄ ᠪᠡᠯᠡ ᠣᠷᠣᠭᠤᠯᠤᠯᠲᠠ ᠶᠢ ᠡᠷᠡᠰ ᠭᠤᠶᠢᠪᠢᠰᠢ ᠦᠭᠡᠢ ᠪᠠᠷ | ᠠᠳᠬᠤᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢᠨ ᠬᠠᠳᠠᠨ ᠲᠤᠯᠭᠠᠭᠤᠷᠢᠯᠠᠯ ᠢ ᠪᠠᠳᠤ ᠴᠤᠭᠴᠠᠯᠠᠨ᠎ᠠ︔ ᠠᠵᠤ ᠦᠢᠯᠡᠰ ᠢ | ᠡᠷᠡᠰ ᠭᠤᠶᠢᠪᠢᠰᠢ ᠦᠭᠡᠢ ᠪᠠᠷ ᠠᠳᠬᠤᠵᠤ᠂ ᠬᠥᠳᠡᠯᠭᠡᠭᠴᠢ ᠡᠨᠧᠷᠭᠢ ᠶᠢ ᠪᠤᠶᠢᠵᠢᠭᠤᠯᠤᠨ᠂ ᠠᠵᠤ ᠦᠢᠯᠡᠰ ᠤᠨ ᠲᠡᠰ ᠲᠡᠪᠰᠢᠨ ᠥᠷᠢᠰᠦᠯᠳᠦᠬᠦ ᠬᠦᠴᠦᠨ ᠢ | ᠳᠡᠭᠡᠭᠰᠢᠯᠡᠭᠦᠯᠦᠨ᠎ᠡ︔ ᠪᠦᠲᠦᠭᠡᠨ ᠪᠠᠶᠢᠭᠤᠯᠤᠯᠲᠠ ᠶᠢ ᠡᠷᠡᠰ ᠭᠤᠶᠢᠪᠢᠰᠢ ᠦᠭᠡᠢ ᠠᠳᠬᠤᠵᠤ᠂ ᠵᠠᠰᠠᠯᠲᠠ ᠶᠢ ᠴᠢᠩᠭᠠᠳᠬᠠᠨ᠂ ᠬᠤᠲᠠ ᠬᠥᠳᠡᠭᠡ ᠶᠢᠨ | ᠬᠥᠭᠵᠢᠯᠲᠡ ᠶᠢᠨ ᠵᠣᠬᠢᠴᠠᠩᠭᠤᠢ ᠴᠢᠨᠠᠷ ᠢ ᠴᠢᠩᠭᠠᠷᠠᠭᠤᠯᠤᠨ᠎ᠠ︔ ᠥᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ ᠪᠠᠷ ᠠᠳᠬᠤᠵᠤ᠂ ᠨᠡᠭᠡᠭᠡᠯᠲᠡ ᠶᠢ ᠠᠬᠢᠭᠤᠯᠤᠨ᠂ | ᠠᠵᠤ ᠠᠬᠤᠢ ᠶᠢᠨ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠨ᠎ᠡ︔ ᠠᠮᠢ ᠠᠬᠤᠢ ᠶᠢ ᠡᠷᠡᠰ ᠭᠤᠶᠢᠪᠢᠰᠢ ᠦᠭᠡᠢ ᠠᠳᠬᠤᠨ᠂ ᠣᠷᠴᠢᠨ | ᠲᠣᠭᠤᠷᠢᠨ ᠢ ᠰᠢᠯᠢᠳᠡᠭᠵᠢᠭᠦᠯᠵᠦ᠂ ᠪᠣᠬᠢᠷᠲᠤᠯ ᠦᠭᠡᠢ ᠬᠥᠭᠵᠢᠯᠲᠡ ᠶᠢᠨ ᠦᠨ᠎ᠡ ᠴᠡᠨ᠎ᠡ ᠶᠢ ᠳᠡᠭᠡᠭᠰᠢᠯᠡᠭᠦᠯᠦᠨ᠎ᠡ︔ ᠠᠷᠠᠳ ᠤᠨ ᠠᠮᠢᠳᠤᠷᠠᠯ ᠢ ᠰᠠᠶᠢᠲᠤᠷ ᠠᠳᠬᠤᠵᠤ᠂ | ᠠᠶᠤᠯ ᠲᠦᠭᠰᠢᠭᠦᠷᠢ ᠶᠢ ᠰᠡᠷᠬᠡᠶᠢᠯᠡᠨ᠂ ᠨᠡᠶᠢᠭᠡᠮ ᠤᠨ ᠡᠶ᠎ᠡ ᠵᠣᠬᠢᠴᠠᠯ ᠲᠠᠢ ᠰᠢᠨ᠎ᠡ ᠪᠠᠶᠢᠳᠠᠯ ᠢ ᠪᠤᠢ ᠪᠣᠯᠭᠠᠨ᠎ᠠ ᠭᠡᠪᠡ᠃ | ᠬᠠᠨ ᠲᠤᠤ᠂ ᠠᠷᠠᠳ ᠲᠦᠮᠡᠨ ᠤ ᠬᠦᠰᠡᠯ ᠱᠠᠭᠠᠷᠳᠠᠯᠭ᠎ᠠ ᠪᠤᠯ ᠳᠠᠷᠤᠢ ᠵᠠᠰᠠᠭ ᠤᠨ ᠤᠷᠳᠤᠨ ᠤ ᠠᠵᠢᠯ ᠤᠨ ᠭᠤᠤᠯᠳᠠᠯᠭ᠎ᠠ ᠮᠦᠨ᠃ ᠮᠠᠨ ᠤ ᠬᠠᠷᠠᠯᠲᠠ ᠪᠣᠯ | ᠡᠴᠦᠰ ᠤᠨ ᠡᠴᠦᠰ ᠲᠡᠭᠡᠨ ᠠᠷᠠᠳ ᠤᠯᠠᠨ ᠢᠶᠠᠨ ᠴᠢᠨᠡᠭᠡᠯᠢᠭ ᠠᠮᠢᠳᠤᠷᠠᠭᠤᠯᠬᠤ ᠪᠠ ᠳ᠋ᠦᠩᠱᠧᠩ ᠲᠤᠭᠤᠷᠢᠭ ᠢᠶᠠᠨ ᠨᠠᠩ ᠰᠠᠶᠢᠬᠠᠨ ᠢᠷᠡᠭᠡᠳᠦᠢ ᠲᠠᠢ ᠪᠣᠯᠭᠠᠬᠤ | ᠶᠠᠪᠤᠳᠠᠯ ᠪᠣᠯᠤᠨ᠎ᠠ᠃ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠬᠤ ᠶᠢ ᠰᠢᠨ᠎ᠡ ᠴᠠᠭ ᠦᠶ᠎ᠡ ᠶᠢᠨ ᠬᠠᠲᠠᠭᠤ ᠶᠣᠰᠣ ᠪᠣᠯᠭᠠᠵᠤ᠂ ᠠᠷᠠᠳ ᠲᠦᠮᠡᠨ ᠳᠤ ᠪᠤᠶᠠᠨ | ᠦᠢᠯᠡᠳᠬᠦ ᠶᠢ ᠬᠠᠮᠤᠭ ᠤᠨ ᠴᠢᠬᠤᠯᠠ ᠠᠵᠢᠯ ᠤᠨ ᠠᠮᠵᠢᠯᠲᠠ ᠪᠣᠯᠭᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠬᠠᠤᠯᠢᠵᠢᠯ ᠵᠠᠰᠠᠭ ᠤᠨ ᠣᠷᠳᠣᠨ᠂ ᠪᠤᠳᠠᠳᠤ | ᠪᠦᠳᠦᠮᠵᠢᠳᠠᠢ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ ᠪᠣᠯᠤᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ | ᠪᠠᠶᠢᠭᠤᠯᠵᠤ᠂ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠰᠠᠶᠢᠲᠤᠷ ᠭᠦᠢᠴᠡᠳᠬᠡᠵᠦ᠂ ᠰᠢᠨ᠎ᠡ ᠳᠦᠷᠰᠦ ᠪᠠᠶᠢᠳᠠᠯ᠂ ᠰᠢᠨ᠎ᠡ ᠵᠢᠳᠬᠦᠯ | ᠴᠢᠷᠮᠠᠶᠢᠯᠭ᠎ᠠ ᠪᠠᠷ ᠨᠠᠮ ᠪᠣᠯᠤᠨ ᠠᠷᠠᠳ ᠲᠦᠮᠡᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠳᠤᠰᠢᠶᠠᠨ᠎ᠠ ᠭᠡᠪᠡ᠃ | ᠬᠠᠨ ᠲᠤᠤ᠂ ᠰᠠᠯᠬᠢ ᠬᠦᠯᠬᠡᠯᠡᠨ ᠰᠢᠨ᠎ᠡ ᠠᠶᠠᠨ ᠳᠤ ᠤᠷᠤᠭᠰᠢᠯᠠᠨ ᠮᠤᠷᠳᠠᠬᠤᠶᠠ᠂ ᠡᠷᠴᠢᠳᠤ ᠳᠠᠷᠪᠠᠭᠤᠯ ᠢᠯᠠᠯᠳᠠ ᠶᠢᠨ ᠪᠢᠴᠢᠭᠯᠡᠯ ᠢ ᠳᠠᠯᠠᠯᠤᠨᠠᠮ᠃ ᠵᠤᠷᠢᠭ | ᠲᠡᠭᠦᠰ ᠵᠤᠯᠪᠤᠭ᠎ᠠ ᠲᠡᠭᠦᠯᠳᠡᠷ ᠣᠷᠣᠭᠰᠢᠯᠠᠪᠠᠯ ᠠᠨᠠᠪᠠᠳ ᠳᠠᠯᠠᠢ ᠶᠢ ᠭᠡᠳᠣᠯᠵᠤ ᠳᠡᠶᠢᠯᠤᠨ᠎ᠡ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠲᠤᠭᠤᠷᠢᠭ ᠤᠨ | ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ ᠵᠣᠷᠢᠭ ᠢᠶᠠᠨ ᠪᠠᠳᠤᠳᠬᠠᠨ᠂ ᠵᠤᠭᠰᠤᠯᠳᠠ ᠪᠠᠨ ᠪᠠᠳᠤᠯᠠᠵᠤ᠂ ᠬᠠᠷᠠᠯᠲᠠ ᠪᠠᠨ | ᠲᠤᠭᠳᠠᠭᠠᠨ᠂ ᠵᠠᠮ ᠨᠡᠭᠡᠭᠡᠨ ᠡᠷᠡᠯᠬᠡᠭᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ | ᠭᠤᠣᠯ ᠰᠢᠵᠢᠮ ᠪᠤᠯᠭᠠᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠬᠤᠳᠠ ᠶᠢᠨ ᠨᠠᠮ ᠤᠨ | ᠬᠤᠷᠢᠶᠠᠨ ᠤ ︽ᠭᠤᠷᠪᠠᠨ ᠲᠦᠷᠪᠡ︾ ᠶᠢᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠵᠤ᠂ ︽ᠭᠤᠷᠪᠠᠨ ᠲᠤᠭᠤᠷᠢᠭ ᠲᠦᠷᠪᠡᠨ ᠬᠤᠳᠠ︾ ᠶᠢᠨ ᠪᠦᠳᠦᠭᠡᠨ | ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠂ ᠳ᠋ᠦᠡᠭᠱᠧᠩ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠨ᠎ᠡ ᠭᠡᠪᠡ᠃ | | | | ᠶᠡᠭᠡ ᠬᠤᠷᠠᠯ ᠠᠴᠠ ᠳ᠋ᠦᠩᠱᠧᠩ ᠲᠣᠭᠤᠷᠢᠭ ᠤᠨ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ | ᠪᠠᠶᠢᠳᠠᠯ ᠤᠨ ᠮᠡᠳᠡᠭᠦᠯᠦᠯᠲᠡ ᠪᠣᠯᠤᠨ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠰᠡᠨ ᠲᠦᠷᠦᠯ ᠵᠦᠢᠯ ᠤᠨ | ᠲᠣᠳᠣᠷᠬᠠᠶᠢᠯᠠᠯᠲᠠ ᠶᠢ ᠰᠤᠨᠤᠰᠪᠠ᠃ | ᠶᠡᠭᠡ ᠬᠤᠷᠠᠯ ᠠᠴᠠ ᠳ᠋ᠦᠩᠱᠧᠩ ᠲᠣᠭᠤᠷᠢᠭ ᠤᠨ 2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ | ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ | ᠮᠡᠳᠡᠭᠦᠯᠦᠯᠲᠡ᠂ ᠳ᠋ᠦᠩᠱᠧᠩ ᠲᠣᠭᠤᠷᠢᠭ ᠤᠨ 2024 ᠣᠨ ᠤ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠪᠠ 2025 ᠣᠨ ᠤ ᠲᠥᠰᠦᠪ ᠤᠨ ᠲᠥᠰᠦᠯ ᠤᠨ | ᠮᠡᠳᠡᠭᠦᠯᠦᠯᠲᠡ ᠶᠢ ᠬᠢᠨᠠᠨ ᠪᠠᠶᠢᠴᠠᠭᠠᠪᠠ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠨᠠᠷᠢᠨ ᠪᠢᠴᠢᠭ ᠤᠨ ᠳᠠᠷᠤᠭ᠎ᠠ ᠵᠠᠩ ᠵᠧᠨ ᠫᠢᠩ ᠳ᠋ᠦᠩᠱᠧᠩ | ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ ᠤᠨ ᠰᠣᠩᠭᠤᠭᠤᠯᠢ ᠶᠢᠨ | ᠠᠷᠭ᠎ᠠ ︵ᠲᠥᠰᠦᠯ︶ ᠪᠣᠯᠤᠨ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ ᠤᠨ ᠪᠢᠯᠧᠲ ᠥᠭᠴᠦ ᠪᠠᠲᠤᠯᠠᠬᠤ ᠠᠷᠭ᠎ᠠ | ︵ᠲᠥᠰᠦᠯ︶ ᠶᠢᠨ ᠲᠤᠬᠠᠶ ᠲᠣᠳᠣᠷᠬᠠᠶᠢᠯᠠᠯᠲᠠ ᠬᠢᠪᠠ᠃ | ᠬᠠᠤᠯᠢ ᠪᠠᠷ ᠲᠣᠭᠲᠠᠭᠠᠭᠰᠠᠨ ᠰᠤᠯᠠ ᠣᠷᠣᠯᠴᠠᠭᠰᠠᠳ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠠᠴᠠ ᠲᠣᠭᠲᠠᠭᠠᠭᠰᠠᠨ ᠰᠤᠯᠠ ᠣᠷᠣᠯᠴᠠᠭᠰᠠᠳ ᠪᠠ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠳᠥᠷᠪᠡᠳᠦᠭᠡᠷ | ᠤᠳᠠᠭᠠᠨ ᠤ ᠬᠤᠷᠠᠯ ᠳᠤ ᠣᠷᠣᠯᠴᠠᠭᠰᠠᠨ ᠪᠦᠬᠦ ᠭᠡᠰᠢᠭᠦᠳ ᠲᠤᠰ ᠤᠳᠠᠭᠠᠨ ᠤ ᠪᠦᠬᠦᠳᠡ ᠬᠤᠷᠠᠯ ᠳᠤ ᠰᠤᠯᠠ ᠣᠷᠣᠯᠴᠠᠪᠠ᠃ | | |