【ᠬᠤᠶᠠᠷ ᠬᠤᠷᠠᠯ 2025】ᠤᠯᠤᠰ ᠲᠦᠷᠦ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠤᠳᠠᠭᠠᠨ ᠤ ᠬᠤᠷᠠᠯ ᠠᠮᠵᠢᠯᠳᠠᠳᠠᠢ ᠪᠠᠷ ᠦᠨᠳᠦᠷᠯᠡᠪᠡ
ᠨᠡᠶᠢᠲᠡᠯᠡᠭᠰᠡᠨ ᠴᠠᠭ᠄
2025/1/15
     ᠤᠯᠤᠰ ᠲᠦᠷᠦ ᠶᠢᠨ ᠵᠦᠪᠯᠡᠯᠬᠡᠨ ᠤ ᠤᠷᠳᠤᠰ ᠬᠤᠳᠠ ᠶᠢᠨ ᠳ᠋ᠦᠩᠱᠧᠩ ᠲᠤᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠳᠦᠷᠪᠡᠳᠤᠭᠡᠷ ᠤᠳᠠᠭᠠᠨ ᠤ ᠬᠤᠷᠠᠯ ᠳᠡᠬᠦᠰᠪᠡ᠂ ᠭᠤᠤ ᠢ ᠳ᠋ᠦᠩ᠂ ᠬᠠᠨ ᠲᠤᠤ᠂ ᠵᠢᠢ ᠫᠢᠩ ᠬᠤᠷᠠᠯ ᠳᠤ ᠤᠷᠤᠯᠴᠠᠨ ᠪᠠᠶᠠᠷ ᠬᠦᠷᠭᠡᠵᠤ᠂ ᠬᠠᠨ ᠶᠤᠤ ᠲᠢᠩ ᠬᠤᠷᠠᠯ ᠳᠤ ᠤᠷᠤᠯᠴᠠᠪᠠ      1 ᠰᠠᠷ᠎ᠠ ᠶᠢᠨ 15 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠤᠳᠠᠭᠠᠨ ᠤ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠡᠳ ᠠᠮᠵᠢᠯᠲᠠ ᠲᠠᠢ ᠪᠠᠷ ᠲᠡᠭᠦᠰᠪᠡ᠃
5b557eddace83d46142825e87b75329.jpg
     ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠳᠤ ᠨᠡᠶᠢᠳᠡ 191 ᠭᠡᠰᠢᠭᠦᠨ ᠲᠠᠢ᠂ ᠶᠡᠭᠡ ᠬᠤᠷᠠᠯ ᠳᠤ 158 ᠭᠡᠰᠢᠭᠦᠨ ᠣᠷᠣᠯᠴᠠᠵᠤ᠂ ᠬᠠᠤᠯᠢ ᠳᠤ ᠲᠤᠭᠳᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃     ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠨ ᠶᠣᠣ ᠲᠢᠩ᠂ ᠳᠡᠳ᠋ ᠲᠡᠷᠢᠭᠦᠯᠡᠭᠴᠢ ᠱᠢ ᠮᠤᠤ ᠯᠢᠨ᠂ ᠲᠤᠶᠠᠭ᠎ᠠ᠂ ᠵᠠᠩ ᠵᠢᠶᠦ᠋ᠨ᠂ ᠸᠠᠩ ᠰᠢᠤ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃     ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠵᠢᠢ ᠫᠢᠩ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠵᠤ ᠪᠠᠶᠠᠷ ᠬᠦᠷᠭᠡᠭᠰᠡᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃     ᠱᠢ ᠮᠤᠤ ᠯᠢᠨ ᠲᠡᠭᠦᠰᠬᠦ ᠬᠤᠷᠠᠯ ᠢ ᠡᠷᠬᠢᠯᠡᠪᠡ᠃     ᠬᠤᠷᠠᠯ ᠠᠴᠠ ᠠᠷᠪᠠᠳᠤᠭᠠᠷ ᠬᠤᠭᠤᠴᠠᠭᠠᠨ ᠤ ᠳᠥᠷᠪᠡᠳᠦᠭᠡᠷ ᠤᠳᠠᠭᠠᠨ ᠤ ᠬᠤᠷᠠᠯ ᠤᠨ ᠰᠠᠨᠠᠯ ᠵᠦᠪᠯᠡᠯᠬᠡ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠪᠠᠲᠤᠯᠠᠪᠠ︔ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ ᠶᠢ ᠪᠠᠲᠤᠯᠠᠪᠠ︔ ᠠᠷᠪᠠᠳᠤᠭᠠᠷ ᠬᠤᠭᠤᠴᠠᠭᠠᠨ ᠤ ᠭᠤᠷᠪᠠᠳᠤᠭᠠᠷ ᠤᠳᠠᠭᠠᠨ ᠤ ᠬᠤᠷᠠᠯ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ᠶᠢ ᠪᠠᠲᠤᠯᠠᠪᠠ︔ ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠳᠦᠷᠪᠡᠳᠤᠭᠡᠷ ᠤᠳᠠᠭᠠᠨ ᠤ ᠬᠤᠷᠠᠯ ᠤᠨ ᠤᠯᠤᠰ ᠲᠥᠷᠥ ᠶᠢᠨ ᠰᠢᠢᠳᠪᠦᠷᠢ ᠶᠢ ᠪᠠᠲᠤᠯᠠᠪᠠ︔ ᠰᠢᠯᠢᠳᠡᠭ ᠰᠠᠨᠠᠯ ᠵᠥᠪᠯᠡᠯᠭᠡ᠂ ᠰᠠᠨᠠᠯ ᠳᠤᠷᠠᠳᠤᠯᠭ᠎ᠠ ᠶᠢ ᠳᠠᠭᠠᠭᠠᠨ ᠠᠪᠴᠤ ᠰᠢᠢᠳᠪᠦᠷᠢᠯᠡᠭᠰᠡᠨ ᠲᠡᠷᠢᠭᠦᠨ ᠤ ᠨᠢᠭᠡᠴᠡ ᠪᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠰᠢᠯᠢᠳᠡᠭ ᠭᠡᠰᠢᠭᠦᠨ ᠢ ᠬᠥᠬᠢᠭᠦᠯᠦᠨ ᠰᠠᠶᠢᠰᠢᠶᠠᠪᠠ᠃     ᠬᠤᠷᠠᠯ ᠠᠴᠠ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠳᠥᠷᠪᠡᠳᠦᠭᠡᠷ ᠤᠳᠠᠭᠠᠨ ᠤ ᠬᠤᠷᠠᠯ ᠨᠢ ᠲᠣᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠭᠡᠰᠢᠭᠦᠳ ᠪᠣᠯᠤᠨ ᠬᠤᠷᠠᠯ ᠳᠤ ᠣᠷᠣᠯᠴᠠᠭᠰᠠᠳ ᠤᠨ ᠬᠠᠮᠲᠤ ᠶᠢᠨ ᠴᠢᠷᠮᠠᠶᠢᠯᠭ᠎ᠠ ᠪᠠᠷ ᠡᠯ᠎ᠡ ᠵᠦᠢᠯ ᠤᠨ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠬᠤᠷᠠᠯ ᠤᠨ ᠬᠤᠭᠤᠴᠠᠭᠠᠨ ᠳᠤ᠂ ᠪᠦᠬᠦ ᠭᠡᠰᠢᠭᠦᠳ ᠬᠡᠬᠦᠳᠡᠭ ᠳᠦᠬᠦᠷᠡᠩ ᠤᠯᠤᠰ ᠲᠦᠷᠦ ᠶᠢᠨ ᠬᠠᠯᠠᠭᠤᠨ ᠰᠡᠳᠬᠢᠯᠭᠡ᠂ ᠬᠤᠷᠴᠠ ᠴᠢᠩᠭ᠎ᠠ ᠬᠠᠷᠢᠭᠤᠴᠠᠯᠭ᠎ᠠ ᠡᠬᠦᠷᠭᠡᠯᠡᠯ ᠪᠠ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢᠶᠠᠷ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠠᠷᠠᠳ ᠤᠨ ᠠᠮᠢᠳᠤᠷᠠᠯ ᠤᠨ ᠲᠠᠯ᠎ᠠ ᠪᠠᠷ ᠬᠢ ᠬᠦᠰᠡᠯ ᠡᠷᠡᠮᠡᠯᠵᠡᠯ ᠵᠡᠷᠭᠡ ᠠᠰᠠᠭᠤᠳᠠᠯ ᠤᠨ ᠲᠣᠭᠤᠷᠢᠨ ᠳᠤ ᠢᠳᠡᠪᠬᠢᠲᠡᠢ ᠪᠠᠷ ᠠᠷᠭ᠎ᠠ ᠪᠤᠳᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ᠂ ᠮᠠᠰᠢ ᠤᠯᠠᠨ ᠬᠡᠷᠡᠭᠵᠢᠬᠦᠯᠵᠤ ᠪᠤᠯᠬᠤᠶᠢᠴᠠ᠂ ᠦᠨ᠎ᠡ ᠦᠷᠳᠡᠭ ᠲᠠᠢ ᠰᠠᠨᠠᠯ ᠰᠠᠨᠠᠭᠤᠯᠭ᠎ᠠ ᠳᠤᠷᠠᠳᠴᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠥᠪᠡᠷᠮᠢᠴᠡ ᠳᠠᠪᠠᠭᠤᠯᠢᠭ ᠪᠣᠯᠤᠨ ᠨᠡᠶᠢᠭᠡᠮ ᠵᠢᠷᠤᠮ ᠤᠨ ᠵᠦᠪᠯᠡᠯᠬᠡ ᠶᠢᠨ ᠠᠷᠠᠳᠴᠢᠯᠠᠯ ᠢ ᠦᠢᠯᠡᠳᠦᠯᠭᠡᠵᠢᠭᠦᠯᠬᠦ ᠠᠮᠢᠵᠢᠷᠠᠯ ᠤᠨ ᠬᠦᠴᠦᠨ ᠢ ᠠᠮᠢᠳᠤᠯᠢᠭ ᠢᠶᠠᠷ ᠢᠯᠡᠷᠡᠭᠦᠯᠵᠦ᠂ ᠥᠷᠭᠡᠨ ᠤᠯᠠᠨ ᠭᠡᠰᠢᠭᠦᠳ ᠤᠨ ᠬᠡᠬᠦᠳᠡᠭ ᠴᠡᠭᠡᠵᠢᠨ ᠳᠡᠭᠡᠨ ᠶᠡᠭᠡ ᠲᠠᠯ᠎ᠠ ᠶᠢ ᠪᠤᠳᠤᠵᠤ᠂ ᠠᠷᠠᠳ ᠤᠨ ᠠᠮᠢᠳᠤᠷᠠᠯ ᠲᠠᠢ ᠰᠡᠳᠬᠢᠯ ᠵᠢᠷᠦᠬᠡ ᠪᠠᠨ ᠬᠤᠯᠪᠣᠬᠤ ᠤᠯᠤᠰ ᠲᠦᠷᠦ ᠶᠢᠨ ᠤᠬᠠᠮᠰᠠᠷ ᠪᠣᠯᠤᠨ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠪᠡ᠃ ᠬᠤᠷᠠᠯ ᠨᠢ ᠢᠮᠠᠭᠳᠠ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠵᠤ᠂ ᠪᠦᠯᠬᠦᠮᠳᠡᠯ ᠲᠠᠢ ᠠᠷᠠᠳᠴᠢᠯᠠᠯ ᠲᠠᠢ ᠪᠠᠶᠢᠬᠤ ᠭᠤᠤᠯ ᠬᠥᠭ ᠠᠶᠠᠰ ᠢ ᠴᠤᠤᠷᠢᠶᠠᠳᠤᠭᠤᠯᠪᠠ᠃ ᠮᠦᠨᠴᠤ ᠲᠤᠭ ᠢᠶᠠᠨ ᠥᠨᠳᠥᠷ ᠮᠠᠨᠳᠤᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠲᠡᠮᠡᠴᠡᠭᠰᠡᠨ ᠨᠢᠭᠡ ᠤᠳᠠᠭᠠᠨ ᠤ ᠶᠡᠭᠡ ᠬᠤᠷᠠᠯ ᠪᠤᠯᠤᠭᠰᠠᠨ ᠪᠠᠶᠢᠨ᠎ᠠ ᠭᠡᠵᠤ ᠵᠢᠭᠠᠵᠤ ᠭᠠᠷᠭᠠᠪᠠ᠃
a479ff10bcf296074532877f05ca705.jpg
     ᠬᠤᠷᠠᠯ ᠠᠴᠠ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠤᠯᠤᠰ ᠲᠦᠷᠦ ᠶᠢᠨ ᠵᠥᠪᠯᠡᠯᠭᠡ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠴᠢᠳᠠᠪᠬᠢ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠰᠢᠨ᠎ᠡ ᠡᠬᠦᠷᠭᠡ ᠬᠠᠷᠢᠭᠤᠴᠠᠯᠭ᠎ᠠ ᠶᠢ ᠵᠣᠷᠢᠭᠲᠠᠢ ᠪᠠᠷ ᠡᠬᠦᠷᠭᠡᠯᠡᠨ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠬᠡᠪ ᠳᠠᠭᠤᠷᠢᠶᠠᠯ ᠦᠵᠡᠬᠦᠯᠬᠦ ᠬᠡᠷᠡᠭᠲᠡᠢ᠃ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠠᠢ ᠤᠬᠠᠮᠰᠠᠷ ᠠᠴᠠ  ᠪᠠᠨ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠯᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠨ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠶᠡᠭᠡ ᠲᠠᠯ᠎ᠠ ᠳᠤ ᠦᠢᠯᠡᠴᠢᠯᠡᠨ ᠬᠥᠭᠵᠢᠯᠲᠡ ᠶᠢ ᠠᠬᠢᠭᠤᠯᠵᠤ᠂ ᠭᠤᠣᠯ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠦᠷᠨᠢᠬᠦᠯᠦᠨ᠂ ᠪᠠᠷᠠᠭᠠᠯᠬᠢᠯᠠᠯᠳᠤ ᠴᠢᠨᠠᠷ᠂ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠳᠦᠮᠵᠢᠳᠤ ᠴᠢᠨᠠᠷ ᠪᠦᠬᠦᠢ ᠰᠠᠨᠠᠭᠤᠯᠭ᠎ᠠ ᠶᠢ ᠢᠯᠡᠭᠦᠬᠡᠨ ᠳᠤᠷᠠᠳᠴᠤ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠠᠰᠢᠭᠲᠠᠢ ᠯᠠᠪᠯᠠᠯᠲᠠ ᠬᠠᠩᠭᠠᠬᠤ ᠬᠡᠷᠡᠭᠲᠡᠢ᠃ ᠴᠢᠷᠮᠠᠶᠢᠨ ᠰᠤᠷᠤᠯᠴᠠᠵᠤ ᠴᠢᠳᠠᠮᠠᠭᠠᠢ ᠪᠠᠷ ᠰᠡᠳᠬᠢᠨ ᠴᠢᠳᠠᠪᠤᠷᠢ ᠪᠠᠨ ᠳᠡᠭᠡᠭᠰᠢᠯᠡᠭᠦᠯᠵᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠤᠨᠤᠯ ᠤᠨ ᠰᠤᠷᠤᠯᠴᠠᠯᠭ᠎ᠠ ᠪᠠ ᠤᠯᠤᠰ ᠲᠦᠷᠦ ᠶᠢᠨ ᠪᠣᠯᠪᠠᠰᠤᠷᠠᠯ ᠢᠶᠠᠨ ᠴᠢᠩᠭᠠᠳᠬᠠᠵᠤ᠂ ᠤᠯᠤᠰ ᠲᠦᠷᠦ ᠶᠢᠨ ᠡᠵᠡᠮᠳᠡᠬᠦ ᠴᠢᠳᠠᠪᠤᠷᠢ᠂ ᠪᠠᠶᠢᠴᠠᠭᠠᠨ ᠰᠤᠳᠤᠯᠬᠤ ᠴᠢᠳᠠᠪᠤᠷᠢ᠂ ᠤᠯᠠᠨ ᠲᠦᠮᠡᠨ ᠲᠠᠢ ᠬᠠᠷᠢᠯᠴᠠᠬᠤ ᠴᠢᠳᠠᠪᠤᠷᠢ᠂ ᠬᠠᠮᠲᠤᠷᠠᠨ ᠠᠵᠢᠯᠯᠠᠬᠤ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠬᠦᠯᠦᠨ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠰᠢᠨ᠎ᠡ ᠴᠤᠭ ᠵᠢᠪᠬᠤᠭ᠎ᠠ ᠶᠢ ᠢᠯᠡᠷᠡᠭᠦᠯᠬᠦ ᠬᠡᠷᠡᠭᠲᠡᠶ ᠭᠡᠵᠤ ᠴᠢᠬᠤᠯᠠᠴᠢᠯᠠᠪᠠ᠃
83978c50e2f3a0a749f05ba17bf750a.jpg
     ᠶᠡᠭᠡ ᠬᠤᠷᠠᠯ ᠰᠦᠷ ᠵᠢᠪᠬᠤᠯᠠᠩᠳᠤ ᠤᠯᠤᠰ ᠤᠨ ᠰᠦᠯᠳᠡ ᠳᠠᠭᠤᠨ ᠤ ᠠᠶᠠᠰ ᠳᠤᠮᠳᠠ ᠳᠡᠬᠦᠰᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ