【 ᠬᠤᠶᠠᠷ ᠬᠤᠷᠠᠯ 2025】ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ ᠠᠮᠵᠢᠯᠳᠠᠳᠠᠢ ᠦᠨᠳᠦᠷᠯᠡᠪᠡ
ᠨᠡᠶᠢᠲᠡᠯᠡᠭᠰᠡᠨ ᠴᠠᠭ᠄
2025/1/16
     ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ ᠲᠡᠭᠦᠰᠪᠡ᠂ ᠭᠤᠤ ᠢ ᠳ᠋ᠦᠩ᠂ ᠬᠠᠨ ᠲᠤᠤ᠂ ᠬᠠᠨ ᠶᠣᠣ ᠲᠢᠩ ᠨᠠᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠳᠠᠪᠠ᠂ ᠵᠢᠢ ᠫᠢᠩ ᠬᠤᠷᠠᠯ ᠢ ᠡᠷᠬᠢᠯᠡᠨ ᠶᠠᠷᠢᠶ᠎ᠠ ᠳᠠᠯᠪᠢᠪᠠ᠃     1 ᠰᠠᠷ᠎ᠠ ᠶᠢᠨ 16 ᠤ ᠡᠳᠦᠷ᠂ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠳᠠᠭᠤᠰᠬᠠᠵᠤ᠂ ᠠᠮᠵᠢᠯᠳᠠ ᠲᠠᠢ ᠪᠠᠷ ᠲᠡᠭᠦᠰᠪᠡ᠃
21622b2d4dad06c888a28493fe27d32.jpg
     ᠲᠤᠰ ᠤᠳᠠᠭᠠᠨ ᠤ ᠶᠡᠭᠡ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 191 ᠬᠥᠮᠥᠨ᠂ ᠣᠷᠣᠯᠴᠠᠭᠰᠠᠨ ᠲᠥᠯᠥᠭᠡᠯᠡᠭᠴᠢ 174 ᠬᠥᠮᠥᠨ ᠪᠠᠶᠢᠵᠤ᠂ ᠬᠠᠤᠯᠢ ᠪᠠᠷ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃      ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠦᠢᠴᠡᠳᠭᠡᠭᠴᠢ ᠲᠡᠷᠢᠭᠦᠯᠡᠭᠴᠢ ᠭᠤᠤ ᠢ ᠳ᠋ᠦᠩ᠂ ᠵᠢᠢ ᠫᠢᠩ᠂ ᠵᠠᠩ ᠵᠧᠨ ᠫᠢᠩ᠂ ᠯᠢᠦ ᠯᠠᠨ ᠰᠢᠶᠠᠩ᠂ ᠦ᠋ ᠹᠧᠢ ᠰᠢᠶᠦ᠋ᠩ᠂ ᠾᠧ ᠱᠧᠩ᠂ ᠪᠦᠦ ᠮᠧᠢ᠂ ᠬᠤᠤ ᠵᠢᠩ ᠢᠦᠢ᠂ ᠶᠤᠸᠠᠨ ᠪᠥᠸᠧ᠂ ᠬᠠᠨ ᠰᠢᠶᠣᠣ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠭᠤᠸ ᠢ ᠳ᠋ᠦᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠭᠤᠷᠪᠠᠳᠤᠭᠠᠷ ᠪᠥᠬᠦᠳᠡ ᠬᠤᠷᠠᠯ ᠢ ᠡᠷᠭᠢᠯᠡᠵᠦ᠂ ᠵᠢᠢ ᠫᠢᠩ ᠲᠡᠭᠦᠰᠬᠦ ᠬᠤᠷᠠᠯ ᠢ ᠡᠷᠭᠢᠯᠡᠪᠡ᠃      ᠬᠠᠨ ᠲᠤᠤ᠂ ᠬᠠᠨ ᠶᠣᠣ ᠲᠢᠩ ᠵᠡᠷᠭᠡ ᠲᠡᠷᠢᠭᠦᠯᠡᠭᠴᠢᠳ ᠤᠨ ᠪᠦᠯᠬᠦᠮ ᠤᠨ ᠪᠤᠰᠤᠳ ᠪᠦᠷᠢᠯᠳᠦᠭᠦᠨ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃      ᠬᠤᠷᠠᠯ ᠠᠴᠠ ᠡᠮᠦᠨ᠎ᠡ᠂ ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ ᠭᠤᠷᠪᠠᠳᠤᠭᠠᠷ ᠪᠦᠬᠦᠳᠡ ᠬᠤᠷᠠᠯ ᠬᠤᠷᠠᠯᠳᠤᠭᠤᠯᠵᠤ᠂ ᠬᠤᠷᠠᠯ ᠠᠴᠠ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ᠢ ᠪᠠᠲᠤᠯᠠᠭᠰᠠᠨ ᠤ ᠳᠠᠷᠠᠭ᠎ᠠ᠂ ᠨᠡᠷ᠎ᠡ ᠳᠡᠮᠳᠡᠭᠯᠡᠬᠦ ᠦᠭᠡᠢ ᠪᠠᠷ ᠰᠤᠩᠭᠤᠭᠤᠯᠢ ᠬᠢᠬᠦ ᠠᠷᠭ᠎ᠠ ᠪᠠᠷ ᠯᠢᠦ ᠵᠢᠶᠠ᠂ ᠯᠢ ᠵᠢᠶᠠ ᠵᠧᠩ᠂ ᠦ᠋ ᠴᠢᠶᠠᠩ᠂ ᠮᠧᠢ ᠵᠢᠩ ᠿᠢ ᠵᠡᠷᠭᠡ 4 ᠬᠥᠮᠥᠨ ᠢ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠢᠶᠠᠷ ᠰᠣᠩᠭᠤᠪᠠ︔ ᠯᠢᠦᠢ ᠰᠢᠶᠠᠩ ᠯᠢ ᠶᠢ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠪᠠᠷ ᠲᠣᠮᠢᠯᠠᠪᠠ᠃ ᠬᠤᠷᠠᠯ ᠠᠴᠠ ᠳ᠋ᠦᠩᠱᠧᠩ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ 2025 ᠤᠨ ᠳᠤ ᠬᠡᠷᠡᠭᠵᠢᠬᠦᠯᠬᠦ 10 ᠲᠦᠷᠦᠯ ᠤᠨ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠦᠷᠦᠯ ᠵᠤᠶᠢᠯ ᠢ ᠪᠢᠯᠧᠲ ᠦᠭᠴᠤ ᠲᠤᠭᠳᠠᠭᠠᠨ᠂ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠳᠤ ᠬᠡᠷᠡᠭᠵᠢᠭᠦᠯᠦᠭᠰᠡᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠬᠦ ᠶᠢᠨ ᠬᠠᠮᠲᠤ ᠰᠢᠯᠭᠠᠨ ᠦᠨᠡᠯᠡᠭᠰᠡᠨ ᠦᠷ᠎ᠡ ᠳ᠋ᠦᠩ ᠢ ᠤᠩᠰᠢᠨ ᠨᠡᠶᠢᠲᠡᠯᠡᠪᠡ᠃      ᠪᠦᠭᠦᠳᠡ ᠬᠤᠷᠠᠯ ᠤᠨ ᠬᠤᠭᠤᠴᠠᠭᠠᠨ ᠳᠤ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠳᠥᠷᠪᠡᠳᠦᠭᠡᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠶᠡᠷᠦᠩᠬᠡᠢ ᠪᠢᠯᠧᠲ ᠬᠢᠨᠠᠭᠴᠢ ᠶᠢᠨ ᠪᠢᠯᠧᠲ ᠪᠦᠷᠢᠳᠬᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠣᠩᠭᠤᠭᠤᠯᠢ᠂ ᠪᠢᠯᠧᠲ ᠦᠭᠴᠤ ᠲᠤᠭᠳᠠᠭᠠᠭᠰᠠᠨ ᠪᠠᠶᠢᠳᠠᠯ ᠪᠠ ᠬᠠᠨᠤᠮᠵᠢ ᠶᠢᠨ ᠬᠡᠮᠵᠢᠶ᠎ᠡ ᠶᠢ ᠰᠢᠯᠭᠠᠨ ᠲᠣᠭᠲᠠᠭᠠᠭᠰᠠᠨ ᠦᠷ᠎ᠡ ᠳ᠋ᠦᠩ ᠤᠨ ᠬᠦᠴᠦᠨ ᠲᠠᠢ ᠪᠠᠶᠢᠬᠤ ᠶᠢ ᠨᠤᠲᠠᠯᠠᠪᠠ᠃      ᠰᠢᠨ᠎ᠡ ᠪᠠᠷ ᠰᠣᠩᠭᠤᠭᠳᠠᠭᠰᠠᠨ ᠬᠥᠮᠥᠰ ᠦᠨᠳᠦᠰᠦᠨ ᠬᠠᠤᠯᠢ ᠳᠤ ᠲᠠᠩᠭᠠᠷᠢᠭᠯᠠᠪᠠ᠃      ᠲᠡᠭᠦᠰᠬᠦ ᠶᠡᠭᠡ ᠬᠤᠷᠠᠯ ᠳᠡᠭᠡᠷ᠎ᠡ᠂ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠶ ᠰᠢᠢᠳᠪᠦᠷᠢ᠂ ᠳ᠋ᠦᠩᠱᠧᠩ ᠲᠣᠭᠤᠷᠢᠭ ᠤᠨ 2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠶ ᠰᠢᠢᠳᠪᠦᠷᠢ᠂ ᠳ᠋ᠦᠩᠱᠧᠩ ᠲᠣᠭᠤᠷᠢᠭ ᠤᠨ 2024 ᠣᠨ ᠤ ᠲᠥᠰᠦᠪ ᠢ ᠭᠦᠢᠴᠡᠳᠭᠡᠭᠰᠡᠨ ᠪᠠᠶᠢᠳᠠᠯ ᠪᠠ 2025 ᠣᠨ ᠤ ᠲᠥᠰᠦᠪ ᠤᠨ ᠲᠤᠬᠠᠶ ᠰᠢᠢᠳᠪᠦᠷᠢ᠂ ᠳ᠋ᠦᠩᠱᠧᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠬᠦᠯᠦᠯᠳᠡ ᠶᠢᠨ ᠲᠤᠬᠠᠶ ᠰᠢᠢᠳᠪᠦᠷᠢ᠂ ᠳ᠋ᠦᠩᠱᠧᠩ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠮᠡᠳᠡᠬᠦᠯᠦᠯᠳᠡ ᠶᠢᠨ ᠲᠤᠬᠠᠶ ᠰᠢᠢᠳᠪᠦᠷᠢ᠂ ᠳ᠋ᠦᠩᠱᠧᠩ ᠲᠣᠭᠤᠷᠢᠭ ᠤᠨ ᠠᠷᠠᠳ ᠤᠨ ᠰᠢᠬᠦᠬᠦ ᠬᠤᠷᠢᠶᠠᠨ ᠤ ᠠᠵᠢᠯ ᠤᠨ ᠮᠡᠳᠡᠬᠦᠯᠦᠯᠳᠡ ᠶᠢᠨ ᠲᠤᠬᠠᠶ ᠰᠢᠢᠳᠪᠦᠷᠢ᠂ ᠳ᠋ᠦᠩᠱᠧᠩ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠬᠦᠯᠦᠯᠳᠡ  ᠶᠢᠨ ᠲᠤᠬᠠᠶ ᠰᠢᠢᠳᠪᠦᠷᠢ ᠶᠢ ᠪᠠᠲᠤᠯᠠᠪᠠ᠃     ᠡᠯ᠎ᠡ ᠵᠥᠪᠯᠡᠬᠦ ᠵᠦᠢᠯ ᠢᠶᠠᠨ ᠳᠠᠭᠤᠰᠬᠠᠭᠰᠠᠨ ᠤ ᠲᠠᠷᠠᠭ᠎ᠠ᠂ ᠵᠢᠢ ᠫᠢᠩ ᠶᠠᠷᠢᠶ᠎ᠠ ᠳᠠᠯᠪᠢᠪᠠ᠃ ᠲᠡᠷᠡ᠂ ᠲᠤᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠬᠦᠯᠪᠡ᠂ ᠬᠤᠷᠠᠯ ᠤᠨ ᠬᠤᠭᠤᠴᠠᠭᠠᠨ ᠳᠤ ᠪᠦᠬᠦ ᠲᠦᠯᠦᠬᠡᠯᠡᠭᠴᠢᠳ ᠤᠯᠤᠰ ᠲᠦᠷᠦ ᠶᠢᠨ ᠤᠷᠬᠢᠯᠤᠮ᠎ᠠ ᠰᠡᠳᠬᠢᠯᠭᠡ᠂ ᠬᠤᠷᠴᠠ ᠴᠢᠩᠭ᠎ᠠ ᠤᠯᠤᠰ ᠲᠥᠷᠥ ᠶᠢᠨ ᠣᠪᠣᠷ ᠢᠶᠠᠷ ᠡᠯ᠎ᠡ ᠵᠦᠢᠯ ᠤᠨ ᠢᠯᠡᠳᠬᠡᠯ ᠪᠣᠯᠣᠨ ᠰᠠᠨᠠᠯ ᠵᠥᠪᠯᠡᠯᠭᠡ ᠶᠢ ᠨᠠᠷᠢᠨ ᠬᠢᠨᠠᠮᠠᠭᠠᠢ ᠬᠢᠨᠠᠨ ᠵᠦᠪᠯᠡᠵᠤ᠂ ᠰᠣᠩᠭᠤᠭᠤᠯᠢ ᠪᠠ ᠪᠢᠯᠧᠲ ᠢᠶᠠᠷ ᠲᠣᠭᠲᠠᠭᠠᠬᠤ ᠡᠭᠦᠷᠭᠡ ᠶᠢ ᠬᠠᠤᠯᠢ ᠶᠣᠰᠣᠭᠠᠷ ᠪᠡᠶᠡᠯᠡᠭᠦᠯᠵᠦ᠂ ᠪᠥᠬᠦ ᠲᠣᠭᠤᠷᠢᠭ ᠤᠨ ᠬᠥᠭᠵᠢᠯᠲᠡ ᠳᠤ ᠬᠤᠯᠪᠣᠭᠳᠠᠬᠤ ᠴᠢᠬᠤᠯᠠ ᠰᠢᠢᠳᠪᠦᠷᠢ ᠶᠢ ᠬᠠᠮᠲᠤ ᠪᠠᠷ ᠭᠠᠷᠭᠠᠭᠰᠠᠨ ᠪᠠᠶᠢᠨ᠎ᠠ᠃ ᠶᠡᠭᠡ ᠬᠤᠷᠠᠯ  ᠨᠢ ᠠᠷᠠᠳᠴᠢᠯᠠᠯ ᠪᠦᠯᠬᠦᠮᠳᠡᠯ ᠲᠠᠢ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠢᠯᠡᠷᠡᠬᠦᠯᠵᠤ᠂ ᠦᠵᠡᠯᠳᠡ ᠳᠠᠨᠢᠯᠳᠠ  ᠪᠠᠨ ᠨᠢᠭᠡᠳᠬᠡᠨ᠂ ᠤᠷᠤᠭᠰᠢᠯᠠᠨ ᠳᠠᠪᠰᠢᠬᠤ ᠵᠤᠷᠢᠯᠳᠠ ᠪᠠᠨ ᠬᠠᠮᠳᠤᠳᠬᠠᠭᠰᠠᠨ ᠳᠤᠪᠤᠶᠢᠮ᠎ᠠ ᠦᠷ᠎ᠡ ᠪᠦᠳᠦᠮᠵᠢ ᠶᠢ ᠢᠯᠡᠷᠡᠬᠦᠯᠵᠤ᠂ ᠪᠦᠬᠦ ᠲᠥᠯᠥᠭᠡᠯᠡᠭᠴᠢᠳ ᠤᠨ ᠤᠶᠤᠨᠯᠢᠭ ᠤᠬᠠᠭᠠᠨ ᠵᠢᠴᠢ ᠲᠤᠭᠤᠷᠢᠭ ᠤᠨ ᠠᠷᠠᠳ ᠢᠷᠭᠡᠳ ᠤᠨ ᠰᠡᠳᠬᠢᠯ ᠤᠨ ᠳᠠᠭᠤᠨ ᠢ ᠳᠠᠮᠵᠢᠭᠤᠯᠵᠤ᠂ ᠣᠳᠣᠬᠢᠴᠢᠯᠠᠭᠰᠠᠨ ᠳ᠋ᠦᠩᠱᠧᠩ ᠤᠨ ᠪᠠᠶᠢᠭᠤᠯᠤᠯᠳᠠ  ᠳᠤ ᠮᠤᠩᠳᠠᠰᠢ ᠦᠭᠡᠢ ᠬᠦᠴᠦᠨ ᠴᠢᠳᠠᠯ ᠢ ᠳᠠᠶᠢᠴᠢᠯᠠᠨ ᠨᠢᠭᠳᠠᠷᠠᠭᠤᠯᠬᠤ ᠨᠢ ᠳᠠᠮᠵᠢᠭ ᠦᠭᠡᠢ ᠶᠤᠮ ᠭᠡᠪᠡ᠃
1e54f2ae64cbf8a0dc82bd637faf4e7.jpg
     ᠵᠢᠶ ᠫᠢᠩ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠳᠡᠬᠦᠰᠬᠡᠯ ᠤᠨ ᠵᠢᠯ ᠮᠥᠨ᠂ ᠪᠠᠰᠠ ᠴᠤ ᠳ᠋ᠦᠩᠱᠧᠩ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠵᠠᠩᠭᠢᠯᠠᠭ᠎ᠠ ᠶᠢᠨ ᠵᠢᠯ ᠮᠥᠨ᠃ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ᠂ ᠲᠤᠭᠤᠷᠢᠭ ᠤᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠤᠶᠤᠨ ᠤᠬᠠᠭᠠᠨ ᠪᠠ ᠬᠦᠴᠦᠨ ᠴᠢᠳᠠᠯ ᠢᠶᠠᠨ ᠲᠤᠰ ᠤᠳᠠᠭᠠᠨ ᠤ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠳᠡᠭᠡᠷ᠎ᠡ ᠨᠢᠭᠲᠠᠷᠠᠭᠤᠯᠵᠤ᠂ ᠰᠢᠯᠭᠠᠯᠲᠠ ᠳᠤ ᠣᠷᠣᠯᠴᠠᠬᠤ ᠲᠦᠪ ᠴᠢᠩᠭ᠎ᠠ ᠤᠪᠤᠷ᠂ ᠡᠷᠡᠯᠬᠡᠭᠯᠡᠨ ᠤᠷᠤᠭᠰᠢᠯᠠᠬᠤ ᠳᠦᠷᠬᠦ ᠪᠠᠶᠢᠳᠠᠯ ᠢᠶᠠᠷ ᠳ᠋ᠦᠩᠱᠧᠩ ᠤᠨ ︽ᠭᠤᠷᠪᠠᠨ ᠲᠣᠭᠤᠷᠢᠭ ᠳᠥᠷᠪᠡᠨ ᠬᠤᠳᠠ︾ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠠᠶᠠᠨ ᠵᠠᠮ ᠳᠤ ᠰᠢᠨ᠎ᠡ ᠦᠷ᠎ᠡ ᠪᠦᠲᠦᠮᠵᠢ ᠭᠠᠷᠭᠠᠵᠤ᠂ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠡᠢ᠃     ᠵᠢᠢ ᠫᠢᠩ᠂ ᠲᠤᠭ ᠢ ᠥᠨᠳᠥᠷ ᠲᠤ ᠮᠠᠨᠳᠤᠭᠤᠯᠵᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠨ᠂ ᠤᠷᠤᠭᠰᠢᠯᠠᠯᠲᠠ ᠶᠢᠨ ᠴᠢᠭᠯᠡᠯ ᠢ ᠡᠷᠡᠰ ᠭᠤᠶᠢᠪᠢᠰᠢ ᠦᠭᠡᠢ ᠡᠵᠡᠮᠳᠡᠵᠦ᠂ ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠴᠢᠭᠯᠡᠯ ᠢᠶᠠᠨ ᠲᠥᠪ ᠪᠤᠯᠭᠠᠨ᠂ ᠣᠶᠢᠯᠠᠭᠠᠭᠳᠠᠬᠤᠨ ᠤ ᠰᠢᠨ᠎ᠡ ᠶᠢ ᠡᠭᠦᠳᠴᠦ᠂ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠶᠢ ᠡᠷᠬᠢᠮᠯᠡᠨ᠂ ᠡᠯ᠎ᠡ ᠠᠵᠢᠯ ᠲᠦᠷᠦᠯ ᠪᠦᠷᠢ ᠶᠢᠨ ᠬᠦᠷᠢᠶ᠎ᠡ ᠴᠠᠷᠠᠨ ᠳᠤ ᠭᠤᠣᠯ ᠬᠦᠴᠦᠨ ᠤ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠪᠠᠷ ᠴᠢᠷᠮᠠᠶᠢᠵᠤ᠂ ᠦᠨᠡᠨᠬᠦ ᠬᠥᠳᠡᠯᠦᠯᠴᠡᠨ ᠠᠵᠢᠯᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠳ᠋ᠦᠩᠱᠧᠩ ᠢ ᠨᠡᠩ ᠭᠤᠶᠢᠲᠠ ᠰᠠᠶᠢᠬᠠᠨ ᠪᠤᠯᠭᠠᠬᠤ ᠶᠢ ᠳᠦᠷᠭᠡᠳᠬᠡᠨ ᠠᠬᠢᠭᠤᠯᠬᠤ ᠬᠡᠷᠡᠭᠳᠠᠢ᠃ ᠬᠠᠤᠯᠢ ᠪᠠᠷ ᠵᠠᠰᠠᠬᠤ ᠶᠢ ᠡᠷᠬᠢᠮᠯᠡᠵᠦ᠂ ᠶᠡᠭᠡ ᠲᠠᠯ᠎ᠠ ᠳᠤ ᠦᠢᠯᠡᠴᠢᠯᠡᠵᠦ᠂ ᠪᠤᠳᠠᠳᠤ ᠠᠵᠢᠯᠯᠠᠭ᠎ᠠ ᠪᠠᠷ ᠢᠶᠠᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠳᠤ ᠬᠦᠴᠦᠨ ᠨᠡᠮᠡᠷᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠨᠠᠭᠠᠴᠢᠯᠠᠭ᠎ᠠ ᠠᠴᠠ ᠪᠠᠨ ᠪᠦᠬᠦ ᠲᠤᠭᠤᠷᠢᠭ ᠤᠨ ᠬᠥᠭᠵᠢᠯᠲᠡ ᠶᠢᠨ ᠶᠡᠭᠡ ᠲᠠᠯ᠎ᠠ ᠳᠤ ᠲᠠᠯᠪᠢᠵᠤ ᠰᠡᠳᠬᠢᠨ ᠪᠣᠳᠣᠯᠬᠢᠯᠠᠵᠤ᠂ ᠠᠷᠭ᠎ᠠ ᠰᠦᠪᠡᠭᠴᠢᠯᠡᠨ᠂ ᠳᠦᠷᠭᠡᠳᠬᠡᠨ ᠠᠬᠢᠭᠤᠯᠵᠤ᠂ ᠬᠠᠤᠯᠢᠵᠢᠯ ᠡᠷᠬᠡ ᠰᠦᠷ ᠢ ᠲᠦᠷᠦᠭᠦᠯᠡᠨ ᠬᠠᠮᠠᠭᠠᠯᠠᠵᠤ᠂ ᠲᠣᠭᠲᠠᠭᠠᠬᠤ ᠡᠷᠬᠡ ᠪᠠᠨ ᠦᠨᠡᠨᠬᠦ ᠬᠡᠷᠡᠭᠵᠢᠭᠦᠯᠵᠦ᠂ ᠬᠢᠨᠠᠯᠲᠠ ᠲᠠᠯᠪᠢᠯᠲᠠ ᠶᠢᠨ ᠦᠷ᠎ᠡ ᠪᠦᠲᠦᠮᠵᠢ ᠶᠢ ᠪᠤᠳᠠᠳᠠᠶᠢᠵᠢᠭᠤᠯᠤᠨ᠂ ᠲᠥᠯᠥᠭᠡᠯᠡᠭᠴᠢᠳ ᠤᠨ ᠬᠦᠴᠦᠨ ᠢ ᠨᠢᠭᠲᠠᠷᠠᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠲᠤᠭᠳᠠᠯᠴᠠᠭ᠎ᠠ ᠶᠢᠨ ᠪᠠᠶᠢᠭᠤᠯᠤᠯᠲᠠ᠂ ᠠᠵᠤ ᠠᠬᠤᠢ ᠶᠢᠨ ᠬᠥᠭᠵᠢᠯᠲᠡ ᠶᠢᠨ ᠣᠷᠴᠢᠨ ᠨᠦᠬᠦᠴᠡᠯ ᠢ ᠰᠢᠯᠢᠳᠡᠭᠵᠢᠭᠦᠯᠬᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ᠂ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠵᠡᠷᠭᠡ ᠭᠤᠣᠯ ᠠᠵᠢᠯ ᠤᠨ ᠲᠣᠭᠤᠷᠢᠨ ᠳᠤ᠂ ︽ᠵᠢᠷᠭᠤᠭᠠᠨ ᠲᠠᠯ᠎ᠠ ᠶᠢᠨ ᠰᠢᠨ᠎ᠡ ᠰᠢᠪᠲᠤᠯᠤᠯᠲᠠ︾ ᠶᠢ ᠪᠡᠶᠡᠯᠡᠭᠦᠯᠬᠦ ᠶᠢ ᠠᠬᠢᠭᠤᠯᠬᠤ ᠬᠦᠴᠦᠯᠡᠴᠡ ᠶᠢᠨ ᠴᠡᠭ ᠢ ᠣᠨᠣᠪᠴᠢᠲᠠᠶ ᠡᠷᠢᠨ ᠣᠯᠵᠤ᠂ ᠠᠵᠢᠯ ᠤᠨ ᠠᠷᠭ᠎ᠠ ᠮᠠᠶ᠋ᠢᠭ ᠢᠶᠠᠨ ᠲᠠᠰᠤᠷᠠᠯᠲᠠ ᠦᠭᠡᠢ ᠰᠠᠶᠢᠵᠢᠷᠠᠭᠤᠯᠵᠤ᠂ ᠬᠢᠨᠠᠯᠲᠠ ᠲᠠᠯᠪᠢᠬᠤ ︽ᠰᠡᠭᠦᠯᠴᠢ ᠶᠢᠨ ᠬᠠᠭᠠᠰ ᠠᠵᠢᠯ︾ ᠢ ᠪᠣᠳᠠᠲᠠᠢ ᠰᠠᠶᠢᠲᠤᠷ ᠠᠳᠬᠤᠵᠤ᠂ ᠨᠡᠩ ᠥᠨᠳᠥᠷ ᠲᠦᠪᠰᠢᠨ ᠪᠦᠬᠦᠢ ᠬᠢᠨᠠᠯᠲᠠ ᠲᠠᠯᠪᠢᠬᠤ ᠦᠢᠯᠡᠳᠦᠯ ᠴᠢᠳᠠᠪᠬᠢ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠤᠨ ᠳᠠᠪᠠᠭᠤᠯᠢᠭ ᠢ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠠᠵᠢᠯ ᠤᠨ ᠳᠤᠮᠳᠠ ᠬᠥᠭᠵᠢᠯᠲᠡ ᠶᠢᠨ ᠬᠠᠮᠲᠤ ᠶᠢᠨ ᠲᠠᠨᠢᠯᠲᠠ ᠶᠢ ᠨᠢᠭᠡᠳᠬᠡᠨ᠂ ᠬᠥᠭᠵᠢᠯᠲᠡ ᠶᠢᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠬᠥᠭᠵᠢᠯᠲᠡ ᠶᠢᠨ ᠦᠷ᠎ᠡ ᠪᠦᠲᠦᠭᠡᠯ ᠢ ᠣᠯᠬᠤ ᠪᠠᠷ ᠴᠢᠷᠮᠠᠶᠢᠬᠤ ᠬᠡᠷᠡᠭᠲᠡᠢ᠃ ᠤᠭ ᠵᠣᠷᠢᠯᠲᠠ ᠪᠠᠨ ᠪᠠᠲᠤ ᠰᠠᠬᠢᠵᠤ᠂ ᠠᠷᠠᠳ ᠲᠦᠮᠡᠨ ᠤ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠷᠠᠳ ᠤᠨ ᠰᠠᠨᠠᠭ᠎ᠠ ᠶᠢ ᠲᠤᠰᠬᠠᠬᠤ᠂ ᠠᠷᠠᠳ ᠤᠨ ᠠᠰᠢᠭ ᠲᠤᠰᠠ ᠶᠢ ᠬᠠᠮᠠᠭᠠᠯᠠᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠢᠮᠠᠭᠲᠠ ᠰᠡᠳᠬᠢᠯ ᠳᠡᠭᠡᠨ ᠪᠤᠳᠤᠵᠤ᠂ ᠠᠵᠢᠯᠯᠠᠭ᠎ᠠ ᠳᠡᠭᠡᠷ᠎ᠡ ᠪᠠᠨ ᠦᠢᠯᠡᠳᠦᠯᠭᠡᠵᠢᠭᠦᠯᠵᠦ᠂ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠨᠠᠰᠤᠵᠢᠯ ᠤᠨ ᠠᠰᠠᠷᠠᠮᠵᠢ ᠵᠡᠷᠭᠡ ᠣᠯᠠᠨ ᠲᠦᠮᠡᠨ ᠤ ᠪᠠᠴᠢᠮ ᠲᠤᠯᠭᠠᠮ᠎ᠠ ᠬᠦᠴᠢᠷᠳᠡᠵᠦ ᠵᠣᠪᠠᠵᠤ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠦᠨᠡᠨ ᠰᠡᠳᠬᠢᠯ ᠠᠴᠠ ᠪᠠᠨ ᠰᠠᠶᠢᠲᠤᠷ ᠰᠢᠢᠳᠪᠦᠷᠢᠯᠡᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠬᠠᠩᠭᠠᠯᠭ᠎ᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠷᠭᠦᠯᠵᠢᠯᠡᠨ ᠠᠬᠢᠭᠤᠯᠵᠤ᠂ ᠬᠥᠭᠵᠢᠯᠲᠡ ᠶᠢᠨ ᠪᠣᠳᠠᠲᠤ ᠪᠦᠲᠦᠮᠵᠢ ᠶᠢ ᠨᠠᠩ ᠢᠯᠡᠭᠦᠦ ︽ᠳᠤᠯᠠᠭᠠᠴᠠ︾ ᠲᠠᠢ ᠪᠣᠯᠭᠠᠵᠤ᠂ ᠠᠷᠠᠳ ᠲᠤ ᠠᠰᠢᠭ ᠬᠦᠷᠲᠡᠭᠡᠬᠦ ᠰᠢᠯᠭᠠᠯᠲᠠ ᠶᠢᠨ ᠬᠠᠭᠤᠳᠠᠰᠤ ᠶᠢ ᠨᠠᠩ ︽ᠬᠠᠨᠤᠮᠵᠢ︾ ᠲᠠᠢ ᠬᠠᠷᠢᠭᠤᠯᠬᠤ ᠬᠡᠷᠡᠭᠲᠡᠢ ᠭᠡᠵᠡᠢ᠃     ᠵᠢᠢ ᠫᠢᠩ ᠬᠤᠷᠠᠯ ᠤᠨ ᠡᠴᠦᠰ ᠲᠤ᠂ ᠰᠢᠨ᠎ᠡ ᠠᠶᠠᠨ ᠵᠠᠮ ᠳᠤ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠢᠯᠡᠭᠦᠦ ᠨᠢᠭᠲᠠᠷᠠᠨ ᠪᠦᠯᠬᠦᠮᠳᠡᠵᠦ᠂ ᠲᠣᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠵᠦ᠂ ᠵᠠᠮ ᠨᠡᠭᠡᠭᠡᠨ  ᠡᠷᠡᠯᠬᠡᠭᠯᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠳ᠋ᠦᠩᠱᠧᠩ ᠤᠨ ᠰᠢᠨ᠎ᠡ ᠬᠠᠭᠤᠳᠠᠰᠤ ᠶᠢ ᠪᠢᠴᠢᠭᠯᠡᠬᠦ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ ᠭᠡᠵᠡᠢ᠃     ᠬᠠᠤᠯᠢ ᠳᠤ ᠲᠣᠭᠲᠠᠭᠠᠭᠰᠠᠨ ᠰᠤᠯᠠ ᠣᠷᠣᠯᠴᠠᠬᠤ ᠬᠥᠮᠥᠰ ᠪᠠ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠣᠭᠲᠠᠭᠠᠭᠰᠠᠨ ᠰᠤᠯᠠ ᠣᠷᠣᠯᠴᠠᠬᠤ ᠬᠥᠮᠥᠰ ᠬᠤᠷᠠᠯ ᠳᠤ ᠰᠤᠯᠠ ᠣᠷᠣᠯᠴᠠᠪᠠ᠃
1b631dfca6c58882aa8bfc9a7df1df4.jpg
     ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ᠂ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠠᠮᠵᠢᠯᠲᠠᠲᠠᠢ ᠦᠨᠳᠦᠷᠯᠡᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ