1 ᠰᠠᠷ᠎ᠠ ᠶᠢᠨ 16 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ 114 ᠤᠳᠠᠭᠠᠨ ᠤ ᠪᠠᠶᠢᠩᠭᠤ ᠶᠢᠨ ᠬᠤᠷᠢᠶᠠᠨ ᠤ | ᠬᠤᠷᠠᠯ ᠬᠤᠷᠠᠯᠳᠤᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ | ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠬᠤᠷᠠᠯ ᠢ ᠡᠷᠬᠢᠯᠡᠨ ᠶᠠᠷᠢᠶ᠎ᠠ ᠳᠠᠯᠪᠢᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ | ᠪᠦᠳᠦᠬᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠤᠶ᠎ᠠ︾ | ᠭᠡᠬᠦ ᠴᠢᠬᠤᠯᠠ ᠵᠣᠬᠢᠶᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠡᠳᠬᠢᠴᠡ᠂ ᠰᠢᠰᠲ᠋ᠧᠮᠲᠦ ᠴᠢᠨᠠᠷᠲᠠᠢ | ᠪᠠᠶᠢᠷᠢᠰᠢᠭᠤᠯᠤᠯᠲᠠ ᠶᠢ ᠴᠢᠩᠭᠠᠳᠬᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ | ᠥᠭᠡᠷᠡᠴᠢᠯᠡᠯᠲᠡ ᠨᠡᠭᠡᠭᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤᠮᠳᠠ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠳ᠋ᠦᠩᠱᠧᠩ ᠤᠨ ᠣᠳᠣᠬᠢᠴᠢᠯᠠᠯᠲᠠ ᠶᠢᠨ | ᠪᠦᠳᠦᠬᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠢᠨᠠᠨ ᠪᠤᠳᠤᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠭᠰᠠᠨ | ᠪᠥᠭᠡᠳ ᠳᠡᠭᠡᠳᠦ ᠱᠠᠲᠤᠨ ᠤ ᠬᠢᠨᠠᠨ ᠪᠤᠳᠤᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠤ᠂ | ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠂ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢ ᠪᠦᠬᠦ | ᠬᠦᠴᠦᠨ ᠢᠶᠠᠷ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠬᠦᠯᠦᠨ᠂ ᠬᠦᠴᠢᠷ ᠢ ᠲᠤᠭᠤᠯᠤᠨ ᠪᠡᠷᠬᠡ ᠶᠢ ᠳᠠᠪᠠᠵᠤ | ᠠᠰᠠᠭᠤᠳᠠᠯ ᠢ ᠪᠦᠬᠦᠨ ᠢ ᠥᠭᠡᠷᠡᠴᠢᠯᠡᠬᠦ ᠶᠢ ᠠᠬᠢᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠂ ᠬᠠᠮᠳᠤᠷᠠᠨ ᠬᠢᠨᠠᠯᠳᠠ ᠳᠠᠯᠪᠢᠵᠤ ᠠᠬᠢᠴᠠ ᠶᠢ | ᠠᠩᠬᠠᠷᠴᠤ ᠡᠯ᠎ᠡ ᠵᠦᠢᠯ ᠤᠨ ᠬᠢᠨᠠᠨ ᠪᠤᠳᠤᠬᠤ ᠠᠰᠠᠭᠤᠳᠠᠯ ᠢ ᠲᠣᠭᠲᠠᠭᠰᠠᠨ ᠬᠤᠭᠤᠴᠠᠭᠠᠨ ᠳᠤ ᠪᠦᠬᠦᠨ ᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ︽ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠵᠢᠴᠢ ᠪᠦᠬᠦ ᠲᠤᠭᠤᠷᠢᠭ ᠤᠨ ᠠᠵᠤ | ᠠᠬᠤᠢ ᠶᠢᠨ ᠠᠵᠢᠯ ᠤᠨ ᠬᠤᠷᠠᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢᠨ ᠵᠠᠳᠠᠯᠤᠯᠲᠠ ᠶᠢᠨ ᠲᠥᠰᠦᠯ︾ ᠢ ᠰᠤᠳᠤᠯᠤᠨ ᠬᠢᠨᠠᠨ ᠵᠥᠪᠯᠡᠵᠦ᠂ ᠠᠵᠢᠯᠯᠠᠬᠤ ᠶᠢ | ᠲᠡᠷᠢᠭᠦᠨ ᠳᠤ ᠲᠠᠯᠪᠢᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠪᠠᠶᠢᠷᠢᠯᠠᠭᠤᠯᠤᠭᠰᠠᠨ ᠠᠵᠢᠯ ᠢ ᠡᠴᠦᠰ ᠲᠤᠨᠢ ᠲᠤᠯᠲᠠᠯ᠎ᠠ ᠠᠳᠬᠤᠵᠤ᠂ ᠠᠮᠠᠯᠳᠠᠭᠰᠠᠨ | ᠶᠠᠪᠤᠳᠠᠯ ᠢ ᠡᠷᠡᠰ ᠪᠡᠶᠡᠯᠡᠬᠦᠯᠦᠨ᠂ ᠰᠢᠷᠭᠠᠭᠤ ᠬᠠᠲᠠᠭᠤᠵᠢᠯᠲᠠᠢ ᠠᠵᠢᠯᠯᠠᠬᠤ ᠵᠣᠷᠢᠭ ᠰᠠᠨᠠᠭ᠎ᠠ ᠪᠠᠷ ᠪᠦᠬᠦ ᠲᠤᠭᠤᠷᠢᠭ ᠤᠨ ᠡᠯ᠎ᠡ ᠵᠦᠢᠯ ᠤᠨ ᠠᠵᠢᠯ ᠤᠨ ᠰᠠᠶᠢᠨ | ᠡᠬᠢᠯᠡᠯᠲᠡ ᠲᠠᠢ ᠪᠣᠯᠬᠤ ᠶᠢ ᠠᠬᠢᠭᠤᠯᠵᠤ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ 2024 ᠣᠨ ᠤ ᠠᠷᠠᠳᠴᠢᠯᠠᠯ ᠤᠨ | ᠠᠮᠢᠳᠤᠷᠠᠯ ᠤᠨ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠢ ᠰᠣᠨᠣᠰᠴᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨ ᠬᠦ ᠪᠠᠲᠤ ᠡᠬᠦᠷᠭᠡᠯᠡᠨ᠂ | ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠢᠨᠠᠷ ᠰᠠᠶᠢᠲᠠᠢ ᠥᠨᠳᠥᠷ ᠪᠠᠷᠢᠮᠵᠢᠶ᠎ᠠ ᠪᠠᠷ ᠰᠠᠶᠢᠲᠤᠷ ᠬᠢᠬᠦ ᠶᠢ ᠨᠢᠭᠡ ᠵᠦᠢᠯ ᠤᠨ ᠴᠢᠬᠤᠯᠠ ᠤᠯᠤᠰ ᠲᠦᠷᠦ ᠶᠢᠨ | ᠡᠭᠦᠷᠭᠡ ᠪᠣᠯᠭᠠᠵᠤ᠂ ᠲᠤᠪᠤᠶᠢᠮ᠎ᠠ ᠠᠰᠠᠭᠤᠳᠠᠯ ᠢ ᠨᠠᠷᠢᠨ ᠬᠢᠨᠠᠮᠠᠭᠠᠢ ᠪᠠᠶᠢᠴᠠᠭᠠᠨ ᠳᠡᠯᠭᠡᠵᠦ᠂ ᠥᠪᠡᠷ ᠢ ᠪᠠᠨ ᠵᠠᠳᠠᠯᠤᠨ ᠰᠢᠨᠵᠢᠯᠡᠬᠦ ᠶᠢ ᠭᠦᠨᠵᠡᠭᠡᠢ ᠦᠷᠨᠢᠬᠦᠯᠦᠨ᠂ | ᠰᠠᠨᠠᠯ ᠬᠤᠷᠢᠶᠠᠬᠤ᠂ ᠰᠡᠳᠬᠢᠯ ᠤᠨ ᠦᠭᠡ ᠪᠠᠨ ᠶᠠᠷᠢᠯᠴᠠᠬᠤ᠂ ᠬᠠᠷᠢᠴᠠᠭᠤᠯᠤᠨ ᠪᠠᠶᠢᠴᠠᠭᠠᠭᠰᠠᠨ ᠮᠠᠲ᠋ᠧᠷᠢᠶᠠᠯ ᠢ ᠪᠢᠴᠢᠬᠦ ᠵᠡᠷᠭᠡ ᠡᠯ᠎ᠡ ᠵᠦᠢᠯ ᠤᠨ ᠠᠵᠢᠯ ᠢ ᠨᠠᠷᠢᠯᠢᠭ | ᠪᠤᠳᠠᠳᠠᠢ ᠰᠠᠶᠢᠲᠤᠷ ᠬᠢᠵᠦ᠂ ᠪᠦᠬᠦ ᠲᠤᠭᠤᠷᠢᠭ ᠤᠨ ᠡᠯ᠎ᠡ ᠨᠢᠭᠡᠴᠡ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢ ᠢᠳᠡᠪᠬᠢᠲᠡᠢ | ᠱᠠᠯᠠᠪᠳᠠᠭᠤᠯᠤᠨ ᠵᠢᠯᠣᠭᠤᠳᠴᠤ᠂ ᠬᠤᠷᠠᠯ ᠤᠨ ᠰᠠᠶᠢᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ |