ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2025 ᠣᠨ ᠤ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2025/1/17
     1 ᠰᠠᠷ᠎ᠠ ᠶᠢᠨ 16 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2025 ᠣᠨ ᠤ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠢᠪᠡ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃     ᠬᠤᠷᠠᠯ ᠳᠡᠭᠡᠷ᠎ᠡ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠭᠤᠯᠭ᠎ᠠ ᠳᠠᠭᠠᠨ ᠪᠠᠶᠢᠭ᠎ᠠ ᠡᠯ᠎ᠡ ᠪᠠᠶᠢᠩᠭᠤ ᠶᠢᠨ ᠭᠡᠰᠢᠭᠦᠳ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠶ ᠴᠢᠬᠤᠯᠠ ᠦᠵᠡᠯ ᠰᠠᠨᠠᠭ᠎ᠠ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠬᠤ ᠶᠢᠨ ᠲᠣᠭᠤᠷᠢᠨ ᠳᠤ᠂ ᠶᠡᠷᠦᠩᠬᠡᠶ ᠱᠦᠵᠢ ᠰᠢ ᠶᠢᠨ ᠫᠢᠩ ᠤᠨ ᠠᠯᠢ ᠣᠯᠠᠨ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠰᠤᠷᠤᠯᠴᠠᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠵᠡᠷᠭᠡ ᠭᠤᠤᠯ ᠰᠡᠳᠦᠪ ᠢ ᠭᠦᠨᠵᠡᠭᠡᠶ ᠲᠠᠨᠢᠵᠤ᠂ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠨ ᠤ ᠠᠵᠢᠯ ᠲᠠᠢ ᠪᠠᠨ ᠤᠶᠠᠯᠳᠤᠭᠤᠯᠤᠨ ᠤᠷᠢᠳ ᠬᠤᠵᠢᠳ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ ᠭᠤᠤᠯ ᠳᠤᠭᠤᠶᠢᠯᠠᠩ ᠤᠨ ᠪᠤᠰᠤᠳ ᠭᠡᠰᠢᠬᠦᠳ ᠪᠢᠴᠢᠭ ᠤᠨ ᠬᠡᠯᠪᠡᠷᠢ ᠪᠠᠷ ᠰᠤᠳᠤᠯᠤᠨ ᠶᠠᠷᠢᠯᠴᠠᠬᠤ ᠮᠠᠲ᠋ᠧᠷᠢᠶᠠᠯ ᠢᠶᠠᠨ ᠲᠤᠰᠢᠶᠠᠪᠠ᠃     ᠭᠤᠤ ᠢ ᠳ᠋ᠦᠩ᠂ ᠨᠠᠮᠴᠢ ᠴᠢᠨᠠᠷ ᠢᠶᠠᠨ ᠲᠦᠷᠦᠭᠦᠯᠡᠨ ᠳᠠᠪᠲᠠᠨ ᠪᠣᠯᠪᠠᠰᠤᠷᠠᠭᠤᠯᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠠᠮᠠᠭᠠᠯᠠᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠰᠠᠬᠢᠯᠭ᠎ᠠ ᠪᠠᠲᠤ ᠶᠣᠰᠣ ᠲᠦᠷᠢᠮ ᠢ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠬᠤ ᠬᠡᠷᠡᠭᠲᠡᠢ᠃ ᠲᠦᠷᠦᠭᠦᠯᠡᠨ ᠪᠣᠳᠠᠲᠠᠶ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠳᠠᠯᠠᠨ᠂ ︽ᠰᠢᠢᠳᠪᠦᠷᠢᠯᠡᠬᠦ ᠰᠡᠳᠬᠢᠬᠦᠶ︾ ᠪᠠᠷ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠭᠤᠷᠪᠠᠨ ᠲᠣᠭᠤᠷᠢᠭ ᠳᠥᠷᠪᠡᠨ ᠬᠤᠲᠠ︾ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ᠃ ᠦᠨᠳᠦᠰᠦᠨ ᠵᠣᠷᠢᠯᠲᠠ ᠶᠢ ᠲᠦᠷᠦᠭᠦᠯᠡᠨ ᠦᠢᠯᠡᠳᠦᠯᠭᠡᠵᠢᠭᠦᠯᠵᠦ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠡᠷᠡᠭᠦᠯ ᠮᠡᠨᠳᠦ ᠵᠡᠷᠭᠡ ᠠᠷᠠᠳ ᠤᠯᠠᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠢᠭᠯᠡᠬᠦᠯᠦᠨ᠂ ᠠᠷᠭ᠎ᠠ ᠪᠤᠳᠤᠵᠤ᠂ ᠬᠥᠭᠵᠢᠯᠲᠡ ᠶᠢ ᠡᠷᠢᠯᠬᠢᠯᠡᠨ᠂ ᠪᠣᠳᠠᠲᠤ ᠶᠠᠪᠤᠳᠠᠯ ᠤᠳ ᠢᠶᠠᠷ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠬᠦ ᠬᠡᠷᠡᠭᠲᠡᠢ᠃ ᠲᠦᠷᠦᠭᠦᠯᠡᠨ ᠠᠷᠢᠭᠤᠨ ᠴᠢᠬᠡᠴᠢ ᠪᠠᠶᠢᠬᠤ ᠶᠢ ᠪᠡᠶᠡᠯᠡᠭᠦᠯᠵᠦ᠂ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠰᠤᠷᠤᠯᠴᠠᠬᠤ ᠶᠢ ᠵᠠᠪᠠᠯ ᠰᠤᠷᠬᠤ ᠬᠢᠴᠢᠶᠡᠯ ᠪᠠᠶᠢᠩᠭᠤ ᠰᠤᠷᠬᠤ ᠬᠢᠴᠢᠶᠡᠯ ᠪᠣᠯᠭᠠᠵᠤ᠂ ᠪᠡᠶ᠎ᠡ ᠪᠠᠨ ᠴᠢᠩᠭ᠎ᠠ ᠪᠣᠳᠠᠲᠠᠢ ᠪᠠᠶᠢᠴᠠᠭᠠᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠲᠦᠷᠦᠭᠦᠯᠡᠨ ᠠᠬᠢᠭᠤᠯᠵᠤ᠂ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠴᠢᠩᠭ᠎ᠠ ᠬᠡᠷᠡᠭᠵᠢᠬᠦᠯᠦᠨ᠂ ᠭᠤᠣᠯᠳᠠᠯᠭ᠎ᠠ ᠲᠠᠢ ᠬᠦᠷᠢᠶ᠎ᠡ ᠴᠠᠷ᠎ᠠ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠡᠷᠬᠡ ᠶᠢᠨ ᠠᠵᠢᠯᠯᠠᠭᠠᠨ ᠢ ᠬᠢᠵᠠᠭᠠᠷᠯᠠᠵᠤ ᠬᠢᠨᠠᠯᠲᠠ ᠲᠠᠯᠪᠢᠬᠤ ᠪᠠᠨ ᠴᠢᠩᠭᠠᠳᠬᠠᠨ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠬᠠᠮᠠᠭᠠᠯᠠᠵᠤ᠂ ᠳ᠋ᠦᠩᠱᠧᠩ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠤ ᠱᠠᠭᠠᠷᠳᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ