ᠳ᠋ᠦᠩᠱᠧᠩ ᠲᠤᠭᠤᠷᠢᠭ ᠤᠨ ᠸᠠᠨ ᠵᠢᠢ ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠤᠭᠤᠷᠢᠭ ᠲᠤ᠂ ᠳᠦᠷᠭᠡᠨ | ᠬᠦᠷᠭᠡᠯᠳᠡ ᠶᠢᠨ ᠪᠠᠷᠠᠭ᠎ᠠ ᠪᠠᠭᠤᠯᠭᠠᠬᠤ᠂ ᠵᠦᠭᠡᠭᠡᠪᠤᠷᠢᠯᠡᠬᠦ᠂ ᠮᠠᠲ᠋ᠧᠷᠢᠶᠠᠯ ᠰᠤᠩᠭᠤᠬᠤ᠂ ᠬᠤᠪᠢᠶᠠᠷᠢᠯᠠᠬᠤ ᠁ | ᠡᠯ᠎ᠡ ᠲᠦᠷᠦᠯ ᠤᠨ ᠠᠵᠢᠯ ᠡᠮᠬᠢ ᠳᠢᠭᠯᠢᠮ ᠲᠠᠢ ᠶᠠᠪᠤᠭᠳᠠᠵᠤ ᠪᠠᠶᠢᠯ᠎ᠠ᠃ 2 ᠴᠠᠭ ᠪᠤᠯᠤᠯ ᠦᠭᠡᠢ ᠪᠠᠷ᠂ ᠨᠢᠭᠡ | ᠪᠠᠷᠠᠭᠠᠨ ᠤ ᠲᠡᠷᠬᠡ ᠶᠢᠨ ᠳᠦᠷᠭᠡᠨ ᠬᠦᠷᠬᠡᠯᠳᠡ ᠶᠢᠨ ᠡᠳ᠋ ᠪᠠᠷᠠᠭ᠎ᠠ ᠶᠢ ᠢᠯᠭᠠᠵᠤ ᠳᠠᠭᠤᠰᠬᠠᠭᠠᠳ᠂ ᠳᠤᠬᠢᠷᠠᠭᠤᠯᠤᠨ | ᠬᠦᠷᠭᠡᠬᠦ ᠪᠠᠷ ᠪᠡᠯᠡᠬᠡᠨ ᠪᠤᠯᠭᠠᠵᠠᠢ᠃ | ᠤᠶᠢᠯᠠᠭᠠᠭᠰᠠᠨ ᠢᠶᠠᠷ᠂ ᠸᠠᠨ ᠵᠢᠢ ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠤᠭᠤᠷᠢᠭ ᠤᠨ ᠶᠡᠷᠦᠩᠬᠡᠢ ᠪᠡᠯᠡ | ᠤᠷᠤᠭᠤᠯᠤᠯᠳᠠ ᠨᠢ 1.5 ᠳ᠋ᠦ᠋ᠩᠰᠢᠭᠤᠷ ᠲᠦᠬᠦᠷᠢᠭ ᠲᠤ ᠬᠦᠷᠴᠤ᠂ ᠶᠡᠷᠦᠩᠬᠡᠢ ᠡᠵᠡᠯᠡᠬᠦ ᠳᠠᠯᠠᠪᠠᠢ ᠨᠢ 92 ᠮᠤ᠋ | ᠪᠠᠶᠢᠵᠤ᠂ ᠶᠡᠷᠦᠩᠬᠡᠢ ᠪᠠᠷᠢᠯᠭ᠎ᠠ ᠶᠢᠨ ᠳᠠᠯᠠᠪᠠᠢ ᠨᠢ 42895.74 ᠳᠡᠭᠰᠢ ᠳᠦᠷᠪᠡᠯᠵᠢᠨ ᠮᠧᠲᠷ ᠪᠤᠯᠤᠨ᠎ᠠ᠃ | ᠬᠦᠷᠢᠶᠡᠯᠡᠩ ᠲᠤᠭᠤᠷᠢᠭ ᠲᠤ᠂ ᠳᠦᠷᠭᠡᠨ ᠬᠦᠷᠭᠡᠬᠦ ᠬᠦᠮᠦᠷᠬᠡ᠂ ᠬᠦᠮᠦᠷᠭᠡᠯᠡᠨ ᠬᠠᠳᠠᠭᠠᠯᠠᠬᠤ ᠬᠦᠮᠦᠷᠬᠡ᠂ ᠪᠠᠷᠢᠯᠭ᠎ᠠ | ᠶᠢᠨ ᠮᠠᠲ᠋ᠧᠷᠢᠶᠠᠯ ᠤᠨ ᠬᠦᠮᠦᠷᠭᠡ᠂ ᠬᠦᠢᠳᠡᠨ ᠢᠶᠠᠷ ᠬᠠᠳᠠᠭᠠᠯᠠᠬᠤ ᠬᠦᠮᠦᠷᠬᠡ ᠵᠢᠴᠢ ᠬᠤᠳᠠᠯᠳᠤᠭᠠᠨ ᠤ ᠲᠤᠭᠤᠷᠢᠭ | ᠲᠠᠢ ᠪᠠᠶᠢᠳᠠᠭ᠃ | ︽10 ᠰᠠᠷ᠎ᠠ ᠠᠴᠠ ᠡᠬᠢᠯᠡᠵᠤ ᠳᠦᠷᠭᠡᠨ ᠬᠦᠷᠬᠡᠯᠳᠡ ᠶᠢᠨ ᠪᠠᠷᠠᠭ᠎ᠠ ᠬᠦᠭᠵᠢᠶᠠᠨ ᠲᠠᠢ ᠤᠯᠠᠷᠢᠯ ᠳᠤ ᠤᠷᠤᠵᠤ᠂ | ᠪᠠᠷᠠᠭᠠᠨ ᠤ ᠬᠡᠮᠵᠢᠶ᠎ᠡ 15% ᠪᠠᠷ ᠨᠡᠮᠡᠭᠳᠡᠵᠡᠢ᠂ ᠡᠳᠤᠷ ᠤᠨ ᠪᠠᠷᠠᠭᠠᠨ ᠤ ᠬᠦᠢᠯᠬᠡᠬᠡᠨ ᠤ ᠬᠡᠮᠵᠢᠶ᠎ᠡ ᠶᠡᠭᠡ ᠪᠠᠷ | ᠨᠡᠮᠡᠭᠳᠡᠭᠰᠡᠨ ᠪᠠᠶᠢᠨ᠎ᠠ︾ ᠭᠡᠵᠤ ᠸᠠᠨ ᠵᠢᠢ ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠤᠭᠤᠷᠢᠭ ᠤᠨ ᠵᠦᠩ ᠲᠦᠩ | ᠳᠦᠷᠭᠡᠨ ᠬᠦᠷᠭᠡᠯᠳᠡ ᠶᠢᠨ ᠡᠵᠡᠩᠨᠡᠯᠳᠡ ᠶᠢᠨ ᠬᠠᠷᠢᠭᠤᠴᠠᠯᠭᠠᠳᠠᠨ ᠶᠠᠩ ᠰᠢᠶᠤᠤ ᠫᠧᠩ ᠶᠠᠷᠢᠨ᠎ᠠ᠃ | ᠡᠨᠡ ᠵᠢᠯ ᠤᠨ ᠲᠦᠷᠦᠬᠦᠤ ᠭᠤᠷᠪᠠᠨ ᠤᠯᠠᠷᠢᠯ ᠳᠤ᠂ ᠳ᠋ᠦᠩᠱᠧᠩ ᠲᠤᠭᠤᠷᠢᠭ ᠤᠨ ᠳᠠᠩᠰᠠᠯᠠᠭᠤᠯᠤᠭᠰᠠᠨ | ᠪᠠᠷᠠᠭᠠᠨ ᠤ ᠬᠦᠢᠯᠬᠡᠬᠡᠨ ᠤ ᠵᠠᠬ᠎ᠠ ᠳᠡᠯᠬᠡᠬᠦᠷ ᠤᠨ ᠭᠤᠤᠯ ᠴᠤᠭᠴᠠ 1073 ᠪᠠᠶᠢᠵᠤ᠂ ᠡᠬᠦᠨ ᠳᠤ ᠪᠠᠷᠠᠭᠠᠨ ᠤ | ᠬᠦᠢᠯᠬᠡᠬᠡᠨ ᠤ ᠠᠵᠤ ᠠᠬᠤᠶᠢᠯᠠᠯ 38᠂ ᠳᠦᠷᠭᠡᠨ ᠬᠦᠷᠭᠡᠯᠳᠡ ᠶᠢᠨ ᠠᠵᠤ ᠠᠬᠤᠶᠢᠯᠠᠯ 652 ᠪᠤᠢ᠃ ᠪᠠᠷᠠᠭᠠᠨ ᠤ | ᠬᠦᠢᠯᠬᠡᠬᠡᠨ ᠤ ᠬᠤᠪᠢ ᠬᠦᠮᠦᠨ 111᠂ ᠳᠦᠷᠭᠡᠨ ᠬᠦᠷᠬᠡᠯᠳᠡ ᠶᠢᠨ ᠬᠤᠪᠢ ᠬᠦᠮᠦᠨ 272 ᠪᠠᠶᠢᠵᠤ᠂ | ᠳᠠᠩᠰᠠᠯᠠᠭᠤᠯᠤᠭᠰᠠᠨ ᠪᠡᠯᠡ ᠮᠦᠩᠬᠦ ᠨᠢ ᠪᠠᠷᠤᠭ 0.28 ᠳ᠋ᠦᠩᠰᠢᠭᠤᠷ ᠳᠦᠬᠦᠷᠢᠭ ᠪᠤᠯᠤᠨ᠎ᠠ᠃ ᠠᠵᠤ ᠤᠶᠢᠯᠡᠰ ᠤᠨ | ᠬᠡᠯᠬᠢᠶ᠎ᠡ ᠶᠢ ᠵᠤᠬᠢᠴᠠᠭᠤᠯᠤᠨ ᠬᠦᠭᠵᠢᠬᠦᠯᠵᠤ᠂ ᠳᠤᠬᠢᠷᠠᠭᠤᠯᠤᠨ ᠬᠦᠷᠭᠡᠬᠦ ᠰᠦᠯᠵᠢᠶ᠎ᠡ ᠶᠢ ᠳᠠᠰᠤᠷᠠᠯᠳᠠ ᠦᠭᠡᠢ | ᠰᠢᠯᠢᠳᠡᠭᠵᠢᠬᠦᠯᠵᠤ᠂ ᠳᠦᠷᠬᠡᠨ ᠬᠦᠷᠬᠡᠯᠳᠡ ᠶᠢᠨ ᠤᠶᠢᠯᠡᠴᠢᠯᠡᠭᠡ ᠶᠢ ᠳᠡᠰ ᠳᠡᠪᠰᠢᠬᠦᠯᠦᠨ᠂ ᠳᠤᠬᠢᠷᠠᠭᠤᠯᠤᠨ ᠬᠦᠷᠬᠡᠬᠦ | ᠪᠦᠷᠬᠦᠴᠡ ᠶᠢᠨ ᠬᠡᠪᠴᠢᠶ᠎ᠡ ᠪᠠ ᠦᠷ᠎ᠡ ᠪᠦᠳᠦᠮᠵᠢ ᠶᠢ ᠳᠡᠭᠡᠭᠰᠢᠯᠡᠬᠦᠯᠪᠡ᠃ ᠪᠠᠷᠠᠭᠠᠨ ᠤ ᠬᠦᠢᠯᠬᠡᠬᠡᠨ ᠤ ᠳᠦᠷᠬᠡᠨ | ᠬᠦᠷᠬᠡᠯᠳᠡ ᠶᠢᠨ ᠤᠶᠢᠯᠡᠰ ᠶᠡᠷᠦᠩᠬᠡᠢ ᠳᠡᠭᠡᠨ ᠰᠠᠶᠢᠵᠢᠷᠠᠪᠠ᠃ | ᠡᠯᠧᠺᠲᠷᠤᠨ ᠬᠤᠳᠠᠯᠳᠤᠭᠠᠨ ᠤ ᠳᠠᠪᠴᠠᠩ ᠤᠨ ᠳᠦᠷᠭᠡᠨ ᠬᠦᠭᠵᠢᠯᠳᠡ ᠪᠠ ᠬᠤᠳᠠ ᠶᠢᠨ ᠠᠷᠠᠳ ᠤᠨ | ᠰᠦᠯᠵᠢᠶᠠᠨ ᠠᠴᠠ ᠬᠤᠳᠠᠯᠳᠤᠨ ᠠᠪᠬᠤ ᠬᠡᠷᠡᠭᠯᠡᠭᠡ ᠳᠠᠰᠤᠷᠠᠯᠳᠠ ᠦᠭᠡᠢ ᠨᠡᠮᠡᠭᠳᠡᠬᠦ ᠶᠢ ᠳᠠᠭᠠᠯᠳᠤᠨ᠂ ᠳ᠋ᠦᠩᠱᠧᠩ | ᠲᠤᠭᠤᠷᠢᠭ ᠤᠨ ᠳᠦᠷᠭᠡᠨ ᠬᠦᠷᠬᠡᠯᠳᠡ ᠶᠢᠨ ᠳᠤᠬᠠᠶᠢᠯᠠᠭᠰᠠᠨ ᠠᠵᠢᠯ ᠤᠨ ᠬᠡᠮᠵᠢᠶ᠎ᠡ ᠴᠦ ᠳᠦᠷᠭᠡᠨ ᠨᠡᠮᠡᠭᠳᠡᠯ ᠲᠠᠢ | ᠪᠤᠯᠵᠠᠢ᠃ ᠳᠦᠷᠭᠡᠨ ᠬᠦᠷᠬᠡᠯᠳᠡ ᠶᠢᠨ ᠳᠤᠬᠢᠷᠠᠭᠤᠯᠤᠨ ᠬᠦᠷᠭᠡᠬᠦ ︽ᠡᠴᠤᠰ ᠤᠨ ᠨᠢᠭᠡ ᠺᠢᠯᠤᠮᠧᠲᠷ︾ ᠢ | ᠨᠡᠪᠳᠡᠷᠡᠬᠦᠯᠵᠤ᠂ ᠳ᠋ᠦᠩᠱᠧᠩ ᠲᠤᠭᠤᠷᠢᠭ ᠤᠨ ᠳᠦᠷᠭᠡᠨ ᠬᠦᠷᠬᠡᠯᠳᠡ ᠶᠢᠨ ᠪᠠᠷᠠᠭᠠᠨ ᠤ ᠬᠦᠢᠯᠬᠡᠬᠡᠨ ᠤ ᠤᠶᠢᠯᠡᠴᠢᠯᠡᠭᠡ | ᠶᠢ ᠳᠡᠬᠦᠯᠳᠡᠷᠵᠢᠬᠦᠯᠬᠦ ᠶᠢᠨ ᠳᠦᠯᠦᠬᠡ᠂ ᠳ᠋ᠦᠩᠱᠧᠩ ᠲᠤᠭᠤᠷᠢᠭ ︽ᠳᠤᠯᠠᠭᠠᠨ ᠬᠤᠳᠠ ᠶᠢᠨ ᠦᠷᠳᠡᠭᠡ︾ ᠶᠢᠨ | ᠳᠦᠷᠦᠯ ᠵᠤᠶᠢᠯ ᠤᠨ ᠪᠦᠳᠦᠬᠡᠨ ᠪᠠᠶᠢᠭᠤᠯᠤᠯᠳᠠ ᠶᠢ ᠡᠬᠢᠯᠡᠬᠦᠯᠵᠤ᠂ ᠤᠶᠢᠯᠡᠴᠢᠯᠡᠬᠡᠨ ᠤ ᠬᠠᠮᠤᠷᠬᠤ ᠳᠠᠯᠠᠪᠠᠢ ᠶᠢ | ᠦᠷᠬᠡᠳᠬᠡᠬᠦ᠂ ᠤᠶᠤᠨᠴᠢᠯᠠᠭᠰᠠᠨ ᠬᠠᠮᠢᠶᠠᠷᠤᠯᠳᠠ ᠶᠢᠨ ᠠᠷᠭ᠎ᠠ ᠪᠠᠷᠢᠯ ᠢᠶᠠᠷ ᠳᠠᠮᠵᠢᠭᠤᠯᠤᠨ᠂ ᠤᠳᠤᠬᠠᠨ ᠳᠤ ᠨᠢᠭᠡᠨᠳᠡ | 49 ᠦᠷᠳᠡᠭᠡ ᠴᠡᠭ ᠢ ᠪᠠᠶᠢᠭᠤᠯᠵᠤ᠂ ᠳᠦᠷᠬᠡᠨ ᠬᠦᠷᠬᠡᠯᠳᠡ ᠶᠢᠨ ᠡᠳᠤᠷ ᠳᠤᠮᠳᠠᠴᠢ ᠶᠢᠨ ᠡᠳ᠋ ᠪᠠᠷᠠᠭ᠎ᠠ ᠶᠢ | ᠳᠤᠬᠢᠷᠠᠭᠤᠯᠤᠨ ᠬᠦᠷᠬᠡᠭᠰᠡᠨ ᠬᠡᠮᠵᠢᠶ᠎ᠡ 50000 ᠬᠤᠪᠢ ᠳᠤ ᠬᠦᠷᠦᠭᠰᠡᠨ ᠪᠠᠶᠢᠨ᠎ᠠ᠃ |