1 ᠰᠠᠷ᠎ᠠ ᠶᠢᠨ 17 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠲᠣᠭᠤᠷᠢᠭ ᠤᠨ | ᠵᠠᠰᠠᠭ ᠤᠨ ᠣᠷᠳᠣᠨ ᠤ 2025 ᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠶᠡᠷᠦᠩᠬᠡᠢ ᠱᠦᠵᠢ ᠰᠢ ᠶᠢᠨ | ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ ᠪᠠ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠢᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠰᠤᠳᠤᠯᠤᠨ | ᠲᠤᠬᠢᠷᠠᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠮᠠᠯᠴᠢᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ | ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠮᠠᠯᠴᠢᠨ ᠲᠠᠷᠢᠶᠠᠴᠢᠨ︾ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠠᠬᠢᠭᠤᠯᠬᠤ | ᠲᠣᠭᠤᠷᠢᠨ ᠳᠤ᠂ ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠦᠷᠭᠡᠳᠬᠡᠵᠤ᠂ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠰᠠᠶᠢᠲᠤᠷ | ᠨᠠᠶᠢᠳᠠᠪᠤᠷᠢᠵᠢᠭᠤᠯᠤᠨ᠂ ᠤᠨᠴᠠᠯᠢᠬᠳᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢ ᠲᠦᠷᠭᠡᠨ ᠬᠥᠭᠵᠢᠭᠦᠯᠵᠦ᠂ ᠳ᠋ᠦᠩᠱᠧᠩ ᠤᠨ ᠬᠥᠳᠡᠭᠡ ᠲᠣᠰᠬᠤᠨ | ᠤᠢᠢᠷ᠎ᠠ ᠲᠡᠭᠦᠷᠭᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠲᠣᠰᠬᠤᠨ ᠤ ᠬᠠᠮᠲᠤ ᠨᠡᠶᠢᠳᠡ ᠪᠣᠯᠤᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ | ᠬᠦᠳᠦᠯᠦᠨ ᠵᠢᠯᠤᠭᠤᠳᠴᠤ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠠᠵᠤ ᠦᠢᠯᠡᠰ ᠢ ᠪᠤᠵᠠᠭᠠᠶᠢᠷᠠᠭᠤᠯᠵᠤ᠂ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠶᠡᠷᠦᠩᠬᠡᠶᠢᠯᠡᠨ ᠴᠡᠭᠴᠡᠯᠡᠨ ᠵᠠᠰᠠᠬᠤ ᠶᠢ ᠥᠷᠨᠢᠭᠦᠯᠵᠦ᠂ ᠣᠷᠣᠰᠢᠨ ᠰᠠᠭᠤᠷᠢᠰᠢᠨ ᠠᠵᠢᠯ ᠦᠢᠯᠡᠰ ᠡᠷᠬᠢᠯᠡᠬᠦ ᠳᠤ ᠳᠤᠬᠢᠷᠠᠮᠵᠢᠳᠠᠢ ᠪᠠ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠢ ᠪᠦᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠰᠦᠨ ᠱᠤᠤ ᠴᠧᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠵᠢᠴᠢ ᠡᠯ᠎ᠡ ᠠᠶᠢᠮᠠᠭ | ᠬᠤᠳᠠ ᠶᠢᠨ ᠨᠠᠮ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠨᠠᠮ ᠤᠨ ︵ᠠᠵᠢᠯᠯᠠᠬᠤ︶ ᠬᠤᠷᠢᠶ᠎ᠠ ᠶᠢᠨ ᠱᠦᠵᠢ ᠶᠢᠨ 2024 | ᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠬᠤ ᠲᠤᠰᠢᠶᠠᠯ ᠤᠨ ᠮᠡᠳᠡᠭᠦᠯᠦᠯᠲᠡ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠳᠠᠷᠤᠭᠠᠰᠤ ᠶᠢ ᠬᠥᠩᠭᠡᠷᠡᠭᠦᠯᠬᠦ᠂ ᠴᠢᠳᠠᠪᠤᠷᠢ ᠣᠯᠭᠤᠬᠤ᠂ ᠬᠦᠴᠢᠷᠳᠡᠯ ᠢ ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠬᠤ ᠵᠡᠷᠭᠡ ᠠᠵᠢᠯ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠬᠢᠵᠦ᠂ ᠨᠠᠮ ᠤᠨ ᠪᠠᠶᠢᠭᠤᠯᠤᠯᠲᠠ ᠶᠢᠨ ᠠᠵᠢᠯ ᠢ ᠲᠤᠬᠠᠶᠢᠯᠠᠭᠰᠠᠨ ᠠᠵᠢᠯ ᠲᠠᠢ ᠨᠢᠭᠲᠠ ᠤᠶᠠᠯᠳᠤᠭᠤᠯᠬᠤ ᠶᠢ ᠪᠠᠷᠢᠮᠲᠠᠯᠠᠵᠤ᠂ ᠠᠵᠤ | ᠦᠢᠯᠡᠰ ᠤᠨ ᠲᠦᠷᠦᠯ ᠵᠦᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ ᠵᠡᠷᠭᠡ ᠭᠤᠣᠯᠳᠠᠯᠭ᠎ᠠ ᠲᠠᠢ ᠠᠵᠢᠯ ᠲᠠᠢ | ᠠᠭᠤᠰᠤᠯᠴᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠢ ᠭᠦᠢᠴᠡᠳ ᠪᠠᠳᠠᠷᠠᠭᠤᠯᠵᠤ᠂ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠭᠡᠰᠢᠭᠦᠨ᠂ ᠲᠣᠣᠷᠵᠢᠯ ᠤᠨ ᠠᠵᠢᠯᠲᠠᠨ ᠵᠡᠷᠭᠡ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠵᠤ᠂ ᠦᠨᠳᠦᠰᠦᠨ | ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠬᠦᠳᠠ ᠬᠤᠷᠠᠯ ᠵᠢᠴᠢ ᠪᠦᠬᠦ | ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠢᠴᠢ ᠣᠷᠳᠣᠰ ᠬᠤᠳᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ | ᠶᠢᠰᠦᠳᠦᠭᠡᠷ ᠤᠳᠠᠭᠠᠨ ᠤ ᠪᠦᠬᠦᠳᠠ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠴᠠᠭ ᠢᠮᠠᠭᠲᠠ ᠰᠡᠳᠬᠢᠯ ᠳᠡᠭᠡᠨ ᠠᠪᠬᠤ ᠲᠤᠯᠭᠠᠮ᠎ᠠ ᠰᠡᠳᠬᠢᠯᠭᠡ ᠪᠣᠯᠣᠨ ᠤᠷᠤᠭᠰᠢᠯᠠᠨ ᠳᠠᠪᠰᠢᠬᠤ ᠵᠣᠷᠢᠭ ᠰᠠᠨᠠᠭ᠎ᠠ ᠪᠠᠷ ᠠᠵᠠ ᠲᠣᠬᠢᠶᠠᠯ ᠢ ᠠᠮᠵᠢᠨ᠂ | ᠳᠠᠪᠠᠭᠤᠯᠢᠭ ᠢᠶᠠᠨ ᠪᠠᠳᠠᠷᠠᠭᠤᠯᠵᠤ᠂ ᠨᠢᠭᠡᠳᠦᠯᠲᠡᠢ ᠲᠥᠯᠥᠪᠵᠢᠭᠦᠯᠦᠨ ᠨᠡᠶᠢᠳᠠ ᠳᠤᠨᠢ ᠬᠠᠷᠠᠭᠠᠯᠵᠠᠵᠤ᠂ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃ ︽ᠨᠢᠭᠡ | ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢᠵᠢᠬᠦᠯᠵᠤ᠂ ᠡᠯ᠎ᠡ ᠲᠠᠯ᠎ᠠ ᠪᠠᠷ ᠵᠤᠬᠢᠴᠠᠭᠤᠯᠤᠨ᠂ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠤᠭᠠᠯᠠᠨ | ᠬᠥᠳᠡᠯᠦᠯᠴᠡᠵᠦ᠂ ᠭᠤᠣᠯᠳᠠᠯᠭ᠎ᠠ ᠲᠠᠢ ᠵᠦᠢᠯᠡᠰ ᠢ ᠡᠷᠲᠡ ᠠᠴᠠ ᠲᠦᠯᠦᠪᠯᠡᠨ᠂ ᠡᠷᠲᠡ ᠠᠴᠠ ᠡᠬᠢᠯᠡᠭᠦᠯᠵᠦ᠂ ᠡᠷᠲᠡ ᠠᠴᠠ ᠦᠷ᠎ᠡ ᠪᠦᠲᠦᠮᠵᠢ ᠣᠯᠬᠤ ᠬᠡᠷᠡᠭᠲᠡᠢ᠃ | ᠲᠦᠷᠦᠭᠦᠦ ᠤᠯᠠᠷᠢᠯ ᠤᠨ ︽ᠰᠠᠶᠢᠨ ᠡᠬᠢᠯᠡᠯᠲᠡ︾ ᠶᠢ ᠴᠢᠩᠭ᠎ᠠ ᠠᠩᠬᠠᠷᠴᠤ᠂ ᠡᠯ᠎ᠡ ᠵᠦᠢᠯ ᠤᠨ ᠠᠵᠢᠯ ᠢ ᠰᠤᠳᠤᠯᠬᠤ᠂ ᠲᠣᠬᠢᠷᠠᠭᠤᠯᠬᠤ ᠪᠠ ᠠᠬᠢᠭᠤᠯᠬᠤ ᠶᠢ | ᠰᠠᠶᠢᠲᠤᠷ ᠠᠳᠬᠤᠵᠤ᠂ ᠰᠠᠶᠢᠨ ᠡᠬᠢᠯᠡᠯᠲᠡ ᠲᠠᠢ ᠪᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃ | ᠬᠤᠷᠠᠯ ᠠᠴᠠ ︽ᠤᠷᠳᠤᠰ ᠬᠤᠳᠠ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ | ᠲᠤᠬᠠᠢ ᠬᠡᠷᠡᠭᠵᠢᠭᠦᠯᠬᠦ ᠰᠠᠨᠠᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠢᠨ | ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠪᠣᠯᠤᠨ ᠠᠵᠤ ᠠᠬᠤᠶᠢᠯᠠᠯᠲᠠᠨ ᠤ ᠢᠲᠡᠭᠡᠯ ᠢ ᠨᠡᠮᠡᠭᠳᠡᠭᠦᠯᠦᠨ᠂ ᠠᠵᠤ ᠠᠬᠤᠶᠢᠯᠠᠯ ᠤᠨ ᠰᠠᠨᠠᠯ ᠢ ᠪᠠᠶᠢᠩᠭᠤ ᠶᠢᠨ ᠴᠢᠨᠠᠷᠳᠠᠢ᠂ ᠣᠯᠠᠨ ᠠᠷᠭ᠎ᠠ | ᠵᠠᠮ ᠢᠶᠠᠷ ᠨᠢᠭᠤᠷᠲᠠᠨ ᠰᠣᠨᠣᠰᠴᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ | ᠠᠬᠢᠭᠤᠯᠤᠨ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ︽ᠥᠨᠳᠥᠷ ᠪᠦᠲᠦᠮᠵᠢᠲᠡᠶ ᠪᠠᠷ ᠨᠢᠭᠡ | ᠶᠠᠪᠤᠳᠠᠯ ᠢ ᠪᠦᠲᠦᠭᠡᠬᠦ︾ ᠥᠭᠡᠷᠡᠴᠢᠯᠡᠯᠲᠡ ᠶᠢ ᠠᠬᠢᠭᠤᠯᠤᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ | ᠶᠣᠰᠣᠭᠠᠷ ᠬᠠᠮᠠᠭᠠᠯᠠᠵᠤ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠷᠬᠡ ᠲᠡᠭᠰᠢ ᠥᠷᠢᠰᠦᠯᠳᠦᠭᠡᠨ ᠢ ᠪᠠᠲᠤᠯᠠᠵᠤ᠂ ᠰᠠᠶᠢᠨ ᠰᠠᠶᠢᠬᠠᠨ | ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠲᠤᠭ᠎ᠠ ᠪᠦᠷᠢᠳᠬᠡᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ | ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠵᠤ᠂ ᠭᠤᠣᠯᠳᠠᠯᠭ᠎ᠠ ᠲᠠᠢ ᠠᠵᠢᠯ ᠲᠦᠷᠦᠯ᠂ | ᠴᠢᠬᠤᠯᠠ ᠲᠦᠷᠦᠯ ᠵᠦᠢᠯ᠂ ᠭᠤᠣᠯᠳᠠᠯᠭ᠎ᠠ ᠲᠠᠢ ᠠᠵᠤ ᠠᠬᠤᠶᠢᠯᠠᠯ᠂ ᠴᠢᠬᠤᠯᠠ ᠭᠦᠢᠴᠡᠳᠬᠡᠯ ᠲᠤᠭ᠎ᠠ ᠶᠢᠨ ᠬᠢᠨᠠᠨ ᠬᠡᠮᠵᠢᠯᠲᠡ ᠶᠢᠨ ᠪᠠᠶᠢᠴᠠᠭᠠᠨ ᠰᠤᠳᠤᠯᠤᠯᠲᠠ ᠶᠢ | ᠴᠢᠩᠭᠠᠳᠬᠠᠵᠤ᠂ ᠭᠦᠢᠴᠡᠳᠬᠡᠯ ᠲᠤᠭ᠎ᠠ ᠶᠢᠨ ᠵᠠᠳᠠᠯᠤᠯᠲᠠ ᠶᠢᠨ ᠬᠤᠭᠤᠴᠠᠭᠠᠲᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠦᠨ᠂ ᠮᠡᠳᠡᠭᠡ ᠵᠠᠩᠭᠢ ᠶᠢᠨ | ᠮᠡᠷᠭᠡᠵᠢᠯ ᠤᠨ ᠬᠡᠷᠡᠭᠯᠡᠯᠲᠡ ᠶᠢ ᠴᠢᠩᠭᠠᠳᠬᠠᠵᠤ᠂ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠰᠢᠢᠳᠪᠦᠷᠢᠯᠡᠬᠦ᠂ ᠬᠠᠮᠲᠤᠪᠠᠷ ᠡᠳ᠋ᠯᠡᠬᠦ ᠶᠢ | ᠠᠬᠢᠭᠤᠯᠤᠨ᠂ ᠲᠤᠭ᠎ᠠ ᠪᠦᠷᠢᠳᠬᠡᠯ ᠤᠨ ᠠᠵᠢᠯ ᠤᠨ ᠴᠢᠳᠠᠪᠤᠷᠢ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠨᠡᠩ ᠬᠦᠴᠦᠲᠡᠢ ᠲᠤᠭ᠎ᠠ ᠪᠦᠷᠢᠳᠬᠡᠯ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠳ᠋ᠦᠩᠱᠧᠩ ᠲᠣᠭᠤᠷᠢᠭ ᠤᠨ ᠬᠤᠶᠠᠳᠤᠭᠠᠷ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠡᠭᠴᠡᠯᠡᠨ ᠰᠠᠶᠢᠵᠢᠷᠠᠭᠤᠯᠬᠤ ᠲᠥᠰᠦᠯ︾ ᠢ | ᠰᠤᠳᠤᠯᠵᠤ᠂ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠡᠯ᠎ᠡ ᠰᠠᠯᠠᠭ᠎ᠠ ᠮᠥᠴᠢᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠭᠠᠷ | ᠮᠠᠨᠳᠠᠯ᠂ ᠤᠰᠤ᠂ ᠠᠶᠤᠯᠲᠠᠢ ᠬᠠᠶᠠᠭᠳᠠᠮᠠᠯ ᠪᠣᠳᠠᠰ ᠵᠡᠷᠭᠡ ᠣᠷᠴᠢᠨ ᠲᠣᠭᠤᠷᠢᠨ ᠤ ᠭᠤᠣᠯᠳᠠᠯᠭ᠎ᠠ ᠲᠠᠢ ᠬᠦᠷᠢᠶ᠎ᠡ ᠶᠢ ᠭᠤᠣᠯᠳᠠᠯᠭ᠎ᠠ ᠲᠠᠢ ᠪᠠᠶᠢᠴᠠᠭᠠᠨ ᠴᠡᠭᠴᠡᠯᠡᠵᠦ᠂ | ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠨ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠥᠷᠢᠯᠡᠵᠦ᠂ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠬᠢᠨᠠᠯᠲᠠ | ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠴᠢᠨᠠᠷ ᠰᠠᠶᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠤ ᠬᠠᠮᠠᠭᠠᠯᠠᠯᠲᠠ ᠶᠢ | ᠬᠠᠮᠵᠢᠯᠴᠠᠨ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠬᠦ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠤᠨ ᠬᠠᠮᠲᠤᠷᠠᠯᠴᠠᠭ᠎ᠠ᠂ ᠬᠤᠳᠠ ᠶᠢᠨ ᠳᠤᠮᠳᠠᠬᠢ ᠲᠣᠰᠬᠤᠨ ᠤ | ᠥᠭᠡᠷᠡᠴᠢᠯᠡᠯᠲᠡ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠠᠷᠠᠳ ᠤᠨ ᠠᠮᠢᠳᠤᠷᠠᠯ ᠤᠨ ᠪᠠᠲᠤᠯᠠᠭ᠎ᠠ | ᠵᠡᠷᠭᠡ ᠬᠤᠯᠪᠣᠭᠳᠠᠯ ᠪᠦᠬᠦᠢ ᠶᠠᠪᠤᠳᠠᠯ ᠢ ᠰᠤᠳᠤᠯᠵᠠᠢ᠃ |