1 ᠰᠠᠷ᠎ᠠ ᠶᠢᠨ 17 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ | ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ | ᠬᠡᠯᠲᠡᠰ᠂ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠰ ᠤᠨ ᠦᠢᠯᠡᠴᠢᠯᠡᠭᠡᠨ ᠤ ᠲᠥᠪ᠂ ᠲᠡᠮᠦᠷ ᠵᠠᠮ ᠤᠨ ᠪᠠᠷᠠᠭᠤᠨᠳᠡᠬᠢ ᠴᠠᠬᠢᠯᠭᠠᠨ | ᠬᠠᠩᠭᠠᠬᠤ ᠺᠣᠮᠫᠠᠨᠢ᠂ ᠡᠮᠨᠡᠯᠭᠡ ᠶᠢᠨ ᠠᠵᠢᠯᠲᠠᠳ ᠪᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠲᠥᠯᠥᠭᠡᠯᠡᠭᠴᠢ ᠶᠢ ᠪᠣᠯᠭᠤᠭᠠᠨ ᠲᠣᠬᠤᠨᠢᠭᠤᠯᠵᠤ᠂ | ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠵᠦ᠂ ᠤᠷᠢᠳᠴᠢᠯᠠᠨ ᠪᠠᠶᠠᠷ ᠤᠨ ᠡᠳᠦᠷ ᠤᠨ ᠮᠡᠨᠳᠦᠴᠢᠯᠡᠯ ᠪᠠ ᠴᠠᠭᠠᠨ ᠰᠠᠷ᠎ᠠ ᠶᠢᠨ | ᠵᠥᠩᠨᠡᠯ ᠳᠡᠪᠰᠢᠭᠦᠯᠪᠡ᠃ | ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠰ ᠤᠨ ᠦᠢᠯᠡᠴᠢᠯᠡᠭᠡᠨ ᠤ ᠲᠥᠪ ᠲᠤ᠂ ᠭᠤᠤ ᠢ ᠳ᠋ᠦᠩ ᠤᠶᠤᠨᠲᠤ ᠣᠷᠴᠢᠨ | ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠠᠪᠴᠠᠩ ᠤᠨ ᠠᠵᠢᠯᠯᠠᠭᠠᠨ ᠤ ᠪᠠᠶᠢᠳᠠᠯ᠂ ︽ᠣᠷᠴᠢᠨ ᠲᠣᠭᠤᠷᠢᠨ ᠤ ᠠᠷᠢᠭᠤᠨ ᠴᠡᠪᠡᠷ ᠤᠨ | ᠦᠢᠯᠡᠴᠢᠯᠡᠭᠡᠨ ᠤ ᠬᠢᠨᠠᠯᠲᠠ ᠲᠠᠯᠪᠢᠬᠤ ᠳ᠋ᠤᠭᠠᠷ︾ ᠢ ᠳᠡᠯᠭᠡᠷᠡᠭᠦᠯᠦᠨ ᠬᠡᠷᠡᠭᠯᠡᠭᠰᠡᠨ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠡᠮᠦᠨ᠎ᠡ ᠹᠷᠣᠨᠲ ᠤᠨ | ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠢ ᠪᠣᠯᠭᠤᠭᠠᠨ ᠲᠣᠬᠤᠨᠢᠭᠤᠯᠵᠤ᠂ ᠲᠡᠳᠡᠨ ᠤ ᠠᠵᠢᠯ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠵᠤ᠂ | ᠲᠡᠳᠡᠨ ᠤ ᠬᠤᠳᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠦᠵᠡᠭᠦᠯᠦᠭᠰᠡᠨ ᠴᠢᠷᠮᠠᠶᠢᠯᠭ᠎ᠠ ᠪᠠ ᠬᠤᠪᠢ ᠨᠡᠮᠡᠷᠢ ᠳᠤ ᠲᠠᠯᠠᠷᠬᠠᠬᠤ ᠶᠢᠨ ᠬᠠᠮᠲᠤ ᠤᠯᠠᠨ ᠢ | ᠪᠡᠶ᠎ᠡ ᠪᠠᠨ ᠭᠠᠮᠨᠠᠵᠤ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠶᠢᠨ ᠬᠠᠮᠲᠤ ᠳᠤᠯᠠᠭᠠᠯᠭ᠎ᠠ ᠪᠠ ᠡᠷᠡᠭᠦᠯ ᠮᠡᠨᠳᠦ ᠶᠢᠨ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠢ | ᠭᠡᠵᠦ ᠵᠠᠬᠢᠪᠠ᠃ | ᠲᠡᠮᠦᠷ ᠵᠠᠮ ᠤᠨ ᠪᠠᠷᠠᠭᠤᠨᠳᠠᠬᠢ ᠴᠠᠬᠢᠯᠭᠠᠨ ᠬᠠᠩᠭᠠᠬᠤ ᠺᠣᠮᠫᠠᠨᠢ ᠳᠤ᠂ ᠭᠤᠤ ᠢ ᠳ᠋ᠦᠩ ᠴᠠᠬᠢᠯᠭᠠᠨ ᠬᠠᠩᠭᠠᠬᠤ ᠠᠵᠢᠯᠯᠠᠭᠠᠨ ᠤ ᠪᠠᠲᠤᠯᠠᠭ᠎ᠠ ᠶᠢᠨ ᠪᠠᠶᠢᠳᠠᠯ ᠢ | ᠨᠠᠷᠢᠨ ᠣᠶᠢᠯᠠᠭᠠᠵᠤ᠂ ᠴᠠᠬᠢᠯᠭᠠᠨ ᠬᠠᠩᠭᠠᠬᠤ ᠺᠣᠮᠫᠠᠨᠢ ᠶᠢᠨ ᠥᠩᠭᠡᠷᠡᠭᠰᠡᠨ ᠨᠢᠭᠡ ᠵᠢᠯ ᠳᠤ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ | ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠲᠡᠮᠦᠷ ᠵᠠᠮ ᠤᠨ ᠪᠠᠷᠠᠭᠤᠨᠳᠡᠬᠢ ᠴᠠᠬᠢᠯᠭᠠᠨ ᠬᠠᠩᠭᠠᠬᠤ ᠺᠣᠮᠫᠠᠨᠢ ᠦᠷᠬᠦᠯᠵᠢᠯᠡᠨ ᠬᠤᠳᠠ | ᠲᠣᠭᠤᠷᠢᠭ ᠤᠨ ᠴᠠᠬᠢᠯᠭᠠᠨ ᠬᠠᠩᠭᠠᠬᠤ ᠲᠣᠣᠷ ᠢ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠦᠨᠡᠨᠬᠦ | ᠪᠠᠲᠤᠯᠠᠵᠤ᠂ ᠪᠣᠬᠢᠷᠲᠤᠯ ᠦᠭᠡᠢ ᠴᠠᠬᠢᠯᠭᠠᠨ ᠬᠦᠷᠭᠡᠬᠦ ᠪᠠ ᠲᠤᠬᠠᠢ ᠶᠢᠨ ᠭᠠᠵᠠᠷ ᠲᠤᠨᠢ ᠬᠤᠪᠢᠷᠠᠭᠤᠯᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ | ᠲᠤᠭᠤᠷᠢᠭ ᠤᠨ ᠠᠵᠤ ᠠᠬᠤᠢ ᠶᠢᠨ ᠬᠥᠭᠵᠢᠯᠲᠡ ᠳᠤ ᠲᠠᠬᠢᠨ ᠰᠢᠨ᠎ᠡ ᠭᠠᠪᠢᠶ᠎ᠠ ᠪᠠᠶᠢᠭᠤᠯᠬᠤ ᠶᠢ ᠬᠦᠰᠡᠵᠤ ᠪᠠᠶᠢᠨ᠎ᠠ ᠭᠡᠪᠡ᠃ | ᠲᠤᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ᠂ ᠭᠤᠤ ᠢ ᠳ᠋ᠦᠩ ᠪᠦᠬᠦ ᠳᠠᠷᠤᠭ᠎ᠠ ᠪᠠᠶᠢᠯᠳᠤᠭᠴᠢᠳ ᠤᠨ ᠤᠷᠳᠤ ᠬᠤᠭᠤᠴᠠᠭᠠᠨ ᠤ ᠲᠤᠷᠰᠢ | ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠡᠷᠬᠢᠮ ᠳᠡᠭᠡᠳᠦ ᠬᠦᠨᠳᠦᠳᠬᠡᠯ ᠪᠣᠯᠤᠨ | ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠡᠢ᠃ ᠲᠡᠷᠡ᠂ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠴᠡᠷᠢᠭ ᠠᠩᠭᠢ ᠶᠢᠨ ᠪᠠᠶᠢᠭᠤᠯᠤᠯᠲᠠ ᠶᠢ | ᠪᠥᠬᠦ ᠬᠦᠴᠦᠨ ᠢᠶᠠᠷ ᠳᠡᠮᠵᠢᠨ᠂ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠵᠤ᠂ ᠪᠥᠬᠦ ᠳᠠᠷᠤᠭ᠎ᠠ ᠪᠠᠶᠢᠯᠳᠤᠭᠴᠢᠳ ᠰᠢᠯᠢᠳᠡᠭ ᠤᠯᠠᠮᠵᠢᠯᠠᠯ ᠪᠠ ᠰᠤᠷᠲᠠᠯ ᠢᠶᠠᠨ ᠦᠷᠭᠦᠯᠵᠢᠯᠡᠨ ᠪᠠᠷᠢᠮᠲᠠᠯᠠᠨ ᠪᠠᠳᠠᠷᠠᠭᠤᠯᠵᠤ᠂ ᠡᠩᠨᠡᠭᠡᠨ ᠤ | ᠪᠠᠶᠢᠭᠤᠯᠤᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠴᠡᠷᠢᠭ ᠠᠩᠭᠢ ᠪᠠ ᠣᠷᠣᠨ | ᠨᠤᠲᠤᠭ ᠤᠨ ᠬᠠᠮᠲᠤ ᠶᠢᠨ ᠪᠠᠶᠢᠭᠤᠯᠤᠯᠳᠠ ᠳᠤ ᠢᠳᠡᠪᠬᠢᠲᠡᠶ ᠣᠷᠣᠯᠴᠠᠵᠤ᠂ ᠴᠡᠷᠢᠭ ᠵᠠᠰᠠᠭ᠂ ᠴᠡᠷᠢᠭ ᠠᠷᠠᠳ ᠤᠨ ᠪᠦᠯᠬᠦᠮᠳᠡᠯ ᠤᠨ ᠰᠢᠨ᠎ᠡ ᠬᠠᠭᠤᠳᠠᠰᠤ ᠶᠢ | ᠬᠠᠮᠲᠤ ᠪᠠᠷ ᠪᠢᠴᠢᠭᠯᠡᠬᠦ ᠶᠢ ᠬᠦᠰᠡᠵᠦ ᠪᠠᠶᠢᠨ᠎ᠠ ᠭᠡᠵᠡᠶ᠃ | ᠲᠣᠭᠤᠷᠢᠭ ᠤᠨ ᠡᠮᠨᠡᠯᠭᠡ ᠶᠢᠨ ᠬᠤᠷᠢᠶᠠᠨ ᠤ ᠬᠡᠤᠬᠡᠳ ᠤᠨ ᠰᠠᠯᠠᠭᠠᠨ ᠤ ᠡᠷᠬᠢᠯᠡᠭᠴᠢ᠂ ᠠᠬᠠᠮᠠᠳ ᠨᠠᠮ ᠤᠨ ᠭᠡᠰᠢᠭᠦᠨ ᠯᠢᠶᠠᠩ ᠱᠸᠤ ᠴᠢᠩ ᠪᠣᠯ ᠲᠣᠰ | ᠬᠤᠷᠢᠶᠠᠨ ᠤ ᠬᠡᠤᠬᠡᠳ ᠤᠨ ᠰᠠᠯᠠᠭᠠᠨ ᠤ ᠰᠢᠨᠵᠢᠯᠡᠭᠡᠨ ᠤ ᠳᠠᠭᠠᠭᠤᠯᠤᠭᠴᠢ᠂ ᠴᠤᠸᠠᠨ ᠴᠢ ︵ᠰᠠᠯᠢᠰᠤᠲᠤ ᠪᠦᠷᠬᠦᠪᠴᠢ ᠶᠢᠨ ᠠᠷᠠᠰᠤᠨ ᠤ ᠯᠢᠮᠹᠠ ᠶᠢᠨ ᠪᠤᠯᠴᠢᠷᠬᠠᠢ ᠶᠢᠨ | ᠦᠷᠪᠢᠰᠦᠯ︶ ᠡᠪᠡᠳᠴᠢᠨ ᠵᠡᠷᠭᠡ ᠣᠯᠠᠨ ᠵᠦᠢᠯ ᠤᠨ ᠡᠪᠡᠳᠴᠢᠨ ᠢ ᠲᠦᠷᠦᠬᠦᠯᠡᠨ ᠲᠣᠳᠣᠷᠬᠠᠶ ᠣᠨᠣᠰᠢᠯᠠᠨ ᠵᠠᠰᠠᠵᠤ᠂ ᠣᠯᠠᠨ ᠵᠦᠢᠯ ᠤᠨ ᠡᠮᠴᠢᠯᠡᠭᠡ ᠦᠷᠨᠢᠬᠦᠯᠪᠡ᠃ | ᠯᠢᠶᠠᠩ ᠱᠸᠤ ᠴᠢᠩ ᠤᠨ ᠭᠡᠷ ᠲᠤ᠂ ᠭᠤᠤ ᠢ ᠳ᠋ᠦᠩ ᠲᠡᠭᠦᠨ ᠤ ᠤᠯᠠᠨ ᠵᠢᠯ ᠤᠨ ᠲᠤᠷᠰᠢ ᠬᠡᠦᠬᠡᠳ ᠤᠨ ᠡᠮᠨᠡᠯᠭᠡ ᠶᠢᠨ ᠠᠵᠢᠯ ᠤᠨ ᠪᠠᠶᠢᠷᠢ ᠳᠡᠭᠡᠷᠡᠬᠢ ᠰᠢᠷᠭᠠᠭᠤ | ᠬᠠᠲᠠᠭᠤᠵᠢᠯᠲᠠᠢ ᠴᠢᠷᠮᠠᠶᠢᠯᠭ᠎ᠠ ᠭᠠᠷᠭᠠᠭᠰᠠᠨ ᠪᠠ ᠳ᠋ᠦᠩᠱᠧᠩ ᠲᠣᠭᠤᠷᠢᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠲᠤ ᠦᠵᠡᠭᠦᠯᠦᠭᠰᠡᠨ ᠲᠤᠪᠤᠶᠢᠮ᠎ᠠ | ᠬᠤᠪᠢ ᠨᠡᠮᠡᠷᠢ ᠶᠢ ᠭᠦᠢᠴᠡᠳ ᠨᠤᠲᠠᠯᠠᠵᠤ᠂ ᠲᠡᠭᠦᠨ ᠢ ᠰᠢᠨᠵᠢᠯᠡᠭᠡᠨ ᠤ ᠰᠠᠯᠠᠭᠠᠨ ᠤ ᠳᠠᠭᠠᠭᠤᠯᠤᠭᠴᠢ ᠶᠢᠨ ᠬᠦᠳᠦᠯᠦᠨ ᠳᠠᠭᠠᠭᠤᠯᠬᠤ ᠦᠢᠯᠡᠳᠦᠯ ᠢᠶᠠᠨ ᠦᠷᠭᠦᠯᠵᠢᠯᠡᠨ | ᠪᠠᠳᠠᠷᠠᠭᠤᠯᠵᠤ᠂ ᠳ᠋ᠦᠩᠱᠧᠩ ᠲᠣᠭᠤᠷᠢᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠲᠤ ᠨᠡᠩ ᠤᠯᠠᠨ ᠰᠢᠯᠢᠳᠡᠭ ᠴᠢᠳᠠᠪᠤᠷᠢᠲᠠᠨ ᠢ ᠬᠥᠮᠦᠵᠢᠭᠦᠯᠵᠦ᠂ ᠨᠡᠩ | ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠤ ᠪᠠᠶᠢᠨ᠎ᠠ ᠭᠡᠪᠡ᠃ | ᠲᠣᠭᠤᠷᠢᠭ ᠤᠨ ᠤᠳᠤᠷᠢᠳᠤᠯᠭ᠎ᠠ ᠳ᠋ᠦ᠋ ᠵᠢᠢ ᠺᠤᠸᠠᠨ᠂ ᠤᠶᠤᠨᠪᠢᠯᠢᠭ᠌ ᠬᠠᠮᠲᠤ ᠲᠤᠬᠤᠨᠢᠭᠤᠯᠭ᠎ᠠ ᠳᠤ ᠤᠷᠤᠯᠴᠠᠪᠠ᠃ | | |