1 ᠰᠠᠷ᠎ᠠ ᠶᠢᠨ 17 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠲᠤᠪᠤᠶᠢᠮ᠎ᠠ ᠲᠥᠯᠥᠭᠡᠯᠡᠭᠴᠢ ᠪᠣᠯᠤᠨ ᠵᠠᠯᠠᠭᠤ ᠰᠢᠯᠢᠳᠡᠭ ᠴᠢᠳᠠᠪᠤᠷᠢᠲᠠᠨ ᠤ ᠲᠥᠯᠥᠭᠡᠯᠡᠭᠴᠢᠳ ᠢ ᠪᠣᠯᠭᠤᠭᠠᠨ | ᠲᠣᠬᠤᠨᠢᠭᠤᠯᠵᠤ᠂ ᠲᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠭᠰᠡᠨ ᠪᠥᠭᠡᠳ ᠲᠡᠳᠡᠨ ᠢᠶᠠᠷ ᠳᠠᠮᠵᠢᠭᠤᠯᠤᠨ ᠥᠷᠭᠡᠨ ᠤᠯᠠᠨ | ᠺᠠᠳ᠋ᠷ ᠤᠯᠠᠨ ᠲᠦᠮᠡᠨ ᠳᠤ ᠴᠠᠭᠠᠨ ᠰᠠᠷ᠎ᠠ ᠶᠢᠨ ᠮᠡᠨᠳᠦᠴᠢᠯᠡᠯ ᠪᠠ ᠵᠥᠩᠨᠡᠯ ᠳᠡᠪᠰᠢᠭᠦᠯᠪᠡ᠃ | ᠬᠤᠲᠠ ᠶᠢᠨ ᠳᠡᠰ ᠤᠨ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠳᠤᠪᠤᠶᠢᠮ᠎ᠠ ᠬᠤᠪᠢ ᠨᠡᠮᠡᠷᠢ ᠦᠵᠡᠬᠦᠯᠦᠭᠰᠡᠨ ᠬᠤᠪᠢ ᠬᠥᠮᠦᠨ︾ ᠴᠧᠩ | ᠸᠧᠶ ᠶᠢᠨ ᠬᠡᠷ ᠲᠤ᠂ ᠬᠠᠨ ᠲᠤᠤ ᠴᠧᠩ ᠸᠧᠶ ᠶᠢᠨ ᠨᠢᠭᠡ ᠭᠡᠷ ᠤᠨ ᠬᠢᠨ ᠤ ᠠᠵᠢᠯ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠵᠤ᠂ ᠲᠡᠭᠦᠨ ᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠬᠦᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠤᠭᠰᠠᠨ ᠳᠤ ᠭᠦᠢᠴᠡᠳ | ᠨᠤᠲᠠᠯᠠᠯᠲᠠ ᠥᠭᠴᠦ᠂ ᠦᠷᠭᠦᠯᠵᠢᠯᠡᠨ ᠵᠢᠱᠢᠶᠡᠴᠢ ᠪᠤᠯᠵᠤ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠬᠤ ᠶᠢ ᠵᠤᠷᠢᠭᠵᠢᠭᠤᠯᠤᠨ᠂ ᠲᠣᠰ ᠪᠡᠶ᠎ᠡ ᠶᠢᠨ ᠡᠮ ᠡᠮᠨᠡᠯᠭᠡ | ᠡᠷᠡᠭᠦᠯ ᠬᠠᠮᠠᠭᠠᠯᠠᠯ ᠵᠡᠷᠭᠡ ᠲᠠᠯ᠎ᠠ ᠪᠠᠷ ᠬᠢ ᠣᠨᠴᠠ ᠳᠠᠪᠠᠭᠤᠯᠢᠭ ᠢᠶᠠᠨ ᠢᠳᠡᠪᠬᠢᠲᠡᠶ ᠪᠠᠳᠠᠷᠠᠭᠤᠯᠵᠤ᠂ ︽ᠭᠤᠷᠪᠠᠨ ᠲᠣᠭᠤᠷᠢᠭ ᠳᠥᠷᠪᠡᠨ ᠬᠤᠲᠠ︾ ᠶᠢᠨ ᠪᠥᠲᠥᠭᠡᠨ | ᠪᠠᠶᠢᠭᠤᠯᠤᠯᠲᠠ ᠶᠢ ᠠᠬᠢᠭᠤᠯᠬᠤ ᠳᠤᠮᠳᠠ ᠬᠡᠷᠡᠯ ᠭᠢᠯᠪᠠᠭ᠎ᠠ ᠪᠠᠨ ᠰᠠᠴᠤᠷᠠᠭᠤᠯᠤᠨ᠂ ᠪᠥᠬᠦ ᠲᠤᠭᠤᠷᠢᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ | ᠬᠥᠭᠵᠢᠯᠲᠡ ᠶᠢ ᠠᠬᠢᠭᠤᠯᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠤ ᠨᠠᠩ ᠣᠯᠠᠨ ᠢᠳᠡᠪᠬᠢᠲᠡᠶ ᠬᠤᠪᠢ ᠨᠡᠮᠡᠷᠢ ᠦᠵᠡᠭᠦᠯᠬᠦ ᠶᠢ | ᠵᠣᠷᠢᠭᠵᠢᠭᠤᠯᠪᠠ᠃ | ᠯᠢᠶᠠᠨ ᠫᠢᠩ ᠬᠢᠲᠠᠳ ᠡᠮᠨᠡᠯᠭᠡ ᠶᠢᠨ ᠬᠤᠷᠢᠶ᠎ᠠ ᠳᠤ᠂ ᠬᠠᠨ ᠲᠤᠤ ᠬᠤᠳᠠ ᠶᠢᠨ ᠲᠡᠰ ᠤᠨ ︽ᠵᠠᠯᠠᠭᠤ ᠰᠢᠯᠢᠳᠡᠭ ᠴᠢᠳᠠᠪᠤᠷᠢᠳᠠᠨ︾ ᠯᠢᠶᠠᠨ ᠫᠢᠩ ᠤᠨ ᠡᠷᠡᠭᠦᠯ | ᠮᠡᠨᠳᠦ ᠨᠠᠰᠤᠵᠢᠯ ᠤᠨ ᠠᠰᠠᠷᠠᠮᠵᠢ᠂ ᠤᠯᠠᠮᠵᠢᠯᠠᠯᠲᠤ ᠬᠢᠲᠠᠳ ᠡᠮᠨᠡᠯᠭᠡ ᠵᠡᠷᠭᠡ ᠠᠵᠤ ᠦᠢᠯᠡᠰ ᠤᠨ ᠬᠥᠭᠵᠢᠯᠲᠡ ᠶᠢᠨ ᠲᠤᠬᠠᠢ ᠰᠠᠨᠠᠭᠤᠯᠭ᠎ᠠ ᠪᠠ ᠰᠠᠨᠠᠯ ᠢ ᠨᠠᠷᠢᠨ | ᠬᠢᠨᠠᠮᠠᠭᠠᠢ ᠰᠣᠨᠣᠰᠴᠤ᠂ ᠲᠡᠭᠦᠨ ᠤ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠬᠥᠭᠵᠢᠯᠲᠡ ᠶᠢ ᠴᠢᠩᠭᠠᠳᠬᠠᠬᠤ ᠲᠠᠯ᠎ᠠ ᠪᠠᠷ | ᠦᠵᠡᠭᠦᠯᠦᠭᠰᠡᠨ ᠬᠤᠪᠢ ᠨᠡᠮᠡᠷᠢ ᠶᠢ ᠭᠦᠢᠴᠡᠳ ᠨᠤᠲᠠᠯᠠᠪᠠ᠃ ᠳᠡᠷᠡ᠂ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠦᠷᠬᠦᠯᠵᠢᠯᠡᠨ ᠰᠢᠯᠢᠳᠡᠭ ᠵᠠᠯᠠᠭᠤ | ᠴᠢᠳᠠᠪᠤᠷᠢᠲᠠᠨ ᠤ ᠦᠰᠦᠨ ᠪᠤᠶᠢᠵᠢᠯᠲᠠ ᠶᠢ ᠬᠠᠯᠠᠮᠵᠢᠯᠠᠨ ᠳᠡᠮᠵᠢᠵᠦ᠂ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠨ ᠪᠤᠵᠠᠭᠠᠶᠢᠷᠠᠬᠤ ᠶᠢ ᠬᠠᠯᠠᠮᠵᠢᠯᠠᠨ ᠳᠡᠮᠵᠢᠵᠦ | ᠂ ᠲᠡᠭᠦᠨ ᠤ ᠴᠢᠳᠠᠪᠤᠷᠢᠲᠠᠨ ᠤ ᠰᠢᠨ᠎ᠡ ᠶᠢ ᠡᠭᠦᠳᠴᠦ ᠬᠥᠲᠥᠯᠥᠨ ᠳᠠᠭᠠᠭᠤᠯᠬᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠣᠨᠣᠰᠢᠯᠠᠨ ᠡᠮᠨᠡᠬᠦ | ᠦᠢᠯᠡᠴᠢᠯᠡᠭᠡᠨ ᠤ ᠵᠠᠭᠪᠤᠷ ᠢᠶᠠᠨ ᠰᠢᠯᠢᠳᠡᠭᠵᠢᠭᠦᠯᠦᠨ ᠲᠠᠰ ᠳᠡᠪᠰᠢᠭᠦᠯᠵᠦ᠂ ᠬᠢᠲᠠᠳ ᠡᠮ ᠡᠮᠨᠡᠯᠭᠡ ᠶᠢᠨ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ ᠡᠮᠨᠡᠨ | ᠵᠠᠰᠠᠬᠤ ᠪᠠ ᠡᠷᠡᠭᠦᠯᠵᠢᠭᠦᠯᠬᠦ ᠳᠤᠮᠳᠠᠬᠢ ᠳᠠᠪᠠᠭᠤᠯᠢᠭ ᠣᠨᠴᠠᠯᠢᠭ ᠢᠶᠠᠨ ᠭᠦᠢᠴᠡᠳ ᠪᠠᠳᠠᠷᠠᠭᠤᠯᠵᠤ᠂ ᠥᠷᠭᠡᠨ ᠣᠯᠠᠨ ᠲᠦᠮᠡᠨ ᠳᠤ ᠲᠠᠰᠤᠷᠠᠯᠲᠠ ᠥᠬᠡᠶ ᠨᠠᠩ | ᠰᠢᠯᠢᠳᠡᠭ ᠡᠮᠴᠢᠯᠡᠭᠡᠨ ᠤ ᠦᠢᠯᠡᠴᠢᠯᠡᠭᠡ ᠬᠠᠩᠭᠠᠬᠤ ᠶᠢ ᠬᠦᠰᠡᠵᠦ ᠪᠠᠶᠢᠨ᠎ᠠ ᠭᠡᠵᠡᠶ᠃ | ᠲᠣᠭᠤᠷᠢᠭ ᠤᠨ ᠤᠳᠤᠷᠢᠳᠤᠯᠭ᠎ᠠ ᠯᠢᠦ ᠯᠠᠨ ᠰᠢᠶᠠᠩ ᠬᠠᠮᠲᠤ ᠪᠣᠯᠭᠤᠭᠠᠨ ᠲᠣᠬᠤᠨᠢᠭᠤᠯᠪᠠ᠃ | | |