ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 1 ᠰᠠᠷ᠎ᠠ ᠶᠢᠨ | 17 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ 2024 ᠣᠨ ᠤ ᠠᠷᠠᠳᠴᠢᠯᠠᠯ ᠤᠨ ᠠᠮᠢᠳᠤᠷᠠᠯ ᠤᠨ | ᠬᠤᠷᠠᠯ ᠢ ᠬᠤᠷᠠᠯᠳᠤᠭᠤᠯᠵᠤ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ | ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ | ᠬᠤᠲᠠ ᠶᠢᠨ ᠨᠢᠭᠡᠳᠦᠭᠡᠷ ᠬᠢᠨᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠤᠨ ᠪᠠᠶᠢᠭᠤᠯᠭ᠎ᠠ ᠶᠢᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠴᠧᠨ ᠵᠢᠶᠦ᠋ᠨ ᠬᠤᠷᠠᠯ ᠳᠤ ᠤᠷᠤᠯᠴᠠᠨ ᠦᠨᠡᠯᠡᠯᠲᠡ ᠬᠢᠪᠡ᠃ ᠲᠣᠭᠤᠷᠢᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠢᠢ ᠫᠢᠩ᠂ | ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠨ ᠶᠣᠣ ᠲᠢᠩ ᠬᠤᠷᠠᠯ ᠳᠤ ᠰᠤᠯᠠ | ᠣᠷᠣᠯᠴᠠᠪᠠ᠃ | ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ | ᠬᠤᠷᠠᠯᠳᠤᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ᠃ ᠬᠤᠷᠠᠯ ᠠᠴᠠ ᠡᠮᠦᠨ᠎ᠡ ᠲᠤᠰᠬᠠᠶᠢᠯᠠᠨ ᠲᠥᠰᠦᠯ ᠲᠣᠭᠲᠠᠭᠠᠵᠤ᠂ ᠰᠤᠷᠤᠯᠴᠠᠵᠤ ᠰᠤᠳᠤᠯᠤᠨ | ᠶᠠᠷᠢᠯᠴᠠᠬᠤ ᠠᠵᠢᠯ ᠢ ᠭᠦᠨᠵᠡᠭᠡᠶ ᠥᠷᠨᠢᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠢ ᠪᠥᠬᠦ ᠲᠠᠯ᠎ᠠ ᠪᠠᠷ ᠪᠠᠶᠢᠴᠠᠭᠠᠨ ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ | ᠬᠡᠮᠵᠢᠶ᠎ᠡ ᠶᠢ ᠰᠤᠳᠤᠯᠤᠨ ᠳᠤᠷᠠᠳᠴᠤ᠂ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠨ᠂ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢ ᠨᠠᠷᠢᠨ ᠨᠢᠮᠪᠠᠶ ᠪᠢᠴᠢᠵᠦ᠂ | ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠭᠦᠢᠴᠡᠳ ᠪᠡᠯᠡᠳᠬᠡᠯ ᠬᠢᠵᠡᠶ᠃ | ᠬᠤᠷᠠᠯ ᠠᠴᠠ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠵᠢᠴᠢ ᠠᠶᠤᠯᠭᠦᠢ | ᠦᠢᠯᠡᠳᠪᠦᠷᠢᠯᠡᠯ ᠤᠨ ᠠᠵᠢᠯ ᠤᠨ ᠲᠣᠭᠤᠷᠢᠨ ᠪᠠᠶᠢᠴᠠᠭᠠᠯᠲᠠ ᠶᠢᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ | ᠮᠡᠳᠡᠭᠳᠡᠪᠡ᠃ ᠭᠤᠣ ᠢ ᠳ᠋ᠦᠩ ᠪᠠᠢᠩᠭᠤ ᠶᠢᠨ ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠬᠤ ᠶᠢᠨ ᠬᠠᠮᠲᠤ ᠲᠦᠷᠦᠭᠦᠯᠡᠨ ᠬᠤᠪᠢ | ᠬᠥᠮᠦᠨ ᠤ ᠬᠠᠷᠢᠴᠠᠭᠤᠯᠤᠨ ᠪᠠᠶᠢᠴᠠᠭᠠᠭᠰᠠᠨ ᠮᠡᠳᠡᠬᠦᠯᠦᠯᠳᠡ ᠬᠢᠪᠡ᠃ ᠪᠠᠶᠢᠩᠭᠤ ᠶᠢᠨ ᠬᠤᠷᠢᠶᠠᠨ ᠤ ᠪᠤᠰᠤᠳ ᠭᠡᠰᠢᠬᠦᠳ ᠳᠤᠰ ᠳᠤᠰ ᠬᠤᠪᠢ ᠬᠥᠮᠦᠨ ᠤ | ᠬᠠᠷᠢᠴᠠᠭᠤᠯᠤᠭᠰᠠᠨ ᠪᠠᠶᠢᠴᠠᠭᠠᠯᠲᠠ ᠶᠢᠨ ᠮᠡᠳᠡᠬᠦᠯᠦᠯᠳᠡ ᠬᠢᠪᠡ᠃ ᠪᠠᠶᠢᠩᠭᠤ ᠶᠢᠨ ᠭᠡᠰᠢᠭᠦᠨ ᠨᠢᠭᠡᠪᠦᠷᠢ ᠶᠠᠷᠢᠶ᠎ᠠ ᠲᠠᠯᠪᠢᠭᠰᠠᠨ ᠤ ᠲᠠᠷᠠᠭ᠎ᠠ᠂ ᠪᠤᠰᠤᠳ ᠭᠡᠰᠢᠬᠦᠳ ᠲᠡᠰ | ᠳᠠᠷᠠᠭᠠᠯᠠᠨ ᠰᠢᠭᠦᠮᠵᠢᠯᠡᠬᠦ ᠰᠠᠨᠠᠯ ᠳᠤᠷᠠᠳᠪᠠ᠃ | ᠭᠤᠤ ᠢ ᠳ᠋ᠦᠩ ᠳ᠋ᠦᠩᠨᠡᠯᠲᠡ ᠶᠢᠨ ᠶᠠᠷᠢᠶᠠᠨ ᠳᠠᠭᠠᠨ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ | ᠰᠠᠨᠠᠭᠠᠴᠢᠯᠠᠭ᠎ᠠ ᠠᠴᠠ ᠪᠠᠨ ᠪᠠᠷᠢᠮᠵᠢᠶ᠎ᠠ ᠲᠠᠢ ᠬᠠᠷᠭᠤᠭᠤᠯᠵᠤ᠂ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠬᠦ ᠬᠡᠷᠡᠭᠲᠡᠢ︔ | ᠤᠯᠤᠰ ᠲᠦᠷᠦ ᠶᠢᠨ ᠲᠠᠯ᠎ᠠ ᠪᠠᠷ ᠦᠨᠡᠨᠴᠢ ᠰᠢᠳᠤᠷᠭᠤ ᠶᠢ ᠡᠷᠡᠰ ᠪᠠᠲᠤ ᠪᠠᠶᠢᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠡᠷᠡᠰ ᠭᠤᠶᠢᠪᠢᠰᠢ ᠦᠭᠡᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ︔ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠢ ᠴᠢᠩᠭᠠᠳᠬᠠᠬᠤ ᠲᠤᠬᠠᠢ | ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠤᠬᠠᠵᠤ᠂ ᠪᠠᠶᠢᠩᠭᠤᠵᠢᠭᠰᠠᠨ ᠤᠷᠳᠤ ᠬᠤᠭᠤᠴᠠᠭᠠᠨ ᠤ ᠪᠦᠲᠦᠮᠵᠢᠲᠡᠢ ᠰᠠᠬᠢᠯᠭ᠎ᠠ ᠪᠠᠲᠤ ᠶᠢᠨ ᠬᠥᠮᠦᠵᠢᠯ ᠤᠨ | ᠲᠣᠭᠲᠠᠴᠠ ᠶᠢ ᠪᠠᠶᠢᠭᠤᠯᠵᠤ᠂ ᠺᠠᠳ᠋ᠷᠴᠤᠳ ᠢ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠳᠤᠮᠳᠠ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠴᠦ᠂ ᠠᠵᠢᠯ ᠬᠢᠵᠦ ᠦᠢᠯᠡᠰ ᠪᠤᠰᠬᠠᠬᠤ ᠬᠡᠷᠡᠭᠲᠡᠢ᠃ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠠᠬᠢᠭᠤᠯᠤᠨ᠂ ᠴᠢᠨᠠᠷ | ᠰᠠᠶᠢᠲᠠᠢ ᠬᠥᠭᠵᠢᠯᠲᠡ ᠶᠢ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠳᠤᠮᠳᠠ | ᠲᠦᠷᠦᠭᠦᠯᠡᠨ ᠠᠵᠢᠯ ᠬᠢᠵᠦ ᠦᠢᠯᠡᠰ ᠪᠤᠰᠬᠠᠵᠤ᠂ ᠵᠥᠪ ᠣᠨᠣᠪᠴᠢᠲᠠᠢ ᠠᠵᠢᠯ ᠤᠨ ᠪᠦᠲᠦᠮᠵᠢ ᠶᠢᠨ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠲᠦᠭᠡᠮᠡᠯ | ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠪᠦᠬᠦ ᠬᠦᠴᠦᠨ ᠢᠶᠠᠷ | ᠰᠠᠶᠢᠲᠤᠷ ᠬᠢᠬᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢ ᠴᠥᠬᠦᠷᠡᠰᠢ ᠦᠭᠡᠢ ᠠᠳᠬᠤᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ | ᠬᠠᠷᠢᠭᠤᠴᠠᠯᠭ᠎ᠠ ᠶᠢ ᠡᠷᠡᠰ ᠡᠬᠦᠷᠭᠡᠯᠡᠨ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠤᠶᠠᠯᠳᠤᠭᠤᠯᠬᠤ ᠶᠢ | ᠪᠠᠷᠢᠮᠲᠠᠯᠠᠵᠤ᠂ ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ ᠪᠠ ᠤᠷᠮᠠᠰᠢᠭᠤᠯᠤᠨ ᠵᠣᠷᠢᠭᠵᠢᠭᠤᠯᠵᠤ ᠬᠠᠷᠢᠭᠤᠴᠠᠯᠭ᠎ᠠ ᠡᠭᠦᠷᠭᠡᠯᠡᠬᠦ ᠶᠢ ᠳᠡᠭᠡᠳᠦ ᠬᠡᠮᠵᠢᠶ᠎ᠡ ᠪᠠᠷ | ᠨᠢᠭᠡᠳᠬᠡᠵᠦ᠂ ᠰᠠᠬᠢᠯᠭ᠎ᠠ ᠪᠠᠲᠤ ᠶᠣᠰᠣ ᠲᠦᠷᠢᠮ ᠢᠶᠠᠷ ᠬᠤᠷᠢᠭ᠎ᠠ ᠱᠤᠭᠤᠮ ᠪᠣᠯᠭᠠᠨ ᠨᠠᠮ ᠤᠨ ᠭᠡᠰᠢᠭᠦᠨ ᠺᠠᠳ᠋ᠷᠴᠤᠳ ᠤᠨ ᠵᠣᠷᠢᠭᠲᠠᠢ ᠪᠠᠷ ᠠᠵᠢᠯ ᠬᠢᠬᠦ᠂ ᠪᠣᠳᠠᠲᠠᠢ | ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠬᠦᠳᠦᠯᠦᠨ ᠵᠢᠯᠣᠭᠤᠳᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠶᠢ ᠡᠷᠡᠰ ᠠᠳᠬᠤᠵᠤ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠳᠤᠪᠤᠶᠢᠯᠭᠠᠨ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ︽ᠰᠡᠭᠦᠯᠴᠢ ᠶᠢᠨ ᠬᠠᠭᠠᠰ ᠠᠵᠢᠯ︾ ᠢ ᠦᠷᠭᠦᠯᠵᠢᠯᠡᠨ ᠰᠠᠶᠢᠲᠤᠷ | ᠠᠳᠬᠤᠵᠤ᠂ ᠪᠤᠢ ᠪᠦᠬᠦᠢ ᠠᠰᠠᠭᠤᠳᠠᠯ ᠢ ᠲᠦᠢᠯᠪᠤᠷᠢᠲᠠᠢ ᠥᠭᠡᠷᠡᠴᠢᠯᠡᠬᠦ᠂ ᠪᠣᠳᠠᠲᠠᠢ ᠰᠠᠶᠢᠵᠢᠷᠠᠭᠤᠯᠬᠤ᠂ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ | ᠭᠡᠪᠡ᠃ | | |