ᠭᠤᠤ ᠢ ᠳ᠋ᠦᠩ ᠴᠠᠭᠠᠨ ᠰᠠᠷ᠎ᠠ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ᠂ ᠢᠳᠡᠭᠡᠨ ᠤ ᠠᠮᠤᠷ ᠲᠦᠪᠰᠢᠨ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/1/19
     1 ᠰᠠᠷ᠎ᠠ ᠶᠢᠨ 18 ᠤ ᠡᠳᠤᠷ᠂ ᠤᠷᠳᠤᠰ ᠤᠨ ᠲᠡᠭᠡᠳᠤ ᠰᠢᠨ᠎ᠠ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠤᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠡᠭ ᠴᠠᠭᠠᠨ ᠰᠠᠷ᠎ᠠ ᠠᠴᠠ ᠡᠮᠦᠨᠡᠬᠢ ᠠᠶᠤᠯᠭᠦᠢ ᠦᠢᠯᠡᠳᠪᠤᠷᠢᠯᠡᠯ᠂ ᠵᠠᠬ᠎ᠠ ᠲᠡᠯᠭᠡᠭᠦᠷ ᠤᠨ ᠬᠠᠨᠭ᠍ᠭᠠᠯᠭ᠎ᠠ ᠶᠢ ᠪᠠᠳᠤᠯᠠᠬᠤ᠂ ᠢᠳᠡᠭᠡᠨ ᠤ ᠠᠮᠤᠷ ᠲᠦᠪᠰᠢᠨ ᠵᠡᠷᠭᠡ ᠠᠵᠢᠯ ᠢ ᠪᠠᠶᠢᠴᠠᠭᠠᠨ ᠰᠤᠳᠤᠯᠪᠠ᠃     ᠤᠷᠳᠤᠰ ᠬᠤᠳᠠ ᠶᠢᠨ ᠶᠢᠨ ᠰᠢᠨ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠳᠤ᠂ ᠭᠤᠤ ᠢ ᠳ᠋ᠦᠩ ᠬᠤᠸᠠᠷ ᠫᠤᠤᠵᠢᠩ ᠤᠨ ᠬᠠᠳᠠᠭᠠᠯᠠᠯᠲᠠ᠂ ᠡᠵᠡᠩᠨᠡᠯᠲᠡ᠂ ᠳᠡᠭᠡᠭᠡᠪᠤᠷᠢᠯᠡᠯᠳᠡ᠂ ᠭᠠᠯ ᠤᠨᠲᠠᠷᠠᠭᠠᠬᠤ ᠠᠮᠤᠷ ᠲᠦᠪᠰᠢᠨ ᠤ ᠲᠥᠬᠦᠭᠡᠷᠦᠮᠵᠢ ᠶᠢᠨ ᠳᠤᠬᠢᠷᠠᠭᠤᠯᠤᠯᠳᠠ ᠵᠡᠷᠭᠡ ᠪᠠᠶᠢᠳᠠᠯ ᠢ ᠨᠠᠷᠢᠨ ᠯᠠᠪᠯᠠᠨ ᠠᠰᠠᠭᠤᠪᠠ᠃ ᠲᠡᠷᠡ᠂ ᠬᠤᠸᠠᠷ ᠫᠤᠤᠵᠢᠩ ᠡᠵᠡᠩᠨᠡᠬᠦ ᠡᠯ᠎ᠡ ᠨᠢᠭᠡᠴᠡ ᠠᠮᠤᠷ ᠲᠦᠪᠰᠢᠨ ᠤ ᠤᠬᠠᠮᠰᠠᠷ ᠢᠶᠠᠨ ᠦᠨᠡᠨᠬᠦ ᠳᠡᠭᠡᠭᠰᠢᠯᠡᠭᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠠᠵᠢᠯᠴᠢᠨ ᠤ ᠬᠠᠮᠢᠶᠠᠷᠤᠯᠲᠠ ᠪᠠ ᠪᠣᠯᠪᠠᠰᠤᠷᠠᠭᠤᠯᠤᠯ ᠢᠶᠠᠨ ᠴᠢᠩᠭᠠᠳᠬᠠᠵᠤ᠂ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ᠂ ᠬᠤᠸᠠᠷ ᠫᠤᠤᠵᠢᠩ ᠪᠣᠷᠣᠯᠠᠭᠤᠯᠬᠤ᠂ ᠬᠠᠳᠠᠭᠠᠯᠠᠬᠤ᠂ ᠲᠡᠭᠡᠭᠡᠪᠦᠷᠢᠯᠡᠬᠦ᠂ ᠫᠤᠤᠵᠢᠩ ᠲᠠᠯᠪᠢᠬᠤ ᠵᠡᠷᠭᠡ ᠡᠯ᠎ᠡ ᠵᠠᠩᠭᠢᠯᠠᠭ᠎ᠠ ᠶᠢᠨ ᠠᠵᠢᠯ ᠢ ᠰᠠᠶᠢᠲᠤᠷ ᠬᠢᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠢᠨᠠᠯᠲᠠ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠬᠤᠸᠠᠷ ᠫᠤᠤᠵᠢᠩ ᠡᠵᠡᠩᠨᠡᠬᠦ ᠠᠮᠤᠷ ᠲᠣᠭᠲᠠᠭᠤᠨ ᠡᠮᠬᠢ ᠵᠢᠷᠤᠮ ᠲᠠᠢ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠵᠡᠶ᠃     ᠰᠢᠩ ᠶᠤᠸᠠᠨ ᠬᠤᠨᠤᠭ ᠤᠨ ᠭᠠᠵᠠᠷ᠂ ᠯᠠᠨ ᠶᠠᠩ ᠯᠢᠨ ᠳ᠋ᠦᠨ ᠳᠠᠶᠢᠯᠠᠯᠭ᠎ᠠ ᠶᠢᠨ ᠭᠠᠵᠠᠷ ᠲᠤ᠂ ᠭᠤᠤ ᠢ ᠳ᠋ᠦᠩ ᠭᠠᠯ ᠤᠨᠲᠠᠷᠠᠭᠠᠬᠤ ᠠᠮᠤᠷ ᠲᠦᠪᠰᠢᠨ᠂ ᠠᠵᠢᠯᠴᠢᠨ ᠤ ᠪᠣᠯᠪᠠᠰᠤᠷᠠᠯ ᠪᠣᠯᠤᠨ ᠢᠳᠡᠭᠡᠨ ᠤ ᠠᠮᠤᠷ ᠲᠦᠪᠰᠢᠨ ᠵᠡᠷᠭᠡ ᠠᠵᠢᠯ ᠢ ᠭᠤᠣᠯᠳᠠᠯᠭ᠎ᠠ ᠲᠠᠢ ᠪᠠᠶᠢᠴᠠᠭᠠᠨ ᠦᠵᠡᠪᠡ᠃ ᠲᠡᠷᠡ᠂ ᠬᠤᠨᠤᠭ ᠤᠨ ᠭᠠᠵᠠᠷ᠂ ᠬᠤᠳᠠᠯᠳᠤᠭᠠᠨ ᠤ ᠬᠡᠲᠦ ᠳᠡᠯᠭᠡᠭᠦᠷ᠂ ᠠᠯᠪᠠᠯᠠᠬᠤ ᠠᠰᠠᠷ ᠵᠡᠷᠭᠡ ᠭᠠᠵᠠᠷ ᠪᠣᠯ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯᠳᠠᠯᠭ᠎ᠠ ᠲᠠᠢ ᠣᠷᠣᠨ ᠪᠦᠰᠡ ᠮᠥᠨ᠂ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ‍ᠤᠳ‌ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ︽ᠤᠶᠤᠨᠲᠤ ᠭᠠᠯ ᠤᠨᠲᠠᠷᠠᠭᠠᠬᠤ︾ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ ᠵᠡᠷᠭᠡ ᠮᠡᠷᠭᠡᠵᠢᠯ ᠢ ᠶᠡᠷᠦᠩᠬᠡᠶᠢᠯᠡᠨ ᠬᠡᠷᠡᠭᠯᠡᠵᠦ᠂ ᠭᠠᠯ ᠤᠨᠲᠠᠷᠠᠭᠠᠬᠤ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠵᠢᠴᠢ ᠭᠠᠯ ᠤᠨ ᠭᠠᠮᠰᠢᠭ ᠤᠨ ᠳᠠᠯᠳᠠ ᠬᠡᠮ ᠵᠡᠷᠭᠡ ᠶᠢ ᠴᠠᠭ ᠲᠤᠬᠠᠶ ᠳᠤᠨᠢ ᠪᠠᠶᠢᠴᠠᠭᠠᠨ ᠦᠵᠡᠵᠤ᠂ ᠡᠷᠲᠡ ᠢᠯᠡᠷᠡᠬᠦᠯᠦᠨ᠂ ᠡᠷᠲᠡ ᠰᠢᠢᠳᠪᠦᠷᠢᠯᠡᠬᠦ ᠶᠢ ᠪᠡᠶᠡᠯᠡᠬᠦᠯᠬᠦ ᠬᠡᠷᠡᠭᠲᠡᠶ᠃ ᠠᠵᠤ ᠠᠬᠤᠶᠢᠯᠠᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠱᠠᠯᠠᠪᠳᠠᠭᠤᠯᠵᠤ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠬᠦ ᠪᠣᠯᠪᠠᠰᠤᠷᠠᠯ ᠵᠡᠷᠭᠡ ᠠᠵᠢᠯ ᠢ ᠰᠠᠶᠢᠲᠤᠷ ᠬᠢᠵᠦ᠂ ᠭᠠᠯ ᠤᠨᠲᠠᠷᠠᠭᠠᠬᠤ ᠠᠮᠤᠷ ᠲᠦᠪᠰᠢᠨ ᠢ ᠪᠥᠬᠦ ᠬᠦᠴᠦᠨ ᠢᠶᠠᠷ ᠪᠠᠲᠤᠯᠠᠬᠤ ᠬᠡᠷᠡᠭᠲᠡᠶ᠃ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠢᠳᠡᠭᠡᠨ ᠬᠤᠳᠠᠯᠳᠤᠨ ᠠᠪᠬᠤ᠂ ᠡᠳ᠋ᠰᠢᠭᠦᠯᠬᠦ᠂ ᠲᠡᠭᠡᠭᠡᠪᠦᠷᠢᠯᠡᠬᠦ᠂ ᠪᠣᠷᠣᠯᠠᠭᠤᠯᠬᠤ ᠵᠡᠷᠭᠡ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠢ ᠮᠥᠷᠳᠡᠨ ᠤᠬᠤᠴᠢᠯᠠᠵᠤ ᠪᠣᠯᠬᠤ ᠲᠤᠭᠳᠠᠯᠴᠠᠭ᠎ᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠣᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠥᠬᠦ ᠬᠦᠴᠦᠨ ᠢᠶᠠᠷ ᠰᠠᠬᠢᠨ ᠬᠠᠮᠠᠭᠠᠯᠠᠬᠤ ᠬᠡᠷᠡᠭᠲᠡᠶ ᠭᠡᠵᠤ ᠱᠠᠭᠠᠷᠳᠠᠪᠠ᠃     ᠥᠪᠥᠷ ᠮᠣᠩᠭᠤᠯ ᠤᠨ ᠫᠧᠩ ᠶᠤᠸᠠᠢ ᠠᠵᠤ ᠦᠢᠯᠡᠰ ᠤᠨ ᠬᠢᠵᠠᠭᠠᠷᠲᠤ ᠺᠣᠮᠫᠠᠨᠢ᠂ ᠵᠢᠶᠠ ᠲᠠᠢ ᠵᠠᠬ᠎ᠠ ᠳᠡᠯᠭᠡᠭᠦᠷ ᠲᠤ᠂ ᠭᠤᠤ ᠢ ᠳ᠋ᠦᠩ ᠠᠵᠤ ᠠᠬᠤᠶᠢᠯᠠᠯ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ᠂ ᠲᠠᠸᠠᠷ ᠤᠨ ᠦᠨ᠎ᠡ ᠬᠠᠩᠰᠢ᠂ ᠰᠢᠯᠭᠠᠨ ᠪᠠᠶᠢᠴᠠᠭᠠᠯᠲᠠ᠂ ᠬᠠᠩᠭᠠᠯᠭ᠎ᠠ ᠶᠢᠨ ᠪᠠᠲᠤᠯᠠᠭ᠎ᠠ ᠪᠠ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠤᠶᠤᠨᠲᠤ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠠᠷᠠᠭᠠᠨ ᠤ ᠲᠣᠬᠢᠷᠠᠭᠤᠯᠤᠯᠲᠠ ᠪᠠ ᠨᠥᠭᠡᠴᠡᠯᠡᠯᠲᠡ ᠶᠢ ᠴᠢᠩᠭᠠᠳᠬᠠᠨ᠂ ᠦᠨ᠎ᠡ ᠬᠠᠩᠰᠢ ᠶᠢ ᠮᠥᠷᠳᠡᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠬᠦᠯᠦᠨ᠂ ᠬᠤᠲᠠ ᠶᠢᠨ ᠠᠷᠠᠳ ᠲᠤ ᠰᠠᠶᠢᠨ ᠰᠠᠶᠢᠬᠠᠨ ᠪᠠᠷᠠᠭ᠎ᠠ ᠬᠤᠳᠠᠯᠳᠤᠨ ᠠᠪᠬᠤ ᠣᠷᠴᠢᠨ ᠲᠣᠭᠤᠷᠢᠨ ᠢ ᠬᠠᠩᠭᠠᠵᠤ ᠥᠭᠬᠦ ᠬᠡᠷᠡᠭᠲᠡᠶ᠃ ᠲᠠᠸᠠᠷ ᠤᠨ ᠶᠠᠰᠤ ᠴᠢᠨᠠᠷ ᠤᠨ ᠪᠣᠭᠤᠮᠲᠠ ᠪᠠ ᠭᠠᠯ ᠤᠨᠲᠠᠷᠠᠭᠠᠬᠤ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠰᠠᠶᠢᠲᠤᠷ ᠠᠳᠬᠤᠨ᠂ ᠵᠠᠬ᠎ᠠ ᠳᠡᠯᠭᠡᠭᠦᠷ ᠤᠨ ᠠᠵᠢᠯᠯᠠᠭᠠᠨ ᠤ ᠬᠢᠨᠠᠨ ᠬᠡᠮᠵᠢᠯᠲᠡ ᠶᠢ ᠴᠢᠩᠭᠠᠳᠬᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠤ ᠡᠳ᠋ ᠪᠣᠳᠠᠰ ᠤᠨ ᠬᠠᠩᠭᠠᠯᠭ᠎ᠠ ᠭᠦᠢᠴᠡᠳ᠂ ᠦᠨ᠎ᠡ ᠬᠠᠩᠰᠢ ᠲᠣᠭᠲᠠᠭᠤᠨ᠂ ᠶᠠᠰᠤ ᠴᠢᠨᠠᠷ ᠤᠨ ᠠᠮᠤᠷ ᠲᠦᠪᠰᠢᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠤ ᠱᠠᠭᠠᠷᠳᠠᠪᠠ᠃     ᠲᠣᠭᠤᠷᠢᠭ ᠤᠨ ᠤᠳᠤᠷᠢᠳᠤᠯᠭ᠎ᠠ ᠳ᠋ᠦ᠋ ᠵᠢᠢ ᠺᠦᠨ᠂ ᠵᠠᠩ ᠪᠢᠩ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ