2025 ᠣᠨ ᠤ ᠳ᠋ᠦᠩᠱᠧᠩ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ
ᠨᠡᠶᠢᠲᠡᠯᠡᠭᠰᠡᠨ ᠴᠠᠭ᠄
2025/1/24
      2025 ᠣᠨ ᠤ 1 ᠳ᠋ᠦ᠋ᠭᠡᠷ ᠰᠠᠷ᠎ᠠ ᠶᠢᠨ 15 ᠤ ᠡᠳᠦᠷ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ      ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ                         ᠳ᠋ᠦᠩᠱᠧᠩ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠵᠠᠩ ᠬᠠᠢ ᠯᠦᠩᠲᠥᠯᠥᠭᠡᠯᠡᠭᠴᠢᠳ ᠠ᠋᠄     ᠤᠳᠤ ᠪᠢ ᠳ᠋ᠦᠩᠱᠧᠩ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠦᠪᠯᠡᠬᠦ ᠪᠣᠯᠪᠠᠤ᠂ ᠲᠡᠭᠦᠨᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠪᠤᠰᠤᠳ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃     2024 ᠣᠨ ᠤ ᠠᠵᠢᠯ ᠤᠨ ᠡᠷᠭᠢᠴᠡᠭᠦᠯᠦᠯ     2024 ᠣᠨ ᠪᠣᠯ ᠳ᠋ᠦᠩᠱᠧᠩ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠶᠢᠨ︽ᠬᠥᠮᠥᠰ ᠤᠨ ᠰᠡᠳᠬᠢᠯ ᠳᠤ ᠬᠠᠳᠠᠩᠰᠢᠵᠤ ᠠᠮᠵᠢᠯᠲᠠ ᠣᠯᠣᠭᠰᠠᠨ︾ ᠨᠢᠭᠡ ᠵᠢᠯ ᠪᠣᠯᠣᠨ᠎ᠠ᠂ ᠮᠥᠨᠴᠦ ᠪᠦᠬᠦ ᠬᠦᠷᠢᠶᠡᠯᠡᠩ ᠤᠨ ︽ᠯᠠᠪᠳᠠᠭᠤᠨ ᠪᠠᠲᠤᠲᠠᠢ ᠪᠠᠷ ᠭᠠᠪᠰᠢᠭᠠᠶᠢᠯᠠᠨ ᠭᠠᠪᠰᠢᠭᠠᠶᠢᠯᠠᠭᠰᠠᠨ︾ ᠨᠢᠭᠡ ᠵᠢᠯ ᠪᠣᠯᠣᠨ᠎ᠠ᠃ ᠨᠢᠭᠡ ᠵᠢᠯ ᠤᠨ ᠲᠤᠷᠰᠢ᠂ ᠳ᠋ᠦᠩᠱᠧᠩ ᠲᠤᠭᠤᠷᠢᠭ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ᠂ ᠲᠤᠭᠤᠷᠢᠭ ᠤᠨ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ᠂ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠵᠢᠴᠢ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠬᠦᠴᠦᠲᠡᠢ ᠬᠢᠨᠠᠯᠲᠠ ᠪᠠ ᠳᠡᠭᠡᠳᠦ ᠱᠠᠲᠤᠨ ᠤ ᠰᠢᠭᠦᠬᠦ ᠬᠤᠷᠢᠶ᠎ᠠ ᠶᠢᠨ ᠵᠥᠪ ᠣᠨᠣᠪᠴᠢᠲᠠᠶ ᠵᠢᠯᠣᠭᠤᠳᠤᠯᠭ᠎ᠠ ᠳᠣᠣᠷ᠎ᠠ᠂ ᠳ᠋ᠦᠩᠱᠧᠩ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ  ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ︽ᠲᠥᠪ ᠭᠤᠣᠯᠴᠢ ᠪᠠ ᠦᠷ᠎ᠡ ᠪᠦᠲᠦᠮᠵᠢ︾ ᠶᠢᠨ ᠬᠠᠷᠠᠯᠲᠠ ᠶᠢ ᠲᠣᠭᠲᠠᠭᠠᠵᠤ᠂ ᠳ᠋ᠦᠩᠱᠧᠩ ᠲᠣᠭᠤᠷᠢᠭ ᠤᠨ ︽ᠭᠤᠷᠪᠠᠨ ᠣᠷᠣᠨ ᠲᠦᠷᠪᠡᠨ ᠬᠤᠳᠠ︾  ᠶᠢᠨ ᠪᠦᠲᠦᠭᠡᠨ ᠪᠠᠶᠢᠭᠤᠯᠤᠯᠲᠠ ᠳᠤ ᠪᠠᠲᠤ ᠴᠢᠩᠭ᠎ᠠ ᠬᠦᠴᠦᠲᠡᠢ ᠬᠠᠤᠯᠢ ᠴᠠᠭᠠᠵᠠ ᠶᠢᠨ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠬᠠᠩᠭᠠᠪᠠ᠃ ᠪᠦᠬᠦ ᠵᠢᠯ ᠳᠤ ᠡᠯ᠎ᠡ ᠲᠦᠷᠦᠯ ᠤᠨ ᠬᠡᠷᠡᠭ ᠢ ᠨᠡᠶᠢᠳᠡ 21207 ᠬᠤᠪᠢ ᠬᠦᠯᠢᠶᠡᠨ ᠠᠪᠴᠤ ᠰᠢᠢᠳᠪᠦᠷᠢᠯᠡᠵᠦ᠂ 20324 ᠬᠤᠪᠢ ᠬᠡᠷᠡᠭ ᠢ ᠳᠠᠭᠤᠰᠬᠠᠵᠤ᠂ ᠰᠢᠭᠦᠵᠦ ᠳᠠᠭᠤᠰᠬᠠᠭᠰᠠᠨ ᠨᠤᠷᠮ᠎ᠠ ᠨᠢ 95.84% ᠳᠤ ᠬᠦᠷᠴᠡᠢ᠃ ᠶᠡᠷᠦᠩᠬᠡᠶᠢᠯᠡᠨ ᠬᠡᠷᠡᠭ ᠳᠠᠭᠤᠰᠬᠠᠭᠰᠠᠨ ᠨᠣᠷᠮ᠎ᠠ ᠪᠥᠬᠦ ᠣᠷᠣᠨ ᠤ ᠨᠢᠭᠡᠳᠦᠭᠡᠷ ᠲᠥᠷᠥᠯ ᠤᠨ ᠦᠨᠳᠦᠰᠦᠨ ᠱᠠᠲᠤᠨ ᠤ ᠰᠢᠭᠦᠬᠦ ᠬᠤᠷᠢᠶ᠎ᠠ ᠶᠢᠨ ᠬᠤᠶᠠᠳᠤᠭᠠᠷ ᠲᠤ ᠣᠷᠣᠵᠤ᠂ ᠰᠢᠭᠦᠨ ᠲᠠᠰᠤᠯᠤᠯᠲᠠ ᠶᠢᠨ ᠬᠡᠷᠡᠭ ᠳᠠᠭᠤᠰᠬᠠᠭᠰᠠᠨ ᠨᠣᠷᠮ᠎ᠠ ᠪᠥᠬᠦ ᠣᠷᠣᠨ ᠤ ᠨᠢᠭᠡᠳᠦᠭᠡᠷ ᠲᠥᠷᠥᠯ ᠤᠨ ᠦᠨᠳᠦᠰᠦᠨ ᠱᠠᠲᠤᠨ ᠤ ᠰᠢᠭᠦᠬᠦ ᠬᠤᠷᠢᠶ᠎ᠠ ᠶᠢᠨ ᠨᠢᠭᠡᠳᠦᠭᠡᠷ ᠲᠤ ᠣᠷᠣᠪᠠ᠃ ᠬᠠᠤᠯᠢ ᠶᠢᠨ ᠲᠤᠰᠢᠶᠠᠯᠲᠠᠨ ᠬᠥᠮᠥᠨ ᠪᠦᠷᠢ ᠳᠤ ᠳᠤᠮᠳᠠᠴᠢ ᠪᠠᠷ 442 ᠬᠡᠷᠡᠭ ᠢ ᠳᠠᠭᠤᠰᠬᠠᠵᠤ᠂ ᠪᠦᠬᠦ ᠣᠷᠣᠨ ᠤ ᠰᠢᠭᠦᠬᠦ ᠬᠤᠷᠢᠶᠠᠨ ᠤ ᠡᠮᠦᠨ᠎ᠡ ᠡᠩᠨᠡᠭᠡᠨ ᠳᠤ ᠣᠷᠣᠪᠠ᠃      ᠨᠢᠭᠡ ᠳᠤ ᠨᠢᠭᠡᠳᠦᠭᠡᠷ ᠰᠢᠨᠵᠢ ᠴᠢᠨᠠᠷ ᠢ ᠪᠠᠷᠢᠮᠲᠠᠯᠠᠨ᠂ ︽ᠤᠯᠤᠰ ᠲᠥᠷᠥ ᠶᠢᠨ ᠲᠠᠯ᠎ᠠ ᠠᠴᠠ ᠦᠵᠡᠵᠦ᠂ ᠬᠠᠤᠯᠢ ᠪᠠᠷ ᠵᠠᠰᠠᠬᠤ ᠲᠠᠯ᠎ᠠ ᠠᠴᠠ ᠰᠢᠢᠳᠪᠦᠷᠢᠯᠡᠬᠦ︾ ᠶᠢ ᠪᠣᠳᠠᠲᠠᠶᠢᠵᠢᠭᠤᠯᠵᠤ᠂ ᠢᠲᠡᠭᠡᠯ ᠵᠣᠷᠢᠭ ᠢᠶᠠᠨ ᠪᠠᠲᠤᠳᠬᠠᠬᠤ ᠪᠠᠷ ︽ᠤᠯᠤᠰ ᠲᠥᠷᠥ ᠶᠢᠨ ᠦᠨᠡᠨᠴᠢ ᠰᠢᠳᠤᠷᠭᠤ ᠶᠢᠨ ᠬᠠᠭᠤᠳᠠᠰᠤ︾ ᠶᠢ ᠰᠠᠶᠢᠲᠤᠷ ᠬᠠᠷᠢᠭᠤᠯᠤᠨ᠎ᠠ᠃     ᠨᠢᠭᠡ ᠵᠢᠯ ᠤᠨ ᠲᠤᠷᠰᠢ᠂ ᠪᠢᠳᠡ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠰᠢ ᠶᠢᠨ ᠫᠢᠩ  ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠤᠬᠠᠮᠰᠠᠷ ᠠᠴᠠ ᠪᠠᠨ ︽ᠬᠥᠲᠥᠯᠪᠦᠷᠢ︾ ᠪᠠ ︽ᠠᠮᠢᠨ ᠰᠦᠨᠡᠰᠦ︾ ᠪᠣᠯᠭᠠᠨ ᠰᠢᠭᠦᠨ ᠲᠠᠰᠤᠯᠬᠤ ᠭᠦᠢᠴᠡᠳᠬᠡᠬᠦ ᠠᠵᠢᠯ ᠳᠤ ᠠᠭᠤᠰᠬᠠᠵᠤ᠂ ᠲᠤᠰᠢᠶᠠᠯ ᠬᠠᠷᠢᠭᠤᠴᠠᠯᠭ᠎ᠠ ᠪᠠᠨ ᠴᠢᠳᠠᠮᠠᠭᠠᠢ ᠭᠦᠢᠴᠡᠳᠬᠡᠬᠦ ᠪᠠᠷ ᠠᠷᠠᠳ ᠤᠨ ᠰᠢᠭᠦᠬᠦ ᠬᠤᠷᠢᠶᠠᠨ ᠤ ᠤᠯᠤᠰ ᠲᠦᠷᠦ ᠶᠢᠨ ᠬᠠᠷᠢᠭᠤᠴᠠᠯᠭ᠎ᠠ᠂ ᠬᠠᠤᠯᠢ ᠪᠠᠷ ᠵᠠᠰᠠᠬᠤ ᠬᠠᠷᠢᠭᠤᠴᠠᠯᠭ᠎ᠠ᠂ ᠰᠢᠭᠦᠨ ᠲᠠᠰᠤᠯᠬᠤ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ︽ᠬᠠᠤᠯᠢ ᠪᠠᠷᠢᠬᠤ ᠬᠡᠷᠡᠭ ᠨᠢᠭᠡᠪᠦᠷᠢ ᠠᠴᠠ ᠠᠷᠠᠳ ᠤᠯᠠᠨ ᠳᠤ ᠲᠥᠪ ᠭᠤᠣᠯᠴᠢ ᠰᠢᠳᠤᠷᠭᠤ ᠶᠣᠰᠣ ᠶᠢ ᠪᠠᠷᠢᠮᠲᠠᠯᠠᠭᠰᠠᠨ ᠲᠥᠷᠥᠭᠳᠡᠯ ᠣᠯᠭᠤᠬᠤ ᠪᠠᠷ ᠴᠢᠷᠮᠠᠶᠢᠬᠤ︾ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃      ᠤᠯᠤᠰ ᠲᠦᠷᠦ ᠶᠢᠨ ᠤᠨᠤᠯ ᠤᠨ ᠰᠤᠷᠤᠯᠴᠠᠯᠭ᠎ᠠ ᠶᠢ ᠴᠢᠩᠭ᠎ᠠ ᠠᠳᠬᠤᠵᠤ᠂ ᠰᠤᠷᠤᠯᠴᠠᠯᠭ᠎ᠠ ᠪᠠᠷ ᠠᠵᠢᠯᠯᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃ ︽ᠨᠢᠭᠡᠳᠦᠭᠡᠷ ᠵᠥᠪᠯᠡᠬᠦ ᠰᠡᠳᠦᠪ︾  ᠤᠨ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠡᠰ ᠳᠠᠪᠬᠤᠷᠭ᠎ᠠ ᠬᠤᠪᠢᠶᠠᠨ ᠲᠤᠰᠬᠠᠢ ᠰᠡᠳᠦᠪ ᠬᠤᠪᠢᠶᠠᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ  ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠤᠷᠠᠯ ᠢ 12 ᠤᠳᠠᠭ᠎ᠠ ᠬᠤᠷᠠᠯᠳᠤᠭᠤᠯᠪᠠ᠃ ᠳᠠᠭᠠᠭᠤᠯᠤᠨ ᠰᠤᠷᠤᠯᠴᠠᠬᠤ ᠶᠢ ᠠᠬᠢᠭᠤᠯᠬᠤ ᠦᠢᠯᠡᠳᠦᠯ ᠢ ᠪᠠᠳᠠᠷᠠᠭᠤᠯᠵᠤ᠂ ᠰᠤᠷᠭᠠᠭᠤᠯᠢ ᠶᠢᠨ ᠳᠠᠷᠤᠭ᠎ᠠ ᠶᠢᠨ ᠬᠢᠴᠢᠶᠡᠯ ᠣᠷᠣᠬᠤ᠂ ᠲᠤᠰᠬᠠᠢ ᠮᠡᠷᠭᠡᠵᠢᠯᠲᠡᠨ ᠤ ᠬᠠᠪᠰᠤᠷᠤᠨ ᠵᠢᠯᠤᠭᠤᠳᠬᠤ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ ᠵᠡᠷᠭᠡ ᠠᠵᠢᠯᠯᠠᠭ᠎ᠠ ᠶᠢ 126 ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ 3 ᠤᠳᠠᠭ᠎ᠠ ᠤᠯᠤᠰ ᠲᠥᠷᠥ ᠶᠢᠨ ᠡᠭᠡᠯᠵᠢᠯᠡᠨ ᠪᠣᠯᠪᠠᠰᠤᠷᠠᠭᠤᠯᠬᠤ ᠶᠢ ᠥᠷᠨᠢᠭᠦᠯᠵᠦ᠂ ᠪᠥᠬᠦ ᠰᠤᠷᠭᠠᠭᠤᠯᠢ ᠶᠢᠨ ᠺᠠᠳ᠋ᠷ ᠴᠠᠭᠳᠠᠭ᠎ᠠ ᠶᠢ ᠬᠥᠲᠥᠯᠥᠨ ᠵᠢᠯᠤᠭᠤᠳᠴᠤ ᠪᠠᠶᠢᠭᠠᠳ ᠰᠤᠷᠤᠯᠴᠠᠬᠤ ᠰᠡᠳᠬᠢᠬᠦ ᠬᠡᠷᠡᠭᠯᠡᠬᠦ ᠶᠢ ᠲᠦᠦᠱᠯᠠᠭᠤᠯᠤᠨ᠂ ᠮᠡᠳᠡᠬᠦ ᠢᠲᠡᠭᠡᠬᠦ ᠠᠵᠢᠯᠯᠠᠭ᠎ᠠ ᠶᠢ ᠨᠢᠭᠡᠳᠬᠡᠪᠡ᠃     ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠣᠳᠠᠲᠠᠢ ᠠᠳᠬᠤᠵᠤ᠂ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠵᠤ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠴᠣᠭᠴᠠᠯᠠᠨ᠎ᠠ᠃ ᠨᠠᠮ ᠤᠨ ᠪᠠᠶᠢᠭᠤᠯᠤᠯᠲᠠ ᠶᠢᠨ ᠰᠠᠭᠤᠷᠢ ᠠᠵᠢᠯ ᠢ ᠴᠢᠩᠭᠠᠳᠬᠠᠵᠤ᠂ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠥᠷᠭᠡᠳᠬᠡᠭᠰᠡᠨ ᠬᠤᠷᠠᠯᠳᠤᠭᠠᠨ ᠢ 12 ᠤᠳᠠᠭ᠎ᠠ᠂ ᠡᠭᠦᠷ ᠤᠨ ᠶᠡᠭᠡ ᠬᠤᠷᠠᠯ ᠢ 60 ᠤᠳᠠᠭ᠎ᠠ ᠬᠤᠷᠠᠯᠳᠤᠭᠤᠯᠵᠤ᠂ ᠲᠣᠭᠠᠴᠢᠯᠠᠭᠰᠠᠨ ᠨᠠᠮ ᠤᠨ ᠪᠠᠶᠢᠭᠤᠯᠤᠯᠲᠠ ᠶᠢᠨ ᠰᠢᠰᠲ᠋ᠧᠮ ᠢᠶᠠᠷ ᠨᠠᠮ ᠤᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠶᠢ ᠠᠬᠢᠭᠤᠯᠪᠠ᠃ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠨᠵᠡᠭᠡᠶᠢᠷᠡᠭᠦᠯᠵᠦ᠂ ︽ᠨᠢᠭᠡ ᠰᠠᠯᠠᠭ᠎ᠠ ᠬᠡᠯᠲᠡᠰ ᠨᠢᠭᠡ ᠲᠦᠷᠦᠯ ᠲᠡᠮᠳᠡᠭ︾ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠪᠣᠯᠣᠨ ᠬᠢᠨᠠᠨ ᠭᠦᠢᠴᠡᠳᠬᠡᠬᠦ ᠲᠤᠬᠠᠶᠢᠯᠠᠭᠰᠠᠨ ᠠᠵᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠣᠬᠤᠷ ᠸᠢᠳᠢᠤ᠋ ︽ᠨᠢᠭᠡᠳᠦᠭᠡᠷ ᠪᠡᠶ᠎ᠡ ᠬᠡᠮ︾ ᠨᠢ ︽︿ᠲᠣᠭᠠᠨ ᠤ ᠠᠭᠤᠰᠤᠯᠴᠠᠯ ᠤᠨ ᠰᠢᠨ᠎ᠡ ᠴᠢᠨᠠᠷ﹀ 2023—2024 ᠷᠠᠳᠢᠣ᠋ ᠺᠢᠨᠣ᠋ ᠲᠧᠯᠸᠢᠰ ᠤᠨ ᠦᠢᠯᠡᠰ ᠤᠨ ᠰᠢᠨ᠎ᠡ ᠶᠢ ᠡᠭᠦᠳᠦᠭᠰᠡᠨ ᠺᠢᠨᠣ᠋︾ ᠶᠢ ᠢᠷᠠᠭᠤ ᠠᠯᠳᠠᠷᠲᠠᠢ ᠪᠠᠷ ᠣᠯᠵᠤ᠂ ᠠᠷᠠᠳ ᠤᠨ ᠡᠳᠦᠷ ᠤᠨ ᠰᠣᠨᠢᠨ ᠤ ᠬᠡᠷᠡᠭᠯᠡᠭᠴᠢ ᠶᠢᠨ ᠦᠵᠦᠭᠦᠷ ᠲᠤ ᠳᠡᠯᠭᠡᠨ ᠨᠡᠪᠲᠡᠷᠡᠭᠦᠯᠪᠡ᠃ ᠭᠤᠣᠯ ᠰᠡᠳᠦᠪᠲᠦ ᠨᠠᠮ ᠤᠨ ᠡᠳᠦᠷ ᠤᠨ ᠵᠠᠭᠪᠤᠷ ᠤᠨ ᠰᠢᠨ᠎ᠡ ᠶᠢ ᠡᠭᠦᠳᠴᠦ᠂ ︽ᠬᠤᠶᠠᠷ ᠢ ᠮᠡᠳᠡᠭᠦᠯᠵᠦ ᠬᠤᠶᠠᠷ ᠢ ᠦᠢᠯᠡᠴᠢᠯᠡᠭᠦᠯᠬᠦ ᠬᠤᠶᠠᠷ ᠢ ᠠᠭᠤᠰᠤᠯᠴᠠᠭᠤᠯᠬᠤ︾ ᠠᠵᠢᠯ ᠢ ᠥᠷᠨᠢᠭᠦᠯᠵᠦ᠂ ᠪᠦᠬᠦ ᠨᠠᠮ ᠤᠨ ᠭᠡᠰᠢᠭᠦᠳ ᠨᠡᠶᠢᠭᠡᠮ ᠲᠣᠭᠤᠷᠢᠭ᠂ ᠰᠤᠷᠭᠠᠭᠤᠯᠢ ᠵᠡᠷᠭᠡ ᠬᠦᠷᠢᠶᠡᠨ ᠳᠤ ᠭᠦᠨᠵᠡᠭᠡᠶᠢᠷᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ 174 ᠤᠳᠠᠭ᠎ᠠ ᠥᠷᠨᠢᠭᠦᠯᠵᠦ᠂ ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ ᠤᠯᠠᠭᠠᠨ ᠲᠤᠭ ᠰᠤᠪᠠᠭ ᠵᠡᠷᠭᠡ ᠭᠠᠵᠠᠷ ᠲᠤ ᠣᠴᠢᠭᠤᠯᠤᠨ ᠲᠤᠬᠠᠢ ᠶᠢᠨ ᠭᠠᠵᠠᠷ ᠲᠤᠨᠢ ᠰᠤᠷᠤᠯᠴᠠᠭᠤᠯᠵᠤ᠂ ᠰᠢᠨ᠎ᠡ ᠴᠠᠭ ᠦᠶ᠎ᠡ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ᠂ ᠬᠠᠮᠤᠷᠬᠤ ᠬᠦᠴᠦᠨ᠂ ᠲᠠᠲᠠᠬᠤ ᠬᠦᠴᠦᠨ ᠢ ᠪᠦᠲᠦᠮᠵᠢᠲᠡᠶ ᠪᠠᠷ ᠬᠥᠭᠵᠢᠭᠡᠪᠡ᠃     ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠤᠨ ᠬᠤᠷᠢᠶ᠎ᠠ ᠶᠢ ᠴᠢᠩᠭ᠎ᠠ ᠵᠠᠰᠠᠵᠤ᠂ ᠭᠦᠨᠵᠡᠭᠡᠶᠢᠷᠡᠭᠦᠯᠦᠨ ᠠᠬᠢᠭᠤᠯᠵᠤ ᠪᠣᠳᠠᠲᠤ ᠦᠷ᠎ᠡ ᠪᠦᠲᠦᠮᠵᠢ ᠣᠯᠬᠤ ᠪᠠᠷ ᠴᠢᠷᠮᠠᠶᠢᠨ᠎ᠠ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠢ 4 ᠤᠳᠠᠭ᠎ᠠ ᠬᠤᠷᠠᠯᠳᠤᠭᠤᠯᠵᠤ᠂ ︽ᠰᠠᠬᠢᠯᠭ᠎ᠠ ᠪᠠᠲᠤ︾᠂ ︽ᠰᠡᠷᠭᠡᠶᠢᠯᠡᠯᠲᠡ ᠶᠢ ᠡᠪᠳᠡᠬᠦ︾ ᠵᠡᠷᠭᠡ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ 4 ᠤᠳᠠᠭ᠎ᠠ ᠦᠵᠡᠵᠦ᠂ ᠢᠯᠵᠠᠷᠠᠯ ᠢ ᠡᠰᠡᠷᠭᠦᠴᠡᠨ ᠬᠤᠪᠢᠷᠠᠭᠤᠯᠤᠯᠲᠠ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠤᠢ ᠪᠣᠯᠭᠠᠪᠠ᠃ ᠬᠠᠤᠯᠢ ᠪᠠᠷᠢᠬᠤ ᠳᠤ ᠭᠠᠷ ᠲᠦᠷᠦᠭᠦ ᠶᠢ ᠰᠡᠷᠭᠡᠶᠢᠯᠡᠬᠦ ︽ᠭᠤᠷᠪᠠᠨ ᠲᠣᠭᠲᠠᠭᠠᠯ︾᠂ ᠰᠢᠨ᠎ᠡ ᠴᠠᠭ ᠦᠶ᠎ᠡ ᠶᠢᠨ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ︽ᠠᠷᠪᠠ ᠶᠢ ᠴᠢᠩᠭ᠎ᠠ ᠴᠠᠭᠠᠵᠠᠯᠠᠬᠤ︾ ᠵᠡᠷᠭᠡ ᠬᠠᠲᠠᠭᠤ ᠴᠢᠩᠭ᠎ᠠ ᠴᠠᠭᠠᠵᠠ ᠵᠠᠷᠯᠢᠭ ᠢ ᠴᠢᠩᠭ᠎ᠠ ᠬᠡᠷᠡᠭᠵᠢᠭᠦᠯᠵᠦ᠂ ᠦᠨᠳᠦᠰᠦᠨ ᠬᠠᠤᠯᠢ ᠳᠤ ᠲᠠᠩᠭᠠᠷᠢᠭᠯᠠᠬᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠶᠠᠷᠢᠯᠴᠠᠭ᠎ᠠ ᠶᠢ 300 ᠬᠥᠮᠥᠨ ᠤᠳᠠᠭ᠎ᠠ ᠥᠷᠨᠢᠭᠦᠯᠵᠦ᠂ ︽ᠭᠤᠷᠪᠠᠨ ᠲᠣᠭᠲᠠᠭᠠᠯ︾ ᠤᠨ ᠮᠡᠳᠡᠭᠡ ᠵᠠᠩᠭᠢ ᠶᠢ 5806 ᠵᠤᠷᠪᠤᠰ ᠲᠠᠭᠯᠠᠨ ᠮᠡᠳᠡᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠶᠢ ᠲᠦᠯᠬᠢᠨ ᠠᠬᠢᠭᠤᠯᠪᠠ᠃ ᠬᠢᠨᠠᠯᠲᠠ ᠲᠠᠯᠪᠢᠵᠤ ᠦᠷ᠎ᠡ ᠪᠦᠲᠦᠮᠵᠢ ᠶᠢ ᠠᠰᠠᠭᠤᠬᠤ ᠶᠢ ᠦᠷᠭᠦᠯᠵᠢᠯᠡᠨ ᠴᠢᠩᠭᠠᠳᠬᠠᠵᠤ᠂ ᠤᠯᠤᠰ ᠲᠦᠷᠦ ᠶᠢᠨ ᠬᠢᠨᠠᠨ ᠪᠠᠶᠢᠴᠠᠭᠠᠯᠲᠠ᠂ ᠬᠠᠤᠯᠢ ᠴᠠᠭᠠᠵᠠ ᠶᠢᠨ ᠲᠣᠭᠤᠷᠢᠨ ᠪᠠᠶᠢᠴᠠᠭᠠᠯᠲᠠ ᠶᠢ ᠰᠠᠨᠠᠭᠠᠴᠢᠯᠠᠭ᠎ᠠ ᠠᠴᠠ ᠪᠠᠨ 2 ᠤᠳᠠᠭ᠎ᠠ ᠬᠦᠯᠢᠶᠡᠵᠦ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠨᠠᠷᠢᠨ ᠲᠠᠩᠰᠠ ᠶᠢ ᠨᠠᠷᠢᠯᠢᠭᠵᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ︽ᠰᠡᠭᠦᠯᠴᠢ ᠶᠢᠨ ᠬᠠᠭᠠᠰ ᠠᠵᠢᠯ︾ ᠢ ᠰᠠᠶᠢᠲᠤᠷ ᠬᠢᠪᠡ᠃     ᠬᠤᠶᠠᠷ ᠲᠤ᠂ ᠲᠡᠷᠢᠭᠦᠨ ᠴᠢᠬᠤᠯᠠ ᠡᠭᠦᠷᠭᠡ ᠶᠢ ᠪᠠᠷᠢᠮᠲᠠᠯᠠᠵᠤ᠂ ︽ᠶᠡᠭᠡ ᠲᠠᠯ᠎ᠠ ᠳᠤ ᠦᠢᠯᠡᠴᠢᠯᠡᠵᠦ᠂ ᠬᠠᠤᠯᠢᠵᠢᠯ ᠤᠨ ᠲᠥᠯᠥᠭᠡ ᠬᠠᠷᠢᠭᠤᠴᠠᠯᠭ᠎ᠠ ᠡᠭᠦᠷᠭᠡᠯᠡᠬᠦ︾ ᠶᠢ ᠪᠣᠳᠠᠲᠠᠶᠢᠵᠢᠭᠤᠯᠵᠤ᠂ ᠶᠢᠰᠦᠨ ᠬᠤᠪᠢ ᠶᠢᠨ ᠨᠠᠶᠢᠳᠠᠪᠤᠷᠢᠵᠢᠭᠤᠯᠤᠯᠲᠠ ᠪᠠᠷ ︽ᠴᠢᠨᠠᠷ ᠰᠠᠶᠢᠲᠠᠢ ᠬᠥᠭᠵᠢᠯᠲᠡ ᠶᠢᠨ ᠡᠪᠬᠡᠮᠡᠯ︾ ᠢ ᠰᠠᠶᠢᠲᠤᠷ ᠬᠠᠷᠢᠭᠤᠯᠤᠨ᠎ᠠ᠃    ᠨᠢᠭᠡ ᠵᠢᠯ ᠤᠨ ᠲᠤᠷᠰᠢ᠂ ᠪᠢᠳᠡ ᠤᠬᠠᠮᠰᠠᠷ ᠠᠴᠠ ᠪᠠᠨ ᠰᠢᠭᠦᠬᠦ ᠬᠤᠷᠢᠶᠠᠨ ᠤ ᠠᠵᠢᠯ ᠢ ᠳ᠋ᠦᠩᠱᠧᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠲᠠᠯ᠎ᠠ ᠳᠤ ᠲᠠᠯᠪᠢᠨ ᠰᠡᠳᠬᠢᠨ ᠪᠣᠳᠣᠯᠬᠢᠯᠠᠬᠤ ᠪᠠ ᠪᠠᠶᠢᠷᠢ ᠲᠣᠭᠲᠠᠭᠠᠯᠲᠠ ᠬᠢᠵᠦ᠂ ᠬᠠᠤᠯᠢ ᠪᠠᠷ ᠣᠷᠣᠨ ᠢᠶᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠵᠤ᠂ ᠶᠡᠷᠦᠩᠬᠡᠶᠢᠯᠡᠨ ᠵᠠᠰᠠᠬᠤ ᠳᠤ ᠪᠦᠲᠦᠮᠵᠢᠲᠡᠢ ᠠᠭᠤᠰᠤᠯᠴᠠᠵᠤ᠂ ᠰᠢᠭᠦᠬᠦ ᠬᠤᠷᠢᠶ᠎ᠠ ᠠᠴᠠ ᠭᠠᠷᠴᠤ ᠪᠦᠬᠦ ᠲᠠᠯ᠎ᠠ ᠶᠢ ᠰᠦᠪᠡᠭᠴᠢᠯᠡᠭᠰᠡᠨ ᠮᠥᠷᠲᠡᠭᠡᠨ ᠪᠦᠬᠦ ᠲᠠᠯ᠎ᠠ ᠶᠢ ᠰᠦᠪᠡᠭᠴᠢᠯᠡᠬᠦ ᠳᠤᠮᠳᠠ ᠬᠠᠤᠯᠢ ᠴᠠᠭᠠᠵᠠ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠭᠰᠡᠨ ᠪᠠᠶᠢᠨ᠎ᠠ᠃     ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠠᠭᠤᠴᠢᠯᠠᠨ ᠰᠢᠳᠬᠡᠬᠦ ᠪᠠ ᠴᠢᠩᠭ᠎ᠠ ᠰᠢᠳᠬᠡᠬᠦ ᠶᠢ ᠬᠤᠣᠰᠯᠠᠭᠤᠯᠤᠭᠰᠠᠨ ᠶᠠᠪᠤᠳᠠᠯ ᠢ ᠥᠨᠢ ᠤᠳᠠᠭᠠᠨ ᠭᠠᠪᠢᠶ᠎ᠠ ᠪᠠᠶᠢᠭᠤᠯᠪᠠ᠃ ᠪᠦᠬᠦ ᠵᠢᠯ ᠳᠤ ᠡᠯ᠎ᠡ ᠲᠦᠷᠦᠯ ᠤᠨ ᠡᠷᠡᠭᠦᠦ ᠶᠢᠨ ᠬᠡᠷᠡᠭ ᠢ 913 ᠬᠤᠪᠢ ᠬᠦᠯᠢᠶᠡᠨ ᠠᠪᠴᠤ ᠰᠢᠢᠳᠪᠦᠷᠢᠯᠡᠵᠦ᠂ 839 ᠬᠤᠪᠢ ᠶᠢ ᠨᠢ ᠰᠢᠭᠦᠨ ᠳᠠᠭᠤᠰᠬᠠᠵᠤ᠂ ᠰᠢᠭᠦᠵᠦ ᠳᠠᠭᠤᠰᠬᠠᠭᠰᠠᠨ ᠨᠤᠷᠮ᠎ᠠ ᠨᠢ 91.89% ᠳᠤ ᠬᠦᠷᠴᠡᠢ᠃ ︽ᠱᠠᠯᠢᠭ ᠵᠠᠪᠬᠠᠢ ᠵᠦᠢᠯ᠂ ᠵᠣᠭᠤᠰ ᠨᠠᠭᠠᠳᠬᠤ᠂ ᠬᠤᠣᠷᠲᠤ ᠡᠳ᠋ ᠫᠠᠨᠽᠠᠯᠠᠬᠤ︾ ᠵᠡᠷᠭᠡ ᠨᠡᠶᠢᠭᠡᠮ ᠤᠨ ᠬᠠᠮᠢᠶᠠᠷᠤᠯᠲᠠ ᠶᠢᠨ ᠡᠮᠬᠢ ᠵᠢᠷᠤᠮ ᠢ ᠬᠠᠷᠰᠢᠯᠠᠭᠰᠠᠨ 192 ᠶᠠᠯᠠᠲᠤ ᠬᠡᠷᠡᠭ ᠤᠨ 387 ᠬᠥᠮᠥᠨ ᠢ ᠬᠠᠤᠯᠢ ᠶᠣᠰᠣᠭᠠᠷ ᠴᠢᠩᠭ᠎ᠠ ᠰᠢᠳᠭᠡᠵᠦ᠂ ᠠᠶᠤᠯᠲᠠᠢ ᠪᠠᠷ ᠲᠡᠷᠭᠡ ᠵᠢᠯᠣᠭᠤᠳᠤᠭᠰᠠᠨ ᠶᠠᠯ᠎ᠠ᠂ ᠵᠠᠮ ᠬᠠᠷᠢᠯᠴᠠᠭᠠᠨ ᠤ ᠡ᠊ᠨᠳᠡᠯ ᠭᠠᠷᠭᠠᠭᠰᠠᠨ ᠶᠠᠯ᠎ᠠ ᠵᠡᠷᠭᠡ ᠤᠯᠠᠨ ᠨᠡᠶᠢᠲᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ 412 ᠶᠠᠯᠠᠲᠤ ᠬᠡᠷᠡᠭ ᠤᠨ 416 ᠬᠥᠮᠥᠨ ᠢ ᠰᠢᠭᠦᠨ ᠳᠠᠭᠤᠰᠬᠠᠵᠤ᠂ ᠨᠡᠩ ᠥᠨᠳᠥᠷ ᠬᠢᠷᠢ ᠲᠦᠪᠰᠢᠨ ᠪᠦᠬᠦᠢ ᠠᠮᠤᠷ ᠲᠦᠪᠰᠢᠨ ᠳ᠋ᠦᠩ ᠱᠧᠩ᠂ ᠬᠠᠤᠯᠢ ᠪᠠᠷ ᠵᠠᠰᠠᠬᠤ ᠳ᠋ᠦᠩ ᠱᠧᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠪᠠ᠃ ᠬᠢᠯᠢ ᠶᠢᠨ ᠳᠣᠲᠣᠨ᠎ᠠ ᠭᠠᠳᠠᠨᠠᠬᠢ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠳᠭᠡᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠢᠴᠢ ᠬᠤᠯᠪᠣᠭᠳᠠᠬᠤ ᠶᠠᠯᠠᠲᠤ ᠬᠡᠷᠡᠭ ᠢ 94 ᠬᠤᠪᠢ ᠰᠢᠭᠦᠨ ᠳᠠᠭᠤᠰᠬᠠᠪᠠ᠂ ᠡᠭᠦᠨ ᠳᠤ ᠪᠢᠷᠮᠠ ᠶᠢᠨ ᠤᠮᠠᠷᠠᠲᠤ ᠬᠡᠰᠡᠭ ᠤᠨ ᠮᠡᠬᠡᠯᠡᠯ ᠤᠨ ᠰᠢᠷᠢᠰ ᠬᠡᠷᠡᠭ ᠢ ᠪᠠᠭᠲᠠᠭᠠᠭᠰᠠᠨ 31 ᠬᠤᠪᠢ 32 ᠬᠥᠮᠥᠨ ᠪᠠᠶᠢᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠳᠤ ᠴᠢᠭᠯᠡᠭᠦᠯᠦᠨ ᠳᠤᠷᠠᠳᠤᠭᠰᠠᠨ ᠬᠠᠤᠯᠢ ᠴᠠᠭᠠᠵᠠ ᠶᠢᠨ ᠰᠠᠨᠠᠭᠤᠯᠭ᠎ᠠ ᠨᠢ ᠪᠦᠬᠦ ᠣᠷᠣᠨ ᠤ ᠰᠢᠭᠦᠬᠦ ᠬᠤᠷᠢᠶᠠᠨ ᠤ ᠬᠠᠤᠯᠢ ᠴᠠᠭᠠᠵᠠ ᠶᠢᠨ ᠰᠢᠯᠢᠳᠡᠭ ᠰᠠᠨᠠᠭᠤᠯᠭ᠎ᠠ ᠪᠠᠷ ᠦᠨᠡᠯᠡᠭᠳᠡᠪᠡ᠃ ︽ᠴᠢᠬᠢ ᠬᠠᠮᠠᠭᠠᠯᠠᠬᠤ︾ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠨᠠᠰᠤᠨ ᠳᠤ ᠦᠯᠤ ᠬᠥᠷᠦᠭᠰᠡᠨ 23 ᠬᠡᠷᠡᠭ ᠤᠨ 32 ᠵᠠᠭᠠᠯᠳᠤᠭᠳᠠᠭᠴᠢ ᠶᠢ ᠬᠠᠤᠯᠢ ᠶᠣᠰᠣᠭᠠᠷ ᠬᠥᠩᠭᠡᠨ ᠢᠶᠠᠷ ᠰᠢᠳᠭᠡᠵᠦ᠂ ᠬᠥᠩᠭᠡᠷᠡᠭᠦᠯᠦᠨ ᠰᠢᠳᠭᠡᠵᠦ᠂ ᠮᠡᠬᠡᠯᠡᠭᠳᠡᠨ ᠬᠤᠳᠠᠯᠳᠤᠭᠳᠠᠵᠤ ᠲᠦᠷᠢᠶᠡᠰᠦᠯᠡᠭᠦᠯᠦᠭᠰᠡᠨ ︽ᠬᠤᠶᠠᠷ ᠺᠠᠷᠲ︾ ᠤᠨ ᠬᠠᠪᠰᠤᠷᠤᠯᠭ᠎ᠠ ᠪᠠᠷ ᠮᠡᠳᠡᠭᠡ ᠵᠠᠩᠭᠢ ᠶᠢᠨ ᠲᠣᠣᠷ ᠰᠦᠯᠵᠢᠶᠡᠨ ᠤ ᠶᠠᠯᠠᠲᠤ ᠠᠵᠢᠯᠯᠠᠭ᠎ᠠ ᠬᠢᠭᠰᠡᠨ᠂ ᠴᠠᠬᠢᠯᠭᠠᠨ ᠢᠶᠠᠷ ᠮᠡᠬᠡᠯᠡᠬᠦ ︽ᠪᠠᠭᠠᠵᠢ︾ ᠪᠣᠯᠤᠭᠰᠠᠨ ᠰᠤᠷᠭᠠᠭᠤᠯᠢ ᠳᠤ ᠪᠠᠶᠢᠭ᠎ᠠ ᠵᠢᠴᠢ ᠰᠠᠶ᠋ᠢᠬᠠᠨ ᠲᠡᠭᠦᠰᠦᠭᠰᠡᠨ ᠰᠤᠷᠤᠭᠴᠢᠳ ᠢ ᠬᠠᠤᠯᠢ ᠶᠣᠰᠣᠭᠠᠷ ᠠᠭᠤᠴᠢᠯᠠᠨ ᠰᠢᠳᠭᠡᠵᠦ᠂ ᠰᠤᠷᠭᠠᠨ ᠬᠥᠮᠥᠵᠢᠭᠦᠯᠵᠦ ᠰᠡᠷᠡᠮᠵᠢᠯᠡᠭᠦᠯᠬᠦ ᠠᠵᠢᠯ ᠢ ᠴᠢᠩᠭᠠᠳᠬᠠᠪᠠ᠃     ᠡᠵᠡᠩᠨᠡᠯᠲᠡ ᠶᠢᠨ ᠥᠩ ᠰᠢᠮᠡᠯᠢᠭ ᠬᠥᠷᠥᠰᠥ ᠶᠢ ᠵᠤᠵᠠᠭᠠᠳᠬᠠᠵᠤ᠂ ᠰᠡᠳᠬᠢᠯ ᠰᠠᠨᠠᠭ᠎ᠠ ᠪᠠᠷ ᠢᠶᠠᠨ ᠪᠣᠳᠠᠰ ᠢ ᠴᠢᠮᠡᠭᠡ ᠠᠨᠢᠷ ᠦᠭᠡᠢ ᠤᠮᠳᠠᠯᠠᠨ᠎ᠠ᠃ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ︽ᠨᠢᠭᠡᠳᠦᠭᠡᠷ ᠨᠣᠮᠧᠷᠲᠤ ᠢᠨᠵᠧᠨᠧᠷᠢᠩ︾ ᠪᠣᠯᠭᠠᠨ ᠠᠳᠬᠤᠵᠤ᠂ ︽ᠬᠠᠤᠯᠢ ᠶᠢᠨ ᠰᠢᠯᠢᠳᠡᠭ ᠢᠶᠠᠷ ᠬᠤᠳᠠ ᠶᠢ ᠳᠤᠯᠠᠭᠠᠯᠠᠬᠤ︾ ᠨᠡᠷᠡᠳᠤ ᠲᠡᠮᠳᠡᠭ ᠢ ᠪᠤᠢ ᠪᠣᠯᠭᠠᠵᠤ᠂ ᠠᠵᠤ ᠠᠬᠤᠶᠢᠯᠠᠯ ᠳᠤ ᠬᠤᠯᠪᠣᠭᠳᠠᠭᠰᠠᠨ 6378 ᠬᠡᠷᠡᠭ ᠢ ᠰᠢᠭᠦᠨ ᠳᠠᠭᠤᠰᠬᠠᠵᠤ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠪᠠ᠃ ᠲᠦᠬᠦᠮ ᠵᠢᠷᠤᠮ ᠪᠠ ᠪᠠᠭ᠎ᠠ ᠲᠣᠭᠠᠨ ᠤ ᠵᠠᠷᠭᠤ ᠶᠢᠨ ᠵᠢᠷᠤᠮ ᠢ ᠬᠡᠷᠡᠭᠯᠡᠬᠦ ᠨᠤᠷᠮ᠎ᠠ ᠶᠢ ᠶᠡᠭᠡ ᠪᠠᠷ ᠳᠡᠭᠡᠭᠰᠢᠯᠡᠭᠦᠯᠵᠦ᠂ ᠰᠢᠭᠦᠬᠦ ᠬᠤᠭᠤᠴᠠᠭ᠎ᠠ ᠶᠢ ᠳᠤᠮᠳᠠᠴᠢ ᠪᠠᠷ 5.73 ᠡᠳᠦᠷ ᠪᠣᠭᠤᠨᠢᠰᠬᠠᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠢ ᠰᠢᠢᠳᠪᠦᠷᠢᠯᠡᠬᠦ ᠴᠠᠭ ᠤᠨ ᠥᠪᠡᠷ ᠤᠨ ᠦᠷᠳᠡᠭ ᠢ ᠪᠦᠲᠦᠮᠵᠢᠲᠡᠶ ᠪᠠᠷ ᠪᠠᠭᠤᠷᠠᠭᠤᠯᠪᠠ᠃ ᠮᠥᠩᠭᠦᠨ ᠭᠦᠢᠯᠭᠡᠭᠡᠨ ᠤ ᠬᠡᠷᠡᠭ ᠢ ᠰᠢᠭᠦᠨ ᠲᠠᠰᠤᠯᠬᠤ ᠡᠬᠢ ᠪᠠᠶᠠᠯᠢᠭ ᠢ ᠰᠢᠯᠢᠳᠡᠭᠵᠢᠭᠦᠯᠵᠦ᠂ ᠡᠯ᠎ᠡ ᠲᠦᠷᠦᠯ ᠤᠨ ᠮᠥᠩᠭᠦᠨ ᠭᠦᠢᠯᠭᠡᠭᠡᠨ ᠤ ᠬᠡᠷᠡᠭ ᠢ 678 ᠬᠤᠪᠢ ᠰᠢᠭᠦᠨ ᠳᠠᠭᠤᠰᠬᠠᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠪᠠ᠃ ᠰᠡᠳᠬᠢᠯ ᠢ ᠳᠤᠯᠠᠭᠠᠴᠠᠭᠤᠯᠵᠤ ᠬᠥᠳᠡᠭᠡ ᠠᠵᠤ ᠠᠬᠤᠢ ᠶᠢ ᠳᠡᠮᠵᠢᠬᠦ ᠬᠡᠷᠡᠭᠯᠡᠭᠡ ᠶᠢ ᠬᠠᠪᠰᠤᠷᠤᠨ ᠲᠡᠳᠬᠦᠬᠦ ᠳᠤ ᠢᠳᠡᠪᠬᠢᠲᠡᠢ ᠣᠷᠣᠯᠴᠠᠵᠤ᠂ ᠢ ᠲᠠᠢ ᠪᠦᠯᠦᠭᠯᠡᠯ ᠲᠠᠢ ᠬᠠᠮᠲᠤᠷᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠭᠤᠣᠯ ᠰᠡᠳᠦᠪᠲᠦ ᠺᠢᠨᠣ᠋ ᠶᠢ ᠰᠡᠭᠦᠳᠡᠷᠯᠡᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠤᠢ ᠪᠣᠯᠭᠠᠪᠠ᠃     ᠣᠯᠠᠨ ᠡᠰᠢᠲᠦ ︽ᠪᠠᠲᠤᠴᠠᠭᠠᠨ ᠤ ᠦᠵᠡᠮᠵᠢ︾ ᠶᠢ ᠵᠢᠷᠤᠵᠤ᠂ ᠤᠰᠤ ᠳᠤᠰᠤᠯᠠᠵᠤ ᠴᠢᠯᠠᠭᠤ ᠴᠤᠭᠤᠯᠬᠤ ᠳᠠᠭᠠᠨ ᠴᠢᠳᠠᠮᠠᠭᠠᠢ ᠪᠠᠶᠢᠳᠠᠭ᠃ ︽ᠭᠤᠷᠪᠠᠨ ᠱᠠᠲᠤᠨ ᠤ ᠬᠤᠯᠪᠤᠭᠠᠯᠠᠨ ᠡᠶᠡᠳᠡᠭᠦᠯᠵᠦ ᠬᠤᠯᠪᠤᠭᠠᠯᠠᠨ ᠰᠢᠢᠳᠪᠦᠷᠢᠯᠡᠬᠦ︾ ᠵᠠᠭᠪᠤᠷ ᠢ ᠭᠦᠨᠵᠡᠭᠡᠶᠢᠷᠡᠭᠦᠯᠵᠦ᠂ ᠡᠶᠡᠳᠡᠭᠦᠯᠬᠦ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ 2140 ᠬᠤᠪᠢ ᠵᠥᠷᠢᠴᠡᠯ ᠵᠢᠭᠤᠷᠠᠯᠳᠤᠭᠠᠨ ᠢ ᠵᠠᠭᠠᠯᠳᠤᠬᠤ ᠠᠴᠠ ᠡᠮᠦᠨ᠎ᠡ ᠰᠢᠢᠳᠪᠦᠷᠢᠯᠡᠬᠦ ᠶᠢ ᠲᠦᠯᠬᠢᠨ ᠠᠬᠢᠭᠤᠯᠪᠠ᠃ ᠭᠦᠢᠴᠡᠳᠬᠡᠬᠦ ᠠᠴᠠ ᠡᠮᠦᠨ᠎ᠡ ᠡᠶᠡᠳᠡᠭᠦᠯᠬᠦ ᠶᠢ ᠲᠦᠯᠬᠢᠨ ᠠᠬᠢᠭᠤᠯᠵᠤ᠂ ᠤᠶᠠᠨ ᠬᠠᠳᠠᠨ ᠢᠶᠠᠷ ᠨᠠᠮᠳᠠᠭᠤᠯᠬᠤ ᠶᠢ ᠠᠬᠢᠭᠤᠯᠤᠨ᠂ ︽ᠳᠤᠮᠳᠠ ᠵᠢᠵᠢᠭ ᠠᠵᠤ ᠠᠬᠤᠶᠢᠯᠠᠯ ᠤᠨ ᠬᠤᠯᠪᠣᠭᠠᠲᠤ ᠬᠤᠷᠠᠯ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢᠨ ᠠᠯᠪᠠᠨ ᠭᠡᠷ︾ ᠢ ᠪᠠᠶᠢᠭᠤᠯᠵᠤ᠂ ︽ᠣᠷᠳᠣᠰ ᠬᠤᠳᠠ ᠶᠢᠨ ᠮᠢᠩ ᠳ᠋ᠧ ᠶᠢᠨ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ ᠲᠥᠪ︾ ᠢ ᠣᠷᠣᠭᠤᠯᠤᠨ ᠠᠪᠴᠢᠷᠠᠵᠤ᠂ ᠠᠵᠢᠯ ᠠᠴᠠ ᠪᠠᠨ ᠪᠠᠭᠤᠵᠤ ᠠᠮᠠᠷᠠᠭᠰᠠᠨ ᠬᠠᠤᠯᠢ ᠶᠢᠨ ᠲᠤᠰᠢᠶᠠᠯᠲᠠᠨ ᠤ ᠭᠦᠢᠴᠡᠳᠬᠡᠬᠦ ᠡᠶᠡᠳᠡᠭᠦᠯᠬᠦ ᠪᠦᠯᠬᠦᠮ ᠪᠠᠶᠢᠭᠤᠯᠵᠤ᠂ ᠡᠯ᠎ᠡ ᠲᠠᠯ᠎ᠠ ᠶᠢᠨ ᠡᠶᠡᠳᠡᠭᠦᠯᠬᠦ ᠬᠦᠴᠦᠨ ᠢ ᠶᠡᠷᠦᠩᠬᠡᠶᠢᠯᠡᠨ ᠭᠦᠢᠴᠡᠳᠬᠡᠬᠦ ᠠᠴᠠ ᠡᠮᠦᠨᠡᠬᠢ 621 ᠬᠡᠷᠡᠭ ᠢ ᠰᠢᠢᠳᠪᠦᠷᠢᠯᠡᠵᠦ᠂ ᠭᠦᠢᠴᠡᠳᠬᠡᠭᠰᠡᠨ ᠵᠣᠭᠤᠰᠤᠨ ᠤ ᠲᠤᠭ᠎ᠠ ᠨᠢ 5995 ᠲᠦᠮᠡᠨ ᠲᠥᠭᠦᠷᠢᠭ ᠲᠤ ᠬᠦᠷᠪᠡ᠃ ︽ᠭᠤᠷᠪᠠᠨ ᠪᠠᠯᠭᠠᠰᠤ ᠨᠢᠭᠡ ᠬᠦᠷᠢᠶᠡᠯᠡᠩ ᠲᠣᠭᠤᠷᠢᠭ︾ ᠲᠤ ︽ᠵᠢᠭᠤᠷᠠᠯᠳᠤᠭᠠᠨ ᠢ ᠰᠢᠢᠳᠪᠦᠷᠢᠯᠡᠬᠦ ᠠᠵᠢᠯ ᠤᠨ ᠥᠷᠲᠡᠭᠡ︾ ᠪᠠᠶᠢᠭᠤᠯᠵᠤ᠂ ᠬᠠᠤᠯᠢ ᠴᠠᠭᠠᠵᠠ ᠶᠢᠨ ᠦᠢᠯᠡᠴᠢᠯᠡᠭᠡ ᠶᠢ ︽ᠡᠴᠦᠰ ᠤᠨ ᠨᠢᠭᠡ ᠺᠢᠯᠣᠮᠧᠲᠷ︾ ᠳᠠᠰᠢ ᠤᠷᠲᠤᠳᠬᠠᠵᠤ᠂ ᠬᠠᠷᠢᠶᠠᠲᠤ ᠣᠷᠣᠨ ᠤ 2560 ᠵᠢᠭᠤᠷᠠᠯᠳᠤᠭᠠᠨ ᠢ ᠲᠣᠬᠢᠲᠠᠢ ᠰᠢᠢᠳᠪᠦᠷᠢᠯᠡᠬᠦ ᠶᠢ ᠪᠡᠶᠡᠯᠡᠭᠦᠯᠪᠡ᠂ ᠡᠨᠡ ᠬᠦ ᠵᠠᠭᠪᠤᠷ ᠢ ᠣᠷᠳᠣᠰ ᠬᠤᠲᠠ ᠶᠢᠨ ᠰᠣᠨᠢᠨ ᠮᠡᠳᠡᠭᠡᠨ ᠤ ᠳᠠᠮᠵᠢᠭᠤᠯᠬᠤ ᠨᠡᠪᠲᠡᠷᠡᠭᠦᠯᠭᠡ ᠪᠠ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠦᠳᠡ ᠶᠢᠨ ᠰᠣᠨᠢᠨ ᠮᠡᠳᠡᠭᠡᠨ ᠳᠤ ᠵᠠᠯᠭᠠᠭ᠎ᠠ ᠪᠠᠷ ᠮᠡᠳᠡᠭᠡᠯᠡᠪᠡ᠃     ᠭᠤᠷᠪᠠ ᠳᠤ᠂ ᠦᠨᠳᠦᠰᠦᠨ ᠵᠣᠷᠢᠯᠲᠠ ᠶᠢ ᠪᠠᠷᠢᠮᠲᠠᠯᠠᠵᠤ᠂ ︽ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠠᠷᠠᠳ ᠤᠨ ᠲᠥᠯᠥᠭᠡ ᠬᠠᠨᠳᠤᠬᠤ ᠬᠠᠶᠢᠷ᠎ᠠ ᠰᠡᠳᠬᠢᠯᠭᠡ ᠶᠢ ᠵᠤᠵᠠᠭᠠᠳᠬᠠᠬᠤ︾ ᠶᠢ ᠪᠠᠲᠤᠳᠬᠠᠵᠤ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ︽ᠠᠷᠠᠳ ᠤᠨ ᠲᠥᠯᠥᠭᠡ ᠬᠠᠤᠯᠢ ᠪᠠᠷᠢᠬᠤ ᠪᠣᠳᠢ︾ ᠶᠢ ᠰᠠᠶᠢᠲᠤᠷ ᠬᠠᠷᠢᠭᠤᠯᠤᠨ᠎ᠠ᠃     ᠨᠢᠭᠡ ᠵᠢᠯ ᠤᠨ ᠲᠤᠷᠰᠢ᠂ ᠪᠢᠳᠡ ᠠᠷᠠᠳ ᠲᠦᠮᠡᠨ ᠢ ᠳᠡᠭᠡᠳᠦᠯᠡᠬᠦ ᠬᠠᠤᠯᠢ ᠴᠠᠭᠠᠵᠠ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠷᠠᠳ ᠤᠯᠠᠨ ᠤ ᠳᠡᠷᠭᠡᠳᠡᠬᠢ ᠬᠡᠷᠡᠭ ᠢ ᠰᠡᠳᠬᠢᠯ ᠲᠠᠯᠪᠢᠨ ᠰᠠᠶᠢᠲᠤᠷ ᠰᠢᠢᠳᠪᠦᠷᠢᠯᠡᠵᠦ᠂ ᠠᠷᠠᠳ ᠤᠯᠠᠨ ᠤ ᠭᠡᠷ ᠤᠨ ᠶᠠᠪᠤᠳᠠᠯ ᠢ ᠰᠡᠳᠬᠢᠯᠭᠡ ᠪᠠᠷ ᠢᠶᠠᠨ ᠲᠠᠰᠤᠯᠵᠤ᠂ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠰᠢᠨ᠎ᠡ ᠬᠦᠰᠡᠯ ᠡᠷᠡᠮᠡᠯᠵᠡᠯ ᠳᠤ ᠭᠦᠢᠴᠡᠳ ᠬᠠᠷᠢᠭᠤᠯᠲᠠ ᠥᠭᠴᠦ᠂ ᠠᠷᠠᠳ ᠤᠯᠠᠨ ᠳᠤ ᠲᠥᠪ ᠭᠤᠣᠯᠴᠢ ᠰᠢᠳᠤᠷᠭᠤ ᠶᠣᠰᠣ ᠳᠡᠷᠭᠡᠳᠡ ᠨᠢ ᠪᠠᠶᠢᠬᠤ ᠶᠢ ᠦᠨᠡᠨᠬᠦ ᠮᠡᠳᠡᠷᠡᠭᠦᠯᠪᠡ᠃ ᠪᠦᠬᠦ ᠵᠢᠯ ᠳᠤ 12898 ᠬᠡᠷᠡᠭ ᠢ ᠰᠢᠭᠦᠨ ᠲᠠᠰᠤᠯᠵᠤ᠂ 12628 ᠬᠡᠷᠡᠭ ᠢ ᠰᠢᠭᠦᠨ ᠳᠠᠭᠤᠰᠬᠠᠵᠤ᠂ ᠰᠢᠭᠦᠵᠦ ᠳᠠᠭᠤᠰᠬᠠᠭᠰᠠᠨ ᠨᠤᠷᠮ᠎ᠠ 97.91% ᠳᠤ ᠬᠦᠷᠴᠡᠢ; 8309 ᠬᠤᠪᠢ ᠭᠦᠢᠴᠡᠳᠬᠡᠬᠦ ᠬᠡᠷᠡᠭ ᠢ ᠬᠦᠯᠢᠶᠡᠨ ᠠᠪᠴᠤ ᠰᠢᠢᠳᠪᠦᠷᠢᠯᠡᠵᠦ᠂ 7696 ᠬᠤᠪᠢ ᠬᠡᠷᠡᠭ ᠢ ᠳᠠᠭᠤᠰᠬᠠᠵᠤ᠂ ᠰᠢᠭᠦᠵᠦ ᠳᠠᠭᠤᠰᠬᠠᠭᠰᠠᠨ ᠨᠤᠷᠮ᠎ᠠ 92.62%᠂ ᠭᠦᠢᠴᠡᠳᠬᠡᠭᠰᠡᠨ ᠨᠤᠷᠮ᠎ᠠ 61.82%᠂ ᠭᠦᠢᠴᠡᠳᠬᠡᠭᠰᠡᠨ ᠮᠥᠩᠭᠦᠨ ᠤ ᠲᠤᠭ᠎ᠠ ᠪᠠᠷᠤᠭ 32.38 ᠳ᠋ᠦᠩᠰᠢᠭᠤᠷ ᠲᠥᠭᠦᠷᠢᠭ ᠲᠤ ᠬᠦᠷᠴᠡᠢ᠃     ᠬᠤᠪᠢ ᠶᠢ ᠲᠣᠭᠲᠠᠭᠠᠵᠤ ᠮᠠᠷᠭᠤᠯᠳᠤᠭᠠᠨ ᠢ ᠵᠣᠭᠰᠣᠭᠠᠵᠤ᠂ ︽ᠪᠠᠭ᠎ᠠ ᠬᠡᠷᠡᠭ︾ ᠨᠢ ︽ᠶᠡᠭᠡ ᠠᠷᠠᠳ ᠤᠨ ᠠᠮᠢᠳᠤᠷᠠᠯ︾ ᠢ ᠰᠠᠬᠢᠨ ᠬᠠᠮᠠᠭᠠᠯᠠᠪᠠ᠃ ᠤᠷᠤᠭ ᠤᠨ ᠶᠠᠪᠤᠳᠠᠯ᠂ ᠠᠰᠠᠷᠠᠨ ᠲᠡᠵᠢᠭᠡᠬᠦ᠂ ᠥᠪ ᠵᠠᠯᠭᠠᠮᠵᠢᠯᠠᠬᠤ ᠵᠡᠷᠭᠡ ᠭᠡᠷ ᠤᠨ ᠶᠠᠪᠤᠳᠠᠯ ᠤᠨ ᠬᠡᠷᠡᠭ ᠢ 757 ᠬᠤᠪᠢ ᠰᠢᠭᠦᠨ ᠳᠠᠭᠤᠰᠬᠠᠵᠤ᠂ ᠡᠶᠡᠳᠡᠭᠦᠯᠦᠭᠰᠡᠨ ᠪᠠ ᠵᠠᠭᠠᠯᠳᠤᠯᠭ᠎ᠠ ᠪᠠᠨ ᠪᠤᠴᠠᠭᠠᠭᠰᠠᠨ ᠨᠢ 473 ᠬᠤᠪᠢ ᠪᠠᠶᠢᠵᠤ᠂ ᠰᠢᠯᠵᠢᠭᠦᠯᠦᠨ ᠪᠤᠴᠠᠭᠠᠭᠰᠠᠨ ᠨᠤᠷᠮ᠎ᠠ ᠨᠢ 62.48% ᠳᠤ ᠬᠦᠷᠴᠦ᠂ ︽ᠪᠠᠭ᠎ᠠ ᠭᠡᠷ︾ ᠢ ᠰᠠᠨᠠᠭ᠎ᠠ ᠠᠮᠤᠷ ᠠᠮᠢᠳᠤᠷᠠᠭᠤᠯᠪᠠ᠃ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠶᠢᠨ ᠵᠢᠭᠤᠷᠠᠯᠳᠤᠭᠠᠨ ᠢ 2845 ᠬᠤᠪᠢ ᠰᠢᠭᠦᠨ ᠳᠠᠭᠤᠰᠬᠠᠵᠤ᠂ ᠠᠳᠠᠯ ᠠᠬᠤᠢ ᠶᠢᠨ ᠦᠢᠯᠡᠴᠢᠯᠡᠭᠡᠨ ᠤ 31 ᠠᠵᠤ ᠠᠬᠤᠶᠢᠯᠠᠯ ᠳᠤ ᠬᠠᠤᠯᠢ ᠴᠠᠭᠠᠵᠠ ᠶᠢᠨ ᠰᠠᠨᠠᠭᠤᠯᠭ᠎ᠠ ᠭᠠᠷᠭᠠᠵᠤ᠂ ᠥᠭᠡᠷᠡᠴᠢᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ︽ᠤᠯᠠᠨ︾ ᠢ ᠲᠠᠭᠠᠯᠠᠮᠵᠢᠲᠠᠢ ᠰᠠᠭᠤᠯᠭᠠᠪᠠ᠃ ︽ᠪᠠᠭᠤᠷᠠᠢ ᠳᠤᠨᠢ ᠲᠡᠳᠬᠦᠮᠵᠢ ᠲᠠᠢ︾ ᠪᠠᠶᠢᠬᠤ ᠶᠢ ᠨᠠᠶᠢᠳᠠᠪᠤᠷᠢᠵᠢᠭᠤᠯᠵᠤ᠂ 8 ᠬᠥᠮᠥᠨ ᠳᠤ 42.36 ᠲᠦᠮᠡᠨ ᠲᠥᠭᠦᠷᠢᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠮᠥᠩᠭᠦ ᠲᠠᠷᠬᠠᠭᠠᠵᠤ᠂ ᠬᠥᠯᠥᠰᠦᠨ ᠠᠵᠢᠯᠴᠢᠨ ᠵᠡᠷᠭᠡ ᠬᠦᠴᠢᠷᠳᠡᠯ ᠲᠠᠢ ᠬᠠᠮᠲᠤᠯᠢᠭ ᠲᠤ ︽ᠴᠠᠭ ᠤᠨ ᠬᠤᠷ᠎ᠠ︾ ᠶᠢ ᠬᠦᠷᠭᠡᠵᠡᠢ᠃      ᠲᠤᠬᠠᠢ ᠶᠢᠨ ᠭᠠᠵᠠᠷ ᠤᠨ ᠪᠠᠶᠢᠳᠠᠯ ᠳᠠᠭᠠᠨ ᠲᠣᠬᠢᠷᠠᠭᠤᠯᠤᠨ᠂ ︽ᠵᠢᠵᠢᠭ ᠰᠢᠭᠦᠬᠦ ᠲᠢᠩᠬᠢᠮ︾ ᠨᠢ ︽ᠲᠣᠮᠣ ᠬᠡᠷᠡᠭ︾ ᠢ ᠳᠡᠯᠭᠡᠷᠡᠭᠦᠯᠪᠡ᠃ ᠪᠥᠸᠧ ᠵᠢᠶᠠᠩ ᠬᠠᠢ ᠶᠢᠨ ᠠᠷᠠᠳ ᠤᠨ ᠰᠢᠭᠦᠬᠦ ᠲᠢᠩᠬᠢᠮ ︽ᠦᠨᠳᠦᠰᠦᠨ ᠱᠠᠲᠤᠨ ᠤ ᠵᠠᠰᠠᠯᠲᠠ ᠨᠢ ᠦᠨᠳᠦᠰᠦᠨ ᠱᠠᠲᠤᠨ ᠳᠤ ᠲᠦᠰᠢᠭᠯᠡᠬᠦ︾ ᠣᠶᠢᠯᠠᠭᠠᠭᠳᠠᠬᠤᠨ ᠢᠶᠠᠷ ︽ᠲᠦᠷᠪᠡᠨ ᠭᠠᠵᠠᠷ ᠨᠢᠭᠡ ᠲᠢᠩᠬᠢᠮ︾ ᠤᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ︽ᠨᠤᠲᠤᠭ ᠤᠰᠤ + ᠬᠠᠤᠯᠢ ᠪᠠᠷ ᠲᠤᠰᠠᠯᠠᠬᠤ︾ ᠬᠡᠯᠪᠡᠷᠢ ᠪᠠᠷ ᠭᠠᠵᠠᠷ ᠰᠢᠷᠣᠢ ᠶᠢᠨ ᠵᠢᠭᠤᠷᠠᠯᠳᠤᠭᠠᠨ ᠢ ᠦᠨᠳᠦᠰᠦᠨ ᠱᠠᠲᠤᠨ ᠳᠤ ᠲᠣᠬᠢᠲᠠᠢ ᠰᠢᠢᠳᠪᠦᠷᠢᠯᠡᠪᠡ᠃ ᠲᠦᠩ ᠴᠦᠦᠠᠨ ᠤ ᠠᠷᠠᠳ ᠤᠨ ᠰᠢᠭᠦᠬᠦ ᠲᠢᠩᠬᠢᠮ ᠠᠵᠢᠯ ᠤᠨ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠠᠵᠢᠯ ᠤᠨ ᠡᠬᠡ ᠲᠠᠩᠰᠠ ᠪᠠᠶᠢᠭᠤᠯᠬᠤ ᠪᠠᠷ ᠳᠠᠮᠵᠢᠭᠤᠯᠤᠨ ᠬᠡᠷᠡᠭ ᠰᠢᠢᠳᠪᠦᠷᠢᠯᠡᠬᠦ ᠶᠠᠪᠤᠴᠠ ᠶᠢᠨ ᠪᠦᠬᠦ ᠶᠠᠪᠤᠴᠠ ᠶᠢᠨ ᠲᠡᠮᠳᠡᠭᠯᠡᠯ ᠢ ᠪᠡᠶᠡᠯᠡᠭᠦᠯᠵᠦ᠂ ᠬᠠᠤᠯᠢ ᠴᠠᠭᠠᠵᠠ ᠶᠢᠨ ᠬᠡᠷᠡᠭ ᠰᠢᠢᠳᠪᠦᠷᠢᠯᠡᠬᠦ ᠶᠢᠨ ᠢᠯᠡ ᠲᠣᠳᠣ ᠶᠢᠨ ᠬᠡᠮᠵᠢᠶ᠎ᠡ ᠪᠠ ᠨᠡᠬᠡᠮᠵᠢᠯᠡᠵᠦ ᠪᠣᠯᠬᠤᠶᠢᠴᠠ ᠴᠢᠨᠠᠷ ᠢ ᠨᠡᠮᠡᠭᠳᠡᠭᠦᠯᠵᠦ᠂ ᠬᠠᠤᠯᠢ ᠴᠠᠭᠠᠵᠠ ᠶᠢᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠬᠠᠨᠲᠠᠶ ᠶᠢᠨ ᠠᠷᠠᠳ ᠤᠨ ᠰᠢᠭᠦᠬᠦ ᠲᠢᠩᠬᠢᠮ ᠰᠢᠭᠦᠨ ᠲᠠᠰᠤᠯᠬᠤ ᠡᠭᠦᠷᠭᠡ ᠴᠢᠳᠠᠪᠤᠷᠢ ᠪᠠᠨ ᠢᠳᠡᠪᠬᠢᠲᠡᠢ ᠪᠠᠷ ᠤᠷᠲᠤᠳᠬᠠᠵᠤ᠂ ᠡᠶᠡᠳᠡᠭᠦᠯᠬᠦ ᠪᠠ ᠰᠢᠭᠦᠨ ᠲᠠᠰᠤᠯᠤᠭᠰᠠᠨ ᠤ ᠳᠠᠷᠠᠭᠠᠬᠢ ᠰᠢᠪᠠᠳᠠᠨ ᠭᠦᠢᠴᠡᠳᠬᠡᠭᠦᠯᠬᠦ ᠠᠵᠢᠯ ᠢ ᠴᠢᠩᠭᠠᠳᠬᠠᠵᠤ᠂ ᠲᠤᠬᠠᠢ ᠶᠢᠨ ᠬᠥᠮᠥᠨ ᠤ ᠵᠠᠭᠠᠯᠳᠤᠯᠭ᠎ᠠ ᠶᠢᠨ ᠶᠠᠳᠠᠷᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠥᠩᠭᠡᠷᠡᠭᠦᠯᠵᠦ᠂ ᠬᠡᠷᠡᠭ ᠢ ᠳᠠᠭᠤᠰᠬᠠᠨ ᠤᠴᠢᠷ ᠶᠠᠪᠤᠳᠠᠯ ᠢ ᠳᠠᠭᠤᠰᠬᠠᠨ ᠬᠥᠮᠥᠨ ᠤ ᠡᠪᠲᠡᠢ ᠶᠢ ᠪᠡᠶᠡᠯᠡᠭᠦᠯᠬᠦ ᠪᠠᠷ ᠴᠢᠷᠮᠠᠶᠢᠪᠠ᠃ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠠᠷᠠᠳ ᠤᠨ ᠰᠢᠭᠦᠬᠦ ᠲᠢᠩᠬᠢᠮ ᠪᠠᠶᠢᠭᠤᠯᠤᠭᠳᠠᠭᠰᠠᠨ ᠠᠴᠠ ᠨᠠᠰᠢ ᠡᠯ᠎ᠡ ᠲᠥᠷᠥᠯ ᠤᠨ ᠬᠡᠷᠡᠭ ᠢ ᠨᠡᠶᠢᠲᠡ ᠵᠠᠭᠤ ᠭᠠᠷᠤᠢ ᠰᠢᠢᠳᠪᠦᠷᠢᠯᠡᠵᠦ ᠳᠠᠭᠤᠰᠬᠠᠭᠠᠳ᠂ 11 ᠳ᠋ᠦᠩᠰᠢᠭᠤᠷ ᠭᠠᠷᠤᠢ ᠲᠥᠭᠦᠷᠢᠭ ᠤᠨ ᠬᠠᠷᠠᠯᠲᠠ ᠶᠢ ᠳᠠᠭᠤᠰᠬᠠᠵᠤ᠂ ᠵᠢᠩᠬᠢᠨᠢ ᠪᠠᠷ ᠬᠦᠷᠢᠶᠡᠯᠡᠩ ᠲᠣᠭᠤᠷᠢᠭ ᠤᠨ ᠡᠭᠦᠳᠡᠨ ᠳᠠᠬᠢ ︽ᠰᠢᠭᠦᠬᠦ ᠬᠤᠷᠢᠶ᠎ᠠ︾ ᠪᠣᠯᠤᠭᠰᠠᠨ ᠪᠠᠶᠢᠨ᠎ᠠ᠃     ᠭᠦᠢᠴᠡᠳᠬᠡᠬᠦ ᠪᠡᠷᠬᠡ ᠰᠡᠳᠦᠪ ᠢ ᠰᠢᠢᠳᠪᠦᠷᠢᠯᠡᠬᠦ ᠳᠤ᠂ ︽ᠪᠠᠭ᠎ᠠ ᠠᠯᠬᠤᠮ︾ ᠢᠶᠠᠷ ︽ᠶᠡᠭᠡ ᠳᠠᠪᠠᠯᠲᠠ︾ ᠶᠢ ᠬᠤᠷᠠᠮᠳᠤᠭᠤᠯᠪᠠ᠃ ︽ᠵᠡᠭᠦᠨ ᠹᠷᠠᠨᠼᠢ ᠶᠢᠨ ᠯᠠᠶᠢᠮᠤᠤᠷᠴᠤᠳ︾ ᠤᠨ ᠭᠦᠢᠴᠡᠳᠬᠡᠬᠦ ᠠᠵᠢᠯᠯᠠᠭ᠎ᠠ ᠳᠤ ᠬᠦᠴᠦᠲᠡᠢ ᠳᠠᠭᠠᠷᠢᠯᠲᠠ ᠶᠠᠪᠤᠭᠤᠯᠵᠤ᠂ 1352 ᠬᠡᠷᠡᠭ ᠢ ᠭᠦᠢᠴᠡᠳᠬᠡᠨ ᠳᠠᠭᠤᠰᠬᠠᠵᠤ᠂ ᠭᠦᠢᠴᠡᠳᠬᠡᠭᠰᠡᠨ ᠵᠣᠭᠤᠰ ᠤᠨ ᠲᠤᠭ᠎ᠠ ᠨᠢ ᠪᠠᠷᠤᠭ 3.26 ᠳ᠋ᠦᠩᠰᠢᠭᠤᠷ ᠲᠥᠭᠦᠷᠢᠭ ᠲᠤ ᠬᠦᠷᠴᠦ᠂ ᠵᠠᠷᠭᠤ ᠢᠯᠠᠬᠤ ᠡᠷᠬᠡ ᠠᠰᠢᠭ ᠢ ᠪᠡᠶᠡᠯᠡᠭᠦᠯᠬᠦ ᠦᠷ᠎ᠡ ᠪᠦᠲᠦᠮᠵᠢ ᠶᠢ ᠲᠤᠶᠢᠯ ᠤᠨ ᠶᠡᠭᠡ ᠪᠠᠷ ᠳᠡᠭᠡᠭᠰᠢᠯᠡᠭᠦᠯᠪᠡ᠃ ︽ᠭᠦᠢᠴᠡᠳᠭᠡᠯᠲᠡ 110︾ ᠪᠠᠶᠢᠯᠳᠤᠭᠠᠨ ᠤ ᠦᠷ᠎ᠡ ᠪᠦᠲᠦᠭᠡᠯ ᠢᠶᠠᠷ ᠳᠦᠭᠦᠷᠴᠦ᠂ ᠬᠠᠤᠯᠢ ᠶᠣᠰᠣᠭᠠᠷ 1136 ᠬᠥᠮᠥᠨ ᠤᠳᠠᠭ᠎ᠠ ᠠᠯᠪᠠᠳᠠᠨ ᠳᠠᠭᠤᠳᠠᠵᠤ᠂ 483 ᠬᠥᠮᠥᠨ ᠤᠳᠠᠭ᠎ᠠ ᠬᠠᠤᠯᠢ ᠴᠠᠭᠠᠵᠠ ᠶᠢᠨ ᠲᠦᠷ ᠬᠤᠷᠢᠵᠤ᠂ ᠭᠦᠢᠴᠡᠳᠬᠡᠬᠦ ᠠᠴᠠ ᠵᠠᠶᠢᠯᠠᠬᠤ ᠦᠢᠯᠡ ᠠᠵᠢᠯᠯᠠᠭ᠎ᠠ ᠳᠤ ᠬᠦᠴᠦᠷᠬᠡᠭ ᠶᠡᠭᠡ ᠰᠦᠷᠳᠡᠭᠦᠯᠦᠯ ᠪᠣᠯᠤᠭᠰᠠᠨ ᠪᠠᠶᠢᠨ᠎ᠠ᠃ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠪᠠ ᠢᠲᠡᠭᠡᠮᠵᠢ ᠶᠢ ᠰᠡᠷᠭᠦᠭᠡᠬᠦ ᠠᠵᠢᠯ ᠢ ᠬᠠᠮᠵᠢᠯᠴᠠᠨ ᠠᠬᠢᠭᠤᠯᠵᠤ᠂ ᠥᠨᠳᠥᠷ ᠬᠡᠷᠡᠭᠯᠡᠭᠡ ᠶᠢ 3836 ᠬᠥᠮᠥᠨ ᠤᠳᠠᠭ᠎ᠠ ᠬᠢᠵᠠᠭᠠᠷᠯᠠᠵᠤ᠂ ᠬᠠᠮᠵᠢᠯᠴᠠᠨ ᠭᠦᠢᠴᠡᠳᠬᠡᠭᠰᠡᠨ᠂ ᠢᠳᠡᠪᠬᠢᠲᠡᠢ ᠪᠠᠷ ᠭᠦᠢᠴᠡᠳᠬᠡᠭᠰᠡᠨ 506 ᠬᠥᠮᠥᠨ ᠤᠳᠠᠭ᠎ᠠ ᠶᠢᠨ ᠬᠡᠷᠡᠭᠯᠡᠭᠡ ᠶᠢ ᠬᠢᠵᠠᠭᠠᠷᠯᠠᠬᠤ ᠵᠠᠷᠯᠢᠭ ᠢ ᠬᠠᠤᠯᠢ ᠶᠣᠰᠣᠭᠠᠷ ᠬᠦᠴᠦᠨ ᠦᠭᠡᠢ ᠪᠣᠯᠭᠠᠭᠰᠠᠨ᠂ 146 ᠬᠥᠮᠥᠨ ᠤᠳᠠᠭ᠎ᠠ ᠶᠢ ᠢᠲᠡᠭᠡᠯ ᠠᠯᠳᠠᠭᠰᠠᠨ ᠨᠡᠷᠡᠰ ᠠᠴᠠ ᠰᠢᠯᠵᠢᠭᠦᠯᠦᠭᠰᠡᠨ᠂ ᠬᠠᠤᠯᠢ ᠶᠣᠰᠣᠭᠠᠷ ᠭᠦᠢᠴᠡᠳᠬᠡᠭᠰᠡᠨ᠂ ᠬᠥᠮᠥᠨᠴᠢ ᠴᠢᠨᠠᠷᠲᠠᠢ ᠪᠠᠷ ᠭᠦᠢᠴᠡᠳᠬᠡᠭᠰᠡᠨ ᠢ ᠮᠠᠭᠲᠠᠨ ᠰᠠᠶᠢᠰᠢᠶᠠᠪᠠ᠃ ᠳᠤᠮᠳᠠᠳᠤ ᠤᠯᠤᠰ ᠤᠨ ᠬᠠᠤᠯᠢ ᠴᠠᠭᠠᠵᠠ ᠶᠢᠨ ᠲᠣᠮᠣ ᠳ᠋ᠠᠶᠢᠲ᠋ᠠ ᠶᠢᠨ ᠰᠤᠳᠤᠯᠭᠠᠨ ᠤ ᠬᠦᠷᠢᠶᠡᠯᠡᠩ ᠲᠠᠢ ᠬᠠᠮᠲᠤᠷᠠᠨ ︽ᠢᠲᠡᠭᠡᠯ ᠠᠯᠳᠠᠵᠤ ᠥᠨᠳᠥᠷ ᠢ ᠬᠢᠵᠠᠭᠠᠷᠯᠠᠭᠰᠠᠨ ᠬᠡᠷᠡᠭ ᠤᠨ ᠰᠤᠳᠤᠯᠭᠠᠨ︾ ᠢ ᠮᠡᠳᠡᠭᠦᠯᠵᠦ᠂ ᠠᠷᠠᠳ ᠤᠨ ᠳᠡᠭᠡᠳᠦ ᠰᠢᠭᠦᠬᠦ ᠬᠤᠷᠢᠶᠠᠨ ᠤ ᠭᠤᠣᠯ ᠤᠳᠤᠷᠢᠳᠤᠯᠭ᠎ᠠ ᠶᠢᠨ ᠨᠤᠲᠠᠯᠠᠯᠲᠠ ᠶᠢᠨ ᠴᠢᠨᠠᠷᠲᠠᠢ ᠴᠣᠬᠤᠯᠠᠪᠤᠷᠢ ᠶᠢ ᠣᠯᠣᠭᠰᠠᠨ ᠪᠥᠭᠡᠳ 2024 ᠣᠨ ᠤ ᠠᠷᠠᠳ ᠤᠨ ᠰᠢᠭᠦᠬᠦ ᠬᠤᠷᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠲᠤᠰᠬᠠᠢ ᠰᠡᠳᠦᠪᠲᠦ ᠰᠤᠳᠤᠯᠭᠠᠨ ᠤ ᠮᠡᠳᠡᠭᠦᠯᠦᠯᠲᠡ ᠶᠢᠨ ᠲᠦᠷᠦᠯ ᠤᠨ ᠬᠤᠶᠠᠳᠤᠭᠠᠷ ᠳᠡᠰ ᠤᠨ ᠱᠠᠩᠨᠠᠯ ᠢ ᠬᠦᠷᠳᠡᠪᠡ᠃ ᠪᠦᠬᠦ ᠬᠤᠳᠠ ᠶᠢᠨ ᠴᠤᠷ ᠤᠨ ᠭᠠᠭᠴᠠ ︽ᠭᠦᠢᠴᠡᠳᠬᠡᠬᠦ ᠳᠤ ᠪᠡᠷᠬᠡᠲᠡᠢ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠬᠦ ᠦᠨᠳᠦᠰᠦᠨ ᠱᠠᠲᠤᠨ ᠤ ᠦᠢᠯᠡᠳᠦᠯᠭᠡ ᠶᠢᠨ ᠴᠡᠭ︾ ᠲᠤ ᠰᠣᠩᠭᠤᠭᠳᠠᠭᠰᠠᠨ ᠰᠢᠭᠦᠬᠦ ᠬᠤᠷᠢᠶ᠎ᠠ ᠪᠣᠯᠵᠤ᠂ ᠬᠤᠯᠪᠣᠭᠳᠠᠯ ᠪᠦᠬᠦᠢ ᠠᠵᠢᠯ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠪᠠ ᠬᠤᠳᠠ ᠶᠢᠨ ᠲᠣᠭᠤᠷᠢᠭ ᠬᠤᠶᠠᠷ ᠱᠠᠲᠤᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠨᠤᠲᠠᠯᠠᠯᠲᠠ ᠶᠢ ᠣᠯᠠᠨᠲᠠ ᠣᠯᠣᠭᠰᠠᠨ ᠪᠠᠶᠢᠨ᠎ᠠ᠃     ᠳᠥᠷᠪᠡ ᠳᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ︽ᠲᠣᠮᠣ ᠳ᠋ᠠᠶᠢᠲ᠋ᠠ ᠪᠠᠷ ᠬᠦᠴᠦ ᠨᠡᠮᠡᠷᠢᠯᠡᠵᠦ᠂ ᠢᠨᠲ᠋ᠥᠷ ᠰᠦᠯᠵᠢᠶ᠎ᠡ ᠪᠠᠷ ᠴᠢᠳᠠᠪᠤᠷᠢ ᠣᠯᠭᠤᠬᠤ︾ ᠶᠢ ᠪᠣᠳᠠᠲᠠᠶᠢᠵᠢᠭᠤᠯᠵᠤ᠂ ᠤᠶᠤᠨ ᠤᠬᠠᠭᠠᠨ ᠤ ᠪᠠᠶᠢᠭᠤᠯᠤᠯᠲᠠ ᠪᠠᠷ︽ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠬᠠᠭᠤᠳᠠᠰᠤ︾ ᠶᠢ ᠰᠠᠶᠢᠲᠤᠷ ᠬᠠᠷᠢᠭᠤᠯᠤᠨ᠎ᠠ᠃     ᠨᠢᠭᠡ ᠵᠢᠯ ᠤᠨ ᠲᠤᠷᠰᠢ᠂ ᠪᠢᠳᠡ ᠰᠢᠨ᠎ᠡ ᠶᠢ ᠡᠭᠦᠳᠦᠨ ᠴᠢᠳᠠᠪᠤᠷᠢ ᠣᠯᠭᠤᠬᠤ ᠶᠢ ᠴᠢᠩᠭᠠᠳᠬᠠᠵᠤ᠂ ᠤᠬᠠᠭᠠᠯᠢᠭ ᠬᠠᠤᠯᠢ ᠪᠠᠷᠢᠬᠤ ︽ᠳᠠᠭᠠᠭᠤᠯᠤᠭᠴᠢ︾ ᠪᠣᠯᠬᠤ ᠪᠠᠷ ᠴᠢᠷᠮᠠᠶᠢᠵᠤ᠂ ᠣᠯᠠᠨ ᠡᠰᠢᠲᠦ ᠮᠠᠷᠭᠤᠯᠳᠤᠭᠠᠨ ᠢ ᠰᠢᠢᠳᠪᠦᠷᠢᠯᠡᠬᠦ ᠠᠴᠠ ᠬᠡᠷᠡᠭ ᠢ ᠲᠠᠩᠰᠠ ᠡᠪᠬᠡᠮᠡᠯ ᠳᠤ ᠣᠷᠣᠭᠤᠯᠬᠤ ᠬᠦᠷᠲᠡᠯᠡᠬᠢ ᠪᠥᠬᠦ ᠶᠠᠪᠤᠴᠠ ᠶᠢᠨ ᠰᠦᠯᠵᠢᠶᠡᠨ ᠳᠡᠭᠡᠷᠡᠬᠢ ᠵᠠᠷᠭᠤ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠰᠢᠨ᠎ᠡ ᠴᠠᠭ ᠦᠶ᠎ᠡ ᠶᠢᠨ ᠰᠢᠭᠦᠨ ᠲᠠᠰᠤᠯᠬᠤ ᠠᠵᠢᠯ ᠤᠨ ᠰᠢᠨ᠎ᠡ ᠬᠡᠪ ᠪᠠᠶᠢᠳᠠᠯ ᠢ ᠪᠣᠶ ᠪᠣᠯᠭᠠᠪᠠ᠃     ᠪᠦᠬᠦ ᠬᠡᠯᠬᠢᠶ᠎ᠡ ᠶᠢᠨ ᠡᠯᠧᠮᠧᠨ᠋ᠲ ᠤᠨ ᠬᠡᠯᠪᠡᠷᠢ ᠶᠢᠨ ᠰᠢᠭᠦᠨ ᠲᠠᠰᠤᠯᠤᠯᠲᠠ ᠶᠢᠨ ᠰᠢᠨ᠎ᠡ ᠰᠢᠰᠲ᠋ᠧᠮ ᠢ ᠰᠤᠳᠤᠯᠤᠨ ᠨᠡᠭᠡᠭᠡᠵᠦ᠂ ᠰᠢᠭᠦᠨ ᠲᠠᠰᠤᠯᠤᠯᠲᠠ ᠶᠢ ᠨᠡᠩ ᠥᠨᠳᠥᠷ ᠪᠦᠲᠦᠮᠵᠢᠲᠡᠶ ᠪᠣᠯᠭᠠᠨ᠎ᠠ᠃ ᠠᠷᠠᠳ ᠤᠨ ᠬᠤᠭᠤᠷᠣᠨᠳᠣᠬᠢ ᠵᠢᠭᠡᠯᠡᠯᠭᠡ ᠶᠢᠨ ᠬᠡᠷᠡᠭ ᠢ ᠪᠦᠬᠦ ᠬᠡᠯᠬᠢᠶ᠎ᠡ ᠶᠢᠨ ᠡᠯᠧᠮᠧᠨ᠋ᠲ ᠤᠨ ᠬᠡᠯᠪᠡᠷᠢ ᠪᠠᠷ ᠰᠢᠭᠦᠨ ᠲᠠᠰᠤᠯᠬᠤ ᠲᠤᠷᠰᠢᠯᠲᠠ ᠶᠢᠨ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠵᠤ᠂ ᠣᠶᠤᠨᠴᠢ ᠪᠠᠷ ᠭᠠᠷᠭᠠᠨ ᠠᠪᠬᠤ ᠡᠯᠧᠮᠧᠨ᠋ᠲ᠂ ᠣᠶᠤᠨᠴᠢ ᠪᠠᠷ ᠮᠠᠷᠭᠤᠯᠳᠤᠭᠠᠨ ᠢ ᠬᠤᠷᠢᠶᠠᠩᠭᠤᠶᠢᠯᠠᠬᠤ᠂ ᠣᠶᠤᠨᠴᠢ ᠪᠠᠷ ᠡᠬᠡ ᠬᠦᠦ ᠮᠥᠩᠭᠦ ᠶᠢ ᠪᠣᠳᠣᠬᠤ᠂ ᠣᠶᠤᠨᠴᠢ ᠪᠠᠷ ᠪᠣᠢ ᠪᠣᠯᠭᠠᠭᠰᠠᠨ ᠪᠢᠴᠢᠭ ᠬᠠᠷ᠎ᠠ ᠵᠡᠷᠭᠡ ᠳᠥᠷᠪᠡᠨ ᠶᠡᠭᠡ ᠦᠷ᠎ᠡ ᠪᠦᠲᠦᠭᠡᠯ ᠢ ᠪᠣᠢ ᠪᠣᠯᠭᠠᠵᠤ᠂ ᠠᠷᠠᠳ ᠤᠨ ᠬᠤᠭᠤᠷᠣᠨᠳᠣᠬᠢ ᠵᠢᠭᠡᠯᠡᠯᠭᠡ ᠶᠢᠨ ᠬᠡᠷᠡᠭ ᠢ ᠳᠤᠮᠳᠠᠴᠢ ᠪᠠᠷ 30.63 ᠡᠳᠦᠷ ᠰᠢᠭᠦᠨ ᠰᠢᠢᠳᠪᠦᠷᠢᠯᠡᠵᠦ᠂ ᠠᠳᠠᠯᠢ ᠬᠤᠭᠤᠴᠠᠭᠠᠨ ᠤ  ᠬᠢ ᠲᠠᠢ ᠬᠠᠷᠢᠴᠠᠭᠤᠯᠪᠠᠯ 5.88 ᠡᠳᠦᠷ ᠪᠣᠭᠤᠨᠢᠰᠬᠠᠪᠠ᠃ ᠡᠨᠡᠬᠦ ᠰᠢᠰᠲ᠋ᠧᠮ ᠢ ᠪᠦᠬᠦ ᠣᠷᠣᠨ ᠤ ᠰᠢᠭᠦᠬᠦ ᠬᠤᠷᠢᠶᠠᠨ ᠤ ᠰᠢᠰᠲ᠋ᠧᠮ ᠳᠤ ᠳᠡᠯᠭᠡᠷᠡᠭᠦᠯᠦᠨ ᠬᠡᠷᠡᠭᠯᠡᠵᠦ᠂ ︽2022 ᠣᠨ ᠤ ᠣᠶᠤᠨᠲᠤ ᠰᠢᠭᠦᠬᠦ ᠬᠤᠷᠢᠶ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ︾ ︽2023 ᠣᠨ ᠤ ᠤᠯᠤᠰ ᠲᠦᠷᠦ ᠬᠠᠤᠯᠢ ᠴᠠᠭᠠᠵᠠ ᠶᠢᠨ ᠣᠶᠤᠨᠴᠢᠯᠠᠭᠰᠠᠨ ᠪᠠᠶᠢᠭᠤᠯᠤᠯᠲᠠ ᠶᠢᠨ ᠣᠶᠤᠨᠲᠤ ᠰᠢᠭᠦᠬᠦ ᠬᠤᠷᠢᠶ᠎ᠠ ᠶᠢᠨ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ︾ ᠪᠠᠷ ᠦᠨᠡᠯᠡᠭᠳᠡᠵᠦ᠂ ᠲᠡᠭᠦᠨ ᠤ ᠲᠤᠰᠠᠯᠠᠬᠤ ᠪᠣᠳᠣᠯᠭ᠎ᠠ ᠶᠢᠨ ᠪᠠᠭᠠᠵᠢ ᠶᠢᠨ ᠵᠥᠭᠡᠯᠡᠨ ᠳᠤᠨᠤᠭ ᠨᠢ ︽ᠺᠣᠮᠫᠢᠦ᠋ᠲ᠋ᠧᠷ ᠤᠨ ᠵᠥᠭᠡᠯᠡᠨ ᠳᠤᠨᠤᠭ ᠤᠨ ᠵᠣᠬᠢᠶᠠᠯ ᠪᠦᠲᠦᠭᠡᠯ ᠤᠨ ᠡᠷᠬᠡ ᠶᠢ ᠳᠠᠩᠰᠠᠯᠠᠭᠰᠠᠨ ᠦᠨᠡᠮᠯᠡᠯ︾ ᠢ ᠣᠯᠵᠤ᠂ ︽ᠪᠦᠬᠦ ᠬᠡᠯᠬᠢᠶ᠎ᠡ ᠶᠢᠨ ᠡᠯᠧᠮᠧᠨ᠋ᠲ ᠮᠠᠶ᠋ᠢᠭ ᠤᠨ ᠰᠢᠭᠦᠨ ᠲᠠᠰᠤᠯᠬᠤ ᠰᠢᠰᠲ᠋ᠧᠮ — ᠠᠷᠠᠳ ᠤᠨ ᠬᠤᠭᠤᠷᠣᠨᠳᠣᠬᠢ ᠵᠢᠭᠡᠯᠡᠯᠭᠡ︾ ᠶᠢᠨ ᠬᠡᠷᠡᠭᠯᠡᠭᠡᠨ ᠤ ᠦᠷ᠎ᠡ ᠪᠦᠲᠦᠭᠡᠯ ᠤᠨ ᠮᠡᠳᠡᠭᠦᠯᠦᠯᠲᠡ ᠨᠢ︽ᠬᠥᠬᠡ ᠭᠠᠳᠠᠷᠲᠤ ᠪᠢᠴᠢᠭ·ᠳᠤᠮᠳᠠᠳᠤ ᠤᠯᠤᠰ ᠤᠨ ᠰᠢᠭᠦᠬᠦ ᠬᠤᠷᠢᠶ᠎ᠠ ᠶᠢᠨ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠮᠡᠳᠡᠭᠦᠯᠦᠯᠲᠡ ︵2024︶︾ ᠶᠢᠨ ᠬᠡᠷᠡᠭ ᠤᠨ ᠵᠢᠱᠢᠶ᠎ᠡ ᠳᠤ ᠰᠣᠩᠭᠤᠭᠳᠠᠵᠠᠢ᠃     ︽ᠡᠯᠧᠺᠲᠷᠣᠨ ᠪᠢᠴᠢᠭᠡᠴᠢ︾ ᠶᠢᠨ ᠣᠶᠤᠨᠲᠤ ᠲᠢᠩᠬᠢᠮ ᠤᠨ ᠰᠢᠭᠦᠯᠲᠡ ᠶᠢᠨ ᠰᠢᠨ᠎ᠡ ᠵᠠᠭᠪᠤᠷ ᠢ ᠬᠡᠷᠡᠭᠵᠢᠭᠦᠯᠵᠦ᠂ ᠲᠢᠩᠬᠢᠮ ᠤᠨ ᠰᠢᠭᠦᠯᠲᠡ ᠶᠢ ᠨᠡᠩ ᠣᠶᠤᠨᠯᠢᠭ ᠪᠣᠯᠭᠠᠨ᠎ᠠ᠃ ︽ᠡᠯᠧᠺᠲᠷᠣᠨ ᠪᠢᠴᠢᠭᠡᠴᠢ︾ ᠶᠢᠨ ᠣᠶᠤᠨᠲᠤ ᠲᠢᠩᠬᠢᠮ ᠤᠨ ᠰᠢᠭᠦᠯᠲᠡ ᠶᠢᠨ ᠰᠢᠨ᠎ᠡ ᠶᠢ ᠡᠭᠦᠳᠬᠦ ᠶᠠᠪᠤᠳᠠᠯ ᠨᠢ ᠲᠢᠩᠬᠢᠮ ᠤᠨ ᠰᠢᠭᠦᠯᠲᠡ ᠶᠢᠨ ᠵᠢᠷᠭᠤᠭᠠᠨ ᠶᠡᠭᠡ ᠪᠣᠳᠠᠲᠤ ᠪᠠᠶᠢᠯᠳᠤᠭᠠᠨ ᠤ ᠬᠡᠷᠡᠭᠯᠡᠭᠡᠨ ᠤ ᠲᠠᠯᠠᠪᠤᠷ ᠢ ᠪᠤᠢ ᠪᠣᠯᠭᠠᠵᠤ᠂ ᠲᠢᠩᠬᠢᠮ ᠤᠨ ᠰᠢᠭᠦᠯᠲᠡ ᠶᠢᠨ ᠴᠠᠭ ᠢ ᠥᠩᠭᠡᠷᠡᠭᠰᠡᠨ ᠤ ᠬᠢ ᠠᠴᠠ ᠪᠠᠷᠤᠭ 25% ᠪᠠᠷ ᠠᠷᠪᠢᠯᠠᠪᠠ᠃ ᠡᠨᠡᠬᠦ ᠵᠠᠭᠪᠤᠷ ᠨᠢ 2023 ᠣᠨ ᠤ ᠡᠯᠧᠺᠲᠷᠣᠨ ᠵᠠᠰᠠᠭ ᠤᠨ ᠶᠠᠪᠤᠳᠠᠯ ᠤᠨ ᠨᠡᠶᠢᠲᠡᠯᠢᠭ ᠬᠡᠷᠡᠭ ᠤᠨ ᠵᠢᠱᠢᠶ᠎ᠡ᠂ 2024 ᠣᠨ ᠤ ᠤᠯᠤᠰ ᠲᠦᠷᠦ ᠬᠠᠤᠯᠢ ᠴᠠᠭᠠᠵᠠ ᠶᠢᠨ ᠣᠶᠤᠨᠴᠢᠯᠠᠯᠲᠠ ᠶᠢᠨ ᠪᠠᠶᠢᠭᠤᠯᠤᠯᠲᠠ ᠶᠢᠨ ᠣᠶᠤᠨᠲᠤ ᠰᠢᠭᠦᠬᠦ ᠬᠤᠷᠢᠶ᠎ᠠ ᠶᠢᠨ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ ᠪᠠᠷ ᠦᠨᠡᠯᠡᠭᠳᠡᠵᠦ᠂ ᠠᠷᠠᠳ ᠤᠨ ᠰᠢᠭᠦᠬᠦ ᠬᠤᠷᠢᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠶᠠᠳᠤᠭᠠᠷ ᠳᠡᠰ ᠤᠨ ᠱᠠᠩᠨᠠᠯ ᠢ ᠬᠦᠷᠲᠡᠵᠦ᠂ ︽ᠺᠣᠮᠫᠢᠦ᠋ᠲ᠋ᠧᠷ ᠤᠨ ᠵᠥᠭᠡᠯᠡᠨ ᠬᠡᠷᠡᠭᠰᠡᠯ ᠤᠨ ᠵᠣᠬᠢᠶᠠᠯ ᠪᠦᠲᠦᠭᠡᠯ ᠤᠨ ᠡᠷᠬᠡ ᠶᠢᠨ ᠳᠠᠩᠰᠠᠯᠠᠯᠲᠠ ᠶᠢᠨ ᠦᠨᠡᠮᠯᠡᠯ︾  ᠢ ᠣᠯᠣᠭᠰᠠᠨ ᠪᠥᠭᠡᠳ ︽ᠬᠥᠬᠡ ᠭᠠᠳᠠᠷᠲᠤ ᠪᠢᠴᠢᠭ·ᠳᠤᠮᠳᠠᠳᠤ ᠤᠯᠤᠰ ᠤᠨ ᠰᠢᠭᠦᠬᠦ ᠬᠤᠷᠢᠶ᠎ᠠ ᠶᠢᠨ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠮᠡᠳᠡᠭᠦᠯᠦᠯᠲᠡ ︵2025︶︾ ᠶᠢᠨ ᠬᠡᠷᠡᠭ ᠤᠨ ᠵᠢᠱᠢᠶ᠎ᠡ ᠪᠠᠷ ᠰᠣᠩᠭᠤᠭᠳᠠᠵᠠᠢ᠃     ︽ᠣᠷᠣᠨ ᠲᠣᠭᠤᠷᠢᠭ ᠤᠨ ᠴᠥᠷᠬᠡᠯᠡᠭᠡ ᠶᠢᠨ ᠬᠠᠤᠯᠢᠴᠢ ᠶᠢᠨ ᠪᠠᠶᠢᠴᠠᠭᠠᠯᠲᠠ ᠶᠢᠨ ᠵᠠᠷᠯᠢᠭ︾ ᠤᠨ ᠰᠢᠨ᠎ᠡ ᠲᠠᠰ ᠳᠠᠷᠠᠭᠠᠯᠠᠯ ᠢ ᠬᠡᠷᠡᠭᠯᠡᠵᠦ᠂ ᠭᠡᠷᠡᠴᠢ ᠠᠪᠬᠤ ᠳᠤ ᠨᠠᠩ ᠲᠥᠬᠦᠮ ᠪᠣᠯᠭᠠᠨ᠎ᠠ᠃ ᠪᠥᠬᠦ ᠣᠷᠣᠨ ᠤ ᠰᠢᠭᠦᠬᠦ ᠬᠤᠷᠢᠶ᠎ᠠ ᠶᠢᠨ ᠰᠢᠰᠲ᠋ᠧᠮ ᠳᠤ ᠣᠷᠣᠨ ᠲᠣᠭᠤᠷᠢᠭ ᠤᠨ ᠴᠥᠷᠬᠦᠯᠡᠭᠡ ᠬᠠᠤᠯᠢᠴᠢ ᠶᠢᠨ ᠪᠠᠶᠢᠴᠠᠭᠠᠯᠲᠠ ᠶᠢᠨ ᠵᠠᠷᠯᠢᠭ ᠤᠨ ᠲᠠᠪᠴᠠᠩ ᠢ ᠤᠷᠢᠳᠠᠪᠠᠷ ᠪᠠᠶᠢᠭᠤᠯᠤᠭᠰᠠᠨ ᠪᠥᠭᠡᠳ ᠠᠰᠢᠭᠯᠠᠯᠲᠠ ᠳᠤ ᠣᠷᠣᠭᠤᠯᠵᠤ᠂ ᠨᠢᠭᠡᠨᠲᠡ 547 ᠬᠤᠪᠢ ᠬᠠᠤᠯᠢᠴᠢ ᠶᠢᠨ ᠪᠠᠶᠢᠴᠠᠭᠠᠯᠲᠠ ᠶᠢᠨ ᠵᠠᠷᠯᠢᠭ ᠢ ᠭᠠᠷ ᠤᠨ ᠥᠰᠥᠭ ᠵᠢᠷᠤᠵᠤ ᠭᠠᠷ ᠤᠨ ᠥᠰᠥᠭ ᠵᠢᠷᠤᠵᠤ᠂ 287 ᠬᠡᠷᠡᠭ ᠲᠤ ᠬᠤᠯᠪᠣᠭᠳᠠᠵᠤ᠂ 313 ᠬᠠᠤᠯᠢᠴᠢ ᠳᠤ ᠬᠤᠯᠪᠣᠭᠳᠠᠵᠤ᠂ 281 ᠬᠠᠮᠵᠢᠨ ᠪᠠᠶᠢᠴᠠᠭᠠᠬᠤ ᠨᠢᠭᠡᠴᠡ ᠳᠤ ᠬᠤᠯᠪᠣᠭᠳᠠᠵᠤ᠂ 66 ᠬᠤᠪᠢ ᠭᠡᠷᠡᠴᠢ ᠪᠠᠷᠢᠮᠲᠠ ᠶᠢ ᠠᠮᠵᠢᠯᠲᠠᠲᠠᠢ ᠪᠠᠶᠢᠴᠠᠭᠠᠵᠤ᠂ ᠬᠠᠤᠯᠢᠴᠢ ᠶᠢᠨ ᠪᠠᠶᠢᠴᠠᠭᠠᠯᠲᠠ ᠶᠢᠨ ᠵᠠᠷᠯᠢᠭ ᠢ ᠭᠤᠶᠤᠴᠢᠯᠠᠭᠰᠠᠨ ᠠᠴᠠ ᠭᠡᠷᠡᠴᠢ ᠠᠪᠬᠤ ᠬᠦᠷᠲᠡᠯᠡᠬᠢ ᠪᠥᠬᠦ ᠶᠠᠪᠤᠴᠠ ᠶᠢᠨ ᠴᠠᠭ ᠢ 40%-50% ᠪᠠᠷ ᠪᠣᠭᠤᠨᠢᠰᠬᠠᠪᠠ᠃ ᠡᠨᠡ ᠬᠦ ᠦᠷ᠎ᠡ ᠪᠦᠲᠦᠭᠡᠯ ᠨᠢ ᠪᠥᠬᠦ ᠤᠯᠤᠰ ᠤᠨ ᠰᠢᠭᠦᠬᠦ ᠬᠤᠷᠢᠶᠠᠨ ᠤ ︽2024 ᠵᠠᠰᠠᠭ ᠤᠨ ᠶᠠᠪᠤᠳᠠᠯ ᠤᠨ ᠰᠦᠯᠵᠢᠶᠡᠨ ᠤ ᠰᠣᠳᠣᠨ ᠪᠤᠯᠤᠩ︾ ᠢ ᠢᠷᠠᠭᠤ ᠠᠯᠳᠠᠷᠲᠠᠢ ᠪᠠᠷ ᠭᠥᠷᠳᠡᠪᠡ᠃     ᠲᠠᠪᠤ ᠳᠤ᠂ ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠬᠦ ᠶᠢ ᠪᠠᠷᠢᠮᠲᠠᠯᠠᠵᠤ᠂ ︽ᠨᠠᠮ ᠤᠨ ᠲᠥᠪ ᠬᠤᠷᠢᠶ᠎ᠠ ᠶᠢ ᠰᠠᠨᠠᠭ᠎ᠠ ᠠᠮᠤᠷ ᠪᠠᠶᠢᠯᠭᠠᠵᠤ᠂ ᠠᠷᠠᠳ ᠤᠯᠠᠨ ᠢ ᠰᠡᠳᠬᠢᠯ ᠬᠠᠨᠤᠮᠵᠢᠲᠠᠢ ᠪᠠᠶᠢᠯᠭᠠᠬᠤ︾ ᠶᠢ ᠪᠠᠲᠤᠳᠬᠠᠵᠤ᠂ ᠨᠡᠩ ᠥᠨᠳᠥᠷ ᠪᠠᠷᠢᠮᠵᠢᠶ᠎ᠠ ᠪᠠᠷ ︽ᠡᠩᠨᠡᠭᠡᠨ ᠤ ᠪᠠᠶᠢᠭᠤᠯᠤᠯᠲᠠ ᠶᠢᠨ ᠪᠣᠳᠢ︾ ᠶᠢ ᠰᠠᠶᠢᠲᠤᠷ ᠬᠠᠷᠢᠭᠤᠯᠬᠤ ᠬᠡᠷᠡᠭᠲᠡᠢ᠃    ᠨᠢᠭᠡ ᠵᠢᠯ ᠤᠨ ᠲᠤᠷᠰᠢ᠂ ᠪᠢᠳᠡ ︽ᠬᠡᠪ ᠤᠨ ᠪᠠᠶᠢᠳᠠᠯ ᠢ ᠮᠡᠳᠡᠵᠦ ᠬᠤᠪᠢᠷᠠᠭᠤᠯᠬᠤ ᠶᠢ ᠮᠡᠳᠡᠪᠡᠰᠦ ᠢᠯᠠᠵᠤ᠂ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠦᠪᠡᠰᠦ ᠤᠷᠤᠭᠰᠢᠯᠠᠨ ᠲᠠᠪᠰᠢᠬᠤ︾ ᠣᠶᠢᠯᠠᠭᠠᠭᠳᠠᠬᠤᠨ ᠢ ᠪᠠᠷᠢᠮᠲᠠᠯᠠᠵᠤ᠂ ᠴᠢᠨᠠᠷ ᠰᠠᠶᠢᠲᠠᠢ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠮᠥᠵᠢᠭᠦᠯᠬᠦ ᠶᠢ ᠠᠳᠬᠤᠵᠤ᠂ ᠳᠦᠷᠢᠮ ᠢ ᠴᠢᠩᠳᠠᠯᠠᠵᠤ᠂ ᠵᠣᠷᠢᠭ ᠰᠠᠨᠠᠭ᠎ᠠ ᠶᠢ ᠱᠤᠭᠤᠵᠤ᠂ ᠴᠢᠳᠠᠮᠠᠭᠠᠢ ᠪᠠᠷ ᠠᠵᠢᠯᠯᠠᠵᠤ ᠴᠢᠳᠠᠮᠠᠭᠠᠢ ᠪᠠᠷ ᠪᠦᠲᠦᠭᠡᠬᠦ᠂ ᠪᠣᠳᠠᠲᠠᠢ ᠠᠵᠢᠯᠯᠠᠬᠤ ᠶᠢ ᠡᠷᠬᠢᠮᠯᠡᠳᠡᠭ ᠰᠢᠭᠦᠬᠦ ᠬᠤᠷᠢᠶᠠᠨ ᠤ ᠡᠩᠨᠡᠭᠡ ᠶᠢ ᠬᠦᠴᠦᠯᠡᠨ ᠪᠠᠶᠢᠭᠤᠯᠵᠤ᠂ ᠰᠢᠭᠦᠬᠦ ᠬᠤᠷᠢᠶᠠᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠢ ᠤᠯᠠᠮ ᠠᠴᠠ ᠤᠯᠠᠮ ᠭᠦᠢᠴᠡᠳ ᠪᠣᠯᠭᠠᠵᠠᠢ᠃     ᠨᠠᠷᠢᠯᠢᠭ ᠣᠨᠣᠴᠠᠲᠠᠢ ᠪᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠤ᠂ ︽ᠰᠣᠶᠣᠯ ᠢᠶᠠᠷ ᠰᠢᠨ᠎ᠡ ᠶᠢ ᠤᠮᠳᠠᠯᠠᠬᠤ︾ ᠢᠨᠵᠧᠨᠧᠷᠢᠩ ᠢ ᠬᠡᠷᠡᠭᠵᠢᠭᠦᠯᠦᠨ᠎ᠡ᠃ ︽ᠬᠠᠤᠯᠢ ᠴᠠᠭᠠᠵᠠ ᠪᠠᠷ ᠭᠠᠷᠳᠠᠨ ᠪᠢᠴᠢᠵᠦ᠂ ᠰᠣᠶᠣᠯ ᠢᠶᠠᠷ ᠳᠠᠭᠤᠰᠬᠠᠵᠤ︾᠂ ︽ᠨᠢᠭᠡ ᠳᠠᠪᠬᠤᠷ ᠠᠰᠠᠷ ᠨᠢᠭᠡ ᠭᠤᠣᠯ ᠰᠡᠳᠦᠪ︾ ᠤᠨ ᠰᠣᠶᠣᠯ ᠤᠨ ᠨᠡᠷᠡᠳᠤ ᠲᠡᠮᠳᠡᠭ ᠢ ᠪᠠᠶᠢᠭᠤᠯᠵᠤ᠂ ᠬᠡᠯᠬᠢᠶ᠎ᠡ ᠰᠤᠪᠤᠳ ᠢ ᠬᠡᠯᠬᠢᠶ᠎ᠡ ᠲᠠᠢ ᠪᠣᠯᠭᠠᠵᠤ᠂ ᠰᠢᠭᠦᠬᠦ ᠬᠤᠷᠢᠶᠠᠨ ᠤ ᠰᠣᠶᠣᠯ ᠤᠨ ᠰᠢᠨ᠎ᠡ ᠬᠠᠭᠤᠳᠠᠰᠤ ᠶᠢ ᠳᠡᠯᠭᠡᠪᠡ᠃ ᠪᠥᠬᠦ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠰᠢᠭᠦᠬᠦ ᠬᠤᠷᠢᠶ᠎ᠠ ᠶᠢᠨ ᠠᠩᠬᠠᠳᠠᠭᠴᠢ ᠬᠠᠤᠯᠢ ᠶᠢᠨ ᠲᠤᠰᠢᠶᠠᠯᠲᠠᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢ ᠪᠠᠶᠢᠭᠤᠯᠵᠤ᠂ ︽3+3+3+N︾ ᠨᠠᠷᠠᠲᠤ ᠲᠥᠷᠥᠯ ᠲᠡᠮᠳᠡᠭᠲᠦ ᠶᠢᠨ ᠵᠠᠭᠪᠤᠷ ᠢ ᠪᠠᠶᠢᠭᠤᠯᠤᠨ᠂ ︽ᠤᠯᠤᠰ ᠤᠨ ᠰᠣᠶᠣᠯ ᠢ ᠤᠩᠰᠢᠵᠤ ᠬᠡᠪ ᠴᠢᠨᠠᠷ ᠢ ᠴᠢᠩᠭᠠᠳᠬᠠᠨ ᠰᠢᠨ᠎ᠡ ᠠᠶᠠᠨ ᠢ ᠡᠬᠢᠯᠡᠭᠦᠯᠬᠦ︾ ᠥᠯᠵᠡᠶᠢᠲᠦ ᠡᠳᠦᠷ ᠤᠨ ᠤᠷᠠᠨ ᠤᠩᠰᠢᠯᠭ᠎ᠠ ᠶᠢᠨ ᠳᠡᠭᠦᠦ ᠬᠥᠭᠵᠢᠮ ᠤᠨ ᠦᠳᠡᠰᠢᠯᠡᠭᠡ ᠶᠢ ᠡᠷᠭᠢᠯᠡᠵᠦ᠂ ︽ᠳᠥᠷᠪᠡᠨ ᠢᠲᠡᠭᠡᠯ︾ ᠢ ᠰᠣᠶᠣᠯ ᠤᠨ ᠪᠠᠶᠢᠭᠤᠯᠤᠯᠲᠠ ᠶᠢᠨ ᠪᠥᠬᠦ ᠶᠠᠪᠤᠴᠠ ᠳᠤ ᠠᠭᠤᠰᠬᠠᠵᠤ᠂ ᠪᠥᠬᠦ ᠬᠦᠷᠢᠶᠡᠯᠡᠩ ᠤᠨ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠥᠷᠲᠡᠭ ᠤᠨ ᠬᠥᠲᠥᠯᠥᠨ ᠵᠢᠯᠤᠭᠤᠳᠬᠤ ᠬᠦᠴᠦᠨ᠂ ᠰᠣᠶᠣᠯ ᠤᠨ ᠨᠢᠭᠲᠠᠷᠠᠯ ᠤᠨ ᠬᠦᠴᠦᠨ ᠪᠠ ᠣᠶᠤᠨ ᠰᠠᠨᠠᠭᠠᠨ ᠤ ᠲᠦᠯᠬᠢᠴᠡ ᠬᠦᠴᠦᠨ ᠢ ᠬᠠᠩᠭᠠᠪᠠ᠃     ᠬᠤᠰᠢᠭᠤᠴᠢ ᠤᠳᠤᠷᠢᠳᠤᠮᠵᠢ ᠶᠢ ᠳᠣᠪᠤᠶᠢᠯᠭᠠᠵᠤ᠂ ︽ᠤᠬᠠᠭᠤᠯᠭ᠎ᠠ ᠶᠢ ᠬᠠᠮᠤᠷᠬᠤ︾ ᠢᠨᠵᠧᠨᠧᠷᠢᠩ ᠢ ᠬᠡᠷᠡᠭᠵᠢᠭᠦᠯᠦᠨ᠎ᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠂ ᠯᠠᠪᠳᠠᠭᠤᠨ ᠪᠠᠲᠤᠲᠠᠢ ᠬᠠᠤᠯᠢ ᠴᠠᠭᠠᠵᠠ ᠶᠢᠨ ᠤᠬᠠᠭᠤᠯᠭ᠎ᠠ ᠶᠢᠨ ᠠᠵᠢᠯ ᠢᠶᠠᠷ ᠰᠢᠭᠦᠨ ᠲᠠᠰᠤᠯᠬᠤ ᠪᠠ ᠭᠦᠢᠴᠡᠳᠬᠡᠬᠦ ᠶᠢ ᠠᠷᠠᠳ ᠤᠨ ᠠᠮᠢᠳᠤᠷᠠᠯ ᠲᠠᠢ ᠬᠤᠯᠪᠣᠬᠤ ᠮᠥᠷᠲᠡᠭᠡᠨ ᠠᠷᠠᠳ ᠤᠨ ᠰᠡᠳᠬᠢᠯ ᠢ ᠴᠦ ᠴᠢᠩᠭᠠᠷᠠᠭᠤᠯᠤᠨ᠎ᠠ᠃ ᠪᠥᠬᠦ ᠵᠢᠯ ᠳᠤ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢᠶᠠᠷ ᠳᠠᠮᠵᠢᠭᠤᠯᠤᠨ ᠰᠢᠭᠦᠨ ᠲᠠᠰᠤᠯᠤᠯᠲᠠ ᠶᠢᠨ ᠭᠦᠢᠴᠡᠳᠬᠡᠬᠦ ᠠᠷᠭ᠎ᠠ ᠬᠡᠮᠵᠢᠶ᠎ᠡ᠂ ᠨᠡᠶᠢᠲᠡᠯᠢᠭ ᠬᠡᠷᠡᠭ ᠤᠨ ᠵᠢᠱᠢᠶ᠎ᠡ ᠵᠡᠷᠭᠡ ᠠᠭᠤᠯᠭ᠎ᠠ ᠶᠢ 1778 ᠬᠤᠪᠢ ᠬᠦᠷᠭᠡᠵᠦ᠂ 112 ᠣᠬᠤᠷ ᠸᠧᠳᠢᠤ᠋ ᠨᠡᠶᠢᠲᠡᠯᠡᠵᠦ᠂ 216 ᠬᠤᠪᠢ ᠮᠡᠳᠡᠭᠡ ᠵᠠᠩᠭᠢ ᠶᠢ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠳᠡᠭᠡᠭᠰᠢᠬᠢ ᠵᠠᠭᠤᠴᠢᠯᠠᠭᠤᠷ ᠤᠨ ᠬᠢᠨ ᠭᠥᠯᠢᠶᠡᠨ ᠠᠪᠴᠤ ᠨᠡᠶᠢᠲᠡᠯᠡᠪᠡ᠃ ᠡᠭᠦᠨ ᠳᠤ ︽ᠨᠡᠷᠡᠨ ᠬᠡᠷᠡᠯᠳᠦ ᠲᠡᠩᠨᠡᠭᠦᠷ︾ ᠤᠨ ᠳᠠᠩᠰᠠᠨ ᠨᠣᠮᠧᠷ ᠨᠢ ᠵᠠᠯᠭᠠᠭ᠎ᠠ ᠪᠠᠷ 15 ᠤᠳᠠᠭ᠎ᠠ ᠪᠦᠬᠦ ᠤᠯᠤᠰ ᠤᠨ ︽ᠰᠠᠷ᠎ᠠ ᠶᠢᠨ ᠰᠢᠯᠢᠳᠡᠭ ᠲᠡᠩᠨᠡᠭᠦᠷ︾ ᠢᠶᠠᠷ ᠦᠨᠡᠯᠡᠭᠳᠡᠵᠦ᠂ ᠪᠢᠴᠢᠯ ᠺᠢᠨᠣ᠋ ︽ᠬᠤᠬᠢᠷᠠᠯ ᠢ ᠴᠠᠭ ᠲᠤᠬᠠᠢ ᠳᠤᠨᠢ ᠵᠣᠭᠰᠣᠭᠠᠭᠰᠠᠨ ᠨᠢ︾ ᠨᠢ ᠠᠽᠢᠶ᠎ᠠ ᠲᠢᠪ ᠤᠨ ᠪᠢᠴᠢᠯ ᠺᠢᠨᠣ᠋ ᠶᠢᠨ ᠤᠷᠤᠯᠳᠤᠭᠠᠨ ᠤ ᠬᠠᠮᠤᠭ ᠰᠠᠶᠢᠨ ᠵᠦᠴᠦᠭᠡ ᠶᠢᠨ ᠦᠢᠯᠡ ᠶᠠᠪᠤᠳᠠᠯ ᠤᠨ ᠱᠠᠩᠨᠠᠯ ᠢ ᠭᠥᠷᠳᠡᠵᠦ᠂ ᠣᠬᠤᠷ ᠸᠢᠳᠢᠤ᠋ ᠪᠠᠷ ︽ᠢᠲᠡᠭᠡᠯ ᠠᠯᠳᠠᠭᠰᠠᠨ ᠨᠢ ᠥᠪᠡᠷ ᠤᠨ ᠪᠡᠶ᠎ᠡ ᠳᠡᠭᠡᠨ ᠬᠢᠵᠠᠭᠠᠷᠯᠠᠭᠳᠠᠨ᠎ᠠ︾ ︽ᠬᠥᠮᠥᠨ ᠢ ᠰᠣᠴᠢᠭᠠᠮ᠎ᠠ ᠠᠯᠪᠠᠳᠠᠯᠭ᠎ᠠ ᠪᠠᠷ ᠭᠡᠷ ᠰᠤᠯᠠᠯᠠᠭᠰᠠᠨ ᠨᠢ︾ ᠵᠡᠷᠭᠡ ᠨᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃     ᠵᠢᠱᠢᠶ᠎ᠡ ᠦᠵᠡᠭᠦᠯᠬᠦ ᠤᠳᠤᠷᠢᠳᠤᠮᠵᠢ ᠶᠢ ᠲᠣᠪᠤᠶᠢᠯᠭᠠᠨ᠂ ︽ᠬᠡᠪ ᠴᠢᠨᠠᠷ ᠢ ᠳᠡᠭᠡᠭᠰᠢᠯᠡᠭᠦᠯᠬᠦ︾ ᠢᠨᠵᠧᠨᠧᠷᠢᠩ ᠢ ᠬᠡᠷᠡᠭᠵᠢᠭᠦᠯᠦᠨ᠎ᠡ᠃ ︽ᠤᠷᠤᠯᠳᠤᠭᠠᠨ ᠢᠶᠠᠷ ᠮᠡᠷᠭᠡᠵᠢᠯ ᠢ ᠦᠨᠡᠯᠡᠬᠦ᠂ ᠤᠷᠤᠯᠳᠤᠭᠠᠨ ᠢᠶᠠᠷ ᠴᠢᠳᠠᠪᠤᠷᠢ ᠶᠢ ᠦᠨᠡᠯᠡᠬᠦ᠂ ᠤᠷᠤᠯᠳᠤᠭᠠᠨ ᠢᠶᠠᠷ ᠶᠠᠰᠤ ᠴᠢᠨᠠᠷ ᠢ ᠳᠡᠭᠡᠭᠰᠢᠯᠡᠭᠦᠯᠬᠦ᠂ ᠤᠷᠤᠯᠳᠤᠭᠠᠨ ᠢᠶᠠᠷ ᠦᠷ᠎ᠡ ᠠᠰᠢᠭ ᠢ ᠨᠡᠮᠡᠭᠳᠡᠭᠦᠯᠬᠦ︾ ᠪᠠᠷ ᠭᠤᠣᠯ ᠰᠡᠳᠦᠪ ᠪᠣᠯᠭᠠᠭᠰᠠᠨ ᠲᠣᠭᠠᠵᠢᠭᠤᠯᠤᠭᠰᠠᠨ ᠰᠢᠭᠦᠬᠦ ᠬᠤᠷᠢᠶ᠎ᠠ ᠶᠢᠨ ᠤᠶᠤᠯᠢᠭ ᠬᠡᠷᠡᠭᠯᠡᠭᠡᠨ ᠤ ᠮᠠᠰᠢᠨ ᠳᠤ ᠭᠠᠷᠴᠤ ᠠᠵᠢᠯᠯᠠᠬᠤ ᠤᠷᠤᠯᠳᠤᠭᠠᠨ ᠢ 4 ᠤᠳᠠᠭ᠎ᠠ ᠡᠷᠬᠢᠯᠡᠵᠦ᠂ ᠰᠢᠨ᠎ᠡ ᠬᠤᠳᠠ ᠲᠣᠭᠤᠷᠢᠭ ᠤᠨ ᠰᠢᠭᠦᠬᠦ ᠬᠤᠷᠢᠶ᠎ᠠ᠂ ᠬᠠᠩᠭᠢᠨ ᠬᠤᠰᠢᠭᠤᠨ ᠤ ᠰᠢᠭᠦᠬᠦ ᠬᠤᠷᠢᠶ᠎ᠠ ᠵᠡᠷᠭᠡ ᠠᠬ᠎ᠠ ᠳᠡᠭᠦᠦ ᠰᠢᠭᠦᠬᠦ ᠬᠤᠷᠢᠶ᠎ᠠ ᠶᠢ ᠤᠷᠢᠵᠤ ᠬᠠᠮᠲᠤ ᠪᠠᠷ ᠤᠷᠤᠯᠳᠤᠭᠠᠨ ᠳᠤ ᠣᠷᠣᠯᠴᠠᠭᠤᠯᠵᠤ᠂ ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ ᠬᠡᠷᠡᠭᠯᠡᠭᠡᠨ ᠤ ᠬᠢᠷᠢ ᠬᠡᠮᠵᠢᠶ᠎ᠡ ᠪᠠ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠪᠡ᠃ ᠰᠢᠭᠦᠨ ᠲᠠᠰᠤᠯᠤᠯᠲᠠ ᠶᠢᠨ ᠤᠨᠤᠯ ᠤᠨ ᠰᠤᠳᠤᠯᠭᠠᠨ ᠢ ᠴᠢᠩᠭᠠᠳᠬᠠᠵᠤ᠂ ᠪᠠᠶᠢᠴᠠᠭᠠᠨ ᠰᠤᠳᠤᠯᠤᠯᠲᠠ ᠶᠢᠨ ᠵᠣᠬᠢᠶᠠᠯ ᠪᠢᠴᠢᠵᠦ᠂ ᠡᠯ᠎ᠡ ᠲᠦᠷᠦᠯ ᠤᠨ ᠬᠡᠷᠡᠭ ᠤᠨ ᠵᠢᠱᠢᠶ᠎ᠡ ᠶᠢ ᠵᠠᠳᠠᠯᠬᠤ᠂ ᠪᠠᠶᠢᠴᠠᠭᠠᠨ ᠰᠤᠳᠤᠯᠤᠯᠲᠠ ᠶᠢᠨ ᠥᠭᠦᠯᠡᠯ ᠵᠡᠷᠭᠡ ᠶᠢ 225 ᠬᠤᠪᠢ ᠮᠡᠳᠡᠭᠦᠯᠦᠨ ᠬᠦᠷᠭᠡᠵᠦ᠂ ᠤᠯᠤᠰ ᠤᠨ ᠲᠡᠰ ᠤᠨ ᠨᠣᠮ ᠰᠡᠳᠬᠦᠯ ᠳᠤ 25 ᠬᠤᠪᠢ ᠪᠠᠶᠢᠴᠠᠭᠠᠨ ᠰᠤᠳᠤᠯᠤᠯᠲᠠ ᠶᠢᠨ ᠥᠭᠦᠯᠡᠯ ᠨᠡᠶᠢᠲᠡᠯᠡᠪᠡ᠃ ᠺᠠᠳ᠋ᠷ ᠴᠠᠭᠳᠠᠭ᠎ᠠ ᠶᠢ ᠰᠣᠩᠭᠤᠨ ᠲᠣᠮᠢᠯᠠᠵᠤ ᠤᠯᠤᠰ ᠤᠨ ᠬᠠᠤᠯᠢ ᠶᠢᠨ ᠲᠤᠰᠢᠶᠠᠯᠲᠠᠨ ᠤ ᠳᠡᠭᠡᠳᠦ ᠰᠤᠷᠭᠠᠭᠤᠯᠢ ᠶᠢᠨ ᠪᠣᠯᠪᠠᠰᠤᠷᠠᠯ ᠵᠡᠷᠭᠡ ᠡᠯ᠎ᠡ ᠲᠦᠷᠦᠯ ᠤᠨ ᠪᠣᠯᠪᠠᠰᠤᠷᠠᠯ ᠳᠤ 115 ᠬᠥᠮᠥᠨ ᠤᠳᠠᠭ᠎ᠠ ᠣᠷᠣᠯᠴᠠᠭᠤᠯᠵᠤ᠂ ᠬᠤᠯᠪᠣᠭᠳᠠᠯ ᠪᠦᠬᠦᠢ ᠺᠠᠳ᠋ᠷ ᠴᠠᠭᠳᠠᠭ᠎ᠠ ᠥᠪᠡᠷᠲᠡᠭᠡᠨ ᠵᠠᠰᠠᠬᠤ ᠣᠷᠣᠨ ᠤ ᠰᠢᠭᠦᠬᠦ ᠬᠤᠷᠢᠶᠠᠨ ᠤ ᠰᠢᠰᠲ᠋ᠧᠮ ᠤᠨ ᠠᠵᠢᠯ ᠤᠨ ᠪᠠᠶᠢᠷᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ ᠢ ᠬᠤᠶᠠᠷ᠂ ᠬᠤᠶᠠᠳᠤᠭᠠᠷ ᠳᠡᠰ ᠤᠨ ᠱᠠᠩᠨᠠᠯ ᠢ ᠨᠢᠭᠡ ᠶᠢ ᠬᠦᠷᠲᠡᠵᠦ᠂ ᠪᠦᠬᠦ ᠰᠤᠷᠭᠠᠭᠤᠯᠢ ᠶᠢᠨ ᠬᠡᠪᠴᠢᠶᠡᠨ ᠳᠤ︽ᠠᠳᠠᠯᠢᠳᠬᠠᠬᠤ ᠰᠤᠷᠤᠯᠴᠠᠬᠤ ᠭᠦᠢᠴᠡᠵᠦ ᠳᠠᠪᠠᠭ᠋ᠤ︾ᠠᠭᠤᠷ ᠠᠮᠢᠰᠬᠤᠯ ᠢ ᠪᠤᠢ ᠪᠣᠯᠭᠠᠪᠠ᠃     ᠨᠢᠭᠡ ᠵᠢᠯ ᠤᠨ ᠲᠤᠷᠰᠢ᠂ ᠪᠢᠳᠡ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠭᠦᠨᠵᠡᠭᠡᠢ ᠦᠢᠯᠡᠳᠦᠯᠭᠡᠵᠢᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠢᠨ ᠲᠤᠰᠢᠶᠠᠯᠲᠠᠨ ᠢ ᠵᠣᠬᠢᠶᠠᠨ ᠪᠠᠶᠢᠭᠤᠯᠤᠨ ᠲᠤᠰᠢᠶᠠᠯ ᠤᠨ ᠮᠡᠳᠡᠭᠦᠯᠦᠯᠲᠡ ᠬᠢᠯᠭᠡᠭᠰᠡᠨ ᠪᠥᠭᠡᠳ 8 ᠬᠥᠮᠥᠨ ᠤᠳᠠᠭ᠎ᠠ ᠶᠢᠨ ᠦᠨᠡᠯᠡᠯᠲᠡ ᠶᠢ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠬᠠᠤᠯᠢ ᠴᠠᠭᠠᠵᠠ ᠶᠢᠨ ᠲᠤᠰᠢᠶᠠᠯ ᠳᠤ ᠲᠣᠮᠢᠯᠠᠬᠤ ᠪᠠ ᠪᠠᠭᠤᠯᠭᠠᠬᠤ ᠪᠠᠷ ᠳᠡᠪᠰᠢᠭᠦᠯᠵᠦ᠂ ᠲᠤᠰᠢᠶᠠᠯ ᠳᠤ ᠲᠣᠮᠢᠯᠠᠬᠤ ᠠᠴᠠ ᠡᠮᠦᠨᠡᠬᠢ ᠬᠢᠨᠠᠨ ᠪᠠᠶᠢᠴᠠᠭᠠᠯᠲᠠ ᠪᠠ ᠲᠤᠰᠢᠶᠠᠯ ᠳᠤ ᠲᠣᠮᠢᠯᠠᠭᠰᠠᠨ ᠤ ᠳᠠᠷᠠᠭᠠᠬᠢ ᠬᠢᠨᠠᠯᠲᠠ ᠶᠢ 45 ᠬᠥᠮᠥᠨ ᠤᠳᠠᠭ᠎ᠠ ᠬᠦᠯᠢᠶᠡᠪᠡ᠃ ᠲᠥᠯᠥᠭᠡᠯᠡᠭᠴᠢ ᠭᠡᠰᠢᠭᠦᠳ ᠤᠨ ᠬᠠᠷᠢᠯᠴᠠᠭ᠎ᠠ ᠶᠢ ᠨᠢᠭᠲᠠᠷᠠᠭᠤᠯᠪᠠ᠃ ᠡᠳᠦᠷ ᠲᠤᠳᠤᠮ ᠤᠨ ᠬᠠᠷᠢᠯᠴᠠᠭ᠎ᠠ ᠶᠢ ᠡᠮᠬᠢ ᠵᠢᠷᠤᠮ ᠲᠠᠢ ᠪᠠᠷ ᠥᠷᠨᠢᠭᠦᠯᠵᠦ᠂ ᠲᠥᠯᠥᠭᠡᠯᠡᠭᠴᠢ ᠭᠡᠰᠢᠭᠦᠳ ᠢ ᠤᠷᠢᠵᠤ ᠰᠢᠭᠦᠬᠦ ᠬᠤᠷᠢᠶ᠎ᠠ ᠶᠢ ᠪᠠᠶᠢᠴᠠᠭᠠᠨ ᠦᠵᠡᠭᠦᠯᠵᠦ᠂ ᠭᠦᠢᠴᠡᠳᠬᠡᠬᠦ ᠶᠢ ᠭᠡᠷᠡᠴᠢᠯᠡᠵᠦ᠂ ᠲᠢᠩᠬᠢᠮ ᠤᠨ ᠰᠢᠭᠦᠯᠲᠡ ᠶᠢ ᠰᠤᠯᠠ ᠰᠣᠨᠣᠰᠴᠤ᠂ 430 ᠬᠥᠮᠥᠨ ᠤᠳᠠᠭ᠎ᠠ ᠶᠢᠨ ᠬᠡᠷᠡᠭ ᠢ ᠦᠨᠡᠯᠡᠨ ᠪᠠᠶᠢᠴᠠᠭᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ 2 ᠬᠠᠤᠯᠢ ᠴᠠᠭᠠᠵᠠ ᠶᠢᠨ ᠬᠢᠨᠠᠯᠲᠠ ᠶᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠢ ᠪᠠᠶᠢᠩᠭᠤᠵᠢᠭᠤᠯᠤᠨ ᠤᠷᠢᠵᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠳᠤ ᠰᠤᠯᠠ ᠣᠷᠣᠯᠴᠠᠭᠤᠯᠤᠨ᠎ᠠ᠃ ᠪᠠᠶᠢᠴᠠᠭᠠᠬᠤ ᠳᠠᠷᠤᠭ᠎ᠠ ᠶᠢ ᠤᠷᠢᠵᠤ ᠰᠢᠭᠦᠬᠦ ᠺᠣᠮᠢᠰ ᠲᠤ 6 ᠤᠳᠠᠭ᠎ᠠ ᠰᠤᠯᠠ ᠣᠷᠣᠯᠴᠠᠭᠤᠯᠵᠤ᠂ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠪᠡ᠃ ᠨᠡᠶᠢᠭᠡᠮ ᠤᠨ ᠬᠢᠨᠠᠯᠲᠠ ᠶᠢ ᠥᠷᠭᠡᠨ ᠢᠶᠠᠷ ᠬᠦᠯᠢᠶᠡᠪᠡ᠃ ᠰᠣᠨᠢᠨ ᠮᠡᠳᠡᠭᠡᠨ ᠤ ᠵᠠᠭᠤᠴᠢ ᠯᠤᠭ᠎ᠠ ᠶᠢᠨ ᠬᠤᠷᠰᠢᠯᠴᠠᠭ᠎ᠠ ᠪᠠᠨ ᠠᠷᠠᠳ ᠤᠨ ᠬᠠᠪᠰᠤᠷᠤᠨ ᠰᠢᠭᠦᠭᠴᠢ ᠶᠢ ᠲᠣᠬᠢᠶᠠᠯᠳᠤᠯ ᠢᠶᠠᠷ ᠰᠢᠭᠦᠯᠲᠡ ᠳᠤ ᠣᠷᠣᠯᠴᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠵᠤ᠂ 115 ᠨᠡᠷᠡᠰ ᠠᠷᠠᠳ ᠤᠨ ᠬᠠᠪᠰᠤᠷᠤᠨ ᠰᠢᠭᠦᠭᠴᠢ ᠶᠢ ᠰᠣᠩᠭᠤᠨ ᠲᠣᠮᠢᠯᠠᠵᠤ᠂ 570 ᠬᠤᠪᠢ ᠠᠷᠠᠳ ᠤᠨ ᠬᠠᠪᠰᠤᠷᠤᠨ ᠰᠢᠭᠦᠭᠴᠢ ᠶᠢ ᠤᠷᠢᠵᠤ ᠰᠢᠭᠦᠯᠲᠡ ᠳᠤ ᠣᠷᠣᠯᠴᠠᠭᠤᠯᠵᠤ᠂ ᠡ᠊ᠩ ᠤᠨ ᠵᠢᠷᠤᠮ ᠤᠨ ᠬᠡᠷᠡᠭ ᠤᠨ ᠬᠠᠪᠰᠤᠷᠤᠨ ᠰᠢᠭᠦᠭᠰᠡᠨ ᠨᠤᠷᠮ᠎ᠠ 40.83% ᠳᠤ ᠬᠦᠷᠪᠡ᠃     ᠨᠢᠭᠡ ᠵᠢᠯ ᠤᠨ ᠲᠤᠷᠰᠢ᠂ ᠪᠢᠳᠡ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠢᠷᠠᠭᠤ ᠠᠯᠳᠠᠷ ᠢᠶᠠᠷ ᠳᠦᠭᠦᠷᠡᠩ ᠪᠠᠶᠢᠨ᠎ᠠ᠃ ᠡᠯᠧᠺᠲᠷᠣᠨ ᠪᠢᠴᠢᠭᠡᠴᠢ᠂ ᠲᠣᠭᠤᠷᠢᠭ ᠤᠨ ᠬᠡᠰᠡᠭ ᠤᠨ ᠬᠠᠤᠯᠢᠴᠢ ᠶᠢᠨ ᠪᠠᠶᠢᠴᠠᠭᠠᠯᠲᠠ ᠶᠢᠨ ᠵᠠᠷᠯᠢᠭ᠂ ᠪᠦᠬᠦ ᠬᠡᠯᠬᠢᠶ᠎ᠡ ᠶᠢᠨ ᠡᠯᠧᠮᠧᠨ᠋ᠲ ᠤᠨ ᠬᠡᠯᠪᠡᠷᠢ ᠶᠢᠨ ᠰᠢᠭᠦᠨ ᠲᠠᠰᠤᠯᠤᠯᠲᠠ ᠳᠤ ᠲᠠᠪᠤᠨ ᠵᠦᠢᠯ ᠤᠨ ᠤᠯᠤᠰ ᠤᠨ ᠳᠡᠰ ᠤᠨ ᠢᠷᠠᠭᠤ ᠠᠯᠳᠠᠷ ᠢ ᠬᠦᠷᠲᠡᠵᠦ᠂ ᠳ᠋ᠦᠩᠱᠧᠩ ᠲᠣᠭᠤᠷᠢᠭ ᠤᠨ ᠰᠢᠭᠦᠬᠦ ᠬᠤᠷᠢᠶ᠎ᠠ ᠥᠪᠡᠷᠲᠡᠭᠡᠨ ᠵᠠᠰᠠᠬᠤ ᠣᠷᠣᠨ ᠤ︽ᠵᠠᠷᠭᠤ ᠳᠤ ᠬᠤᠯᠪᠣᠭᠳᠠᠭᠰᠠᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠲᠡᠷᠢᠭᠦᠨ ᠤ ᠬᠠᠮᠲᠤ︾᠂︽ᠭᠦᠢᠴᠡᠳᠬᠡᠬᠦ ᠠᠵᠢᠯ ᠤᠨ ᠲᠡᠷᠢᠭᠦᠨ ᠤ ᠬᠠᠮᠲᠤ︾ ᠪᠠᠷ ᠦᠨᠡᠯᠡᠭᠳᠡᠵᠦ᠂ 17 ᠬᠠᠮᠲᠤ ᠪᠠ 29 ᠺᠠᠳ᠋ᠷ ᠴᠠᠭᠳᠠᠭ᠎ᠠ ᠬᠤᠲᠠ ᠶᠢᠨ ᠳᠡᠰ ᠠᠴᠠ ᠳᠡᠭᠡᠭᠰᠢᠬᠢ ᠬᠥᠬᠢᠭᠦᠯᠦᠯ ᠰᠠᠶᠢᠰᠢᠶᠠᠯ ᠢ ᠬᠦᠷᠳᠡᠪᠡ᠃ ᠡᠳᠡᠭᠡᠷ ᠠᠮᠵᠢᠯᠲᠠ ᠶᠢ ᠣᠯᠣᠭᠰᠠᠨ ᠨᠢ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ᠂ ᠳ᠋ᠦᠩᠱᠧᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠦᠴᠦᠲᠡᠢ ᠬᠢᠨᠠᠯᠲᠠ᠂ ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ᠂ ᠨᠡᠶᠢᠭᠡᠮ ᠤᠨ ᠡᠯ᠎ᠡ ᠡᠲᠡᠭᠡᠳ ᠤᠨ ᠬᠢᠨ ᠬᠠᠯᠠᠮᠵᠢᠯᠠᠨ ᠳᠡᠮᠵᠢᠭᠰᠡᠨ ᠤ ᠦᠷ᠎ᠡ ᠳ᠋ᠦᠩ ᠪᠣᠯᠣᠨ᠎ᠠ᠃ ᠡ᠊ᠨᠳᠡ ᠪᠢ ᠳ᠋ᠦᠩᠱᠧᠩ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠶᠢ ᠲᠥᠯᠥᠭᠡᠯᠡᠨ ᠲᠠ ᠪᠦᠬᠦᠨ ᠳᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕     ᠡᠭᠦᠨ ᠤ ᠵᠡᠷᠭᠡᠴᠡᠭᠡᠪᠡᠷ᠂ ᠨᠠᠮ ᠪᠠ ᠠᠷᠠᠳ ᠲᠦᠮᠡᠨ ᠤ ᠰᠢᠨ᠎ᠡ ᠬᠦᠰᠡᠯ ᠡᠷᠡᠮᠡᠯᠵᠡᠯ ᠲᠠᠢ ᠬᠠᠷᠢᠴᠠᠭᠤᠯᠪᠠᠯ᠂ ᠰᠢᠭᠦᠬᠦ ᠬᠤᠷᠢᠶᠠᠨ ᠤ ᠠᠵᠢᠯ ᠳᠤ ᠪᠠᠰᠠ ᠡᠳᠦᠢ ᠲᠡᠳᠦᠢ ᠠᠰᠠᠭᠤᠳᠠᠯ ᠣᠷᠣᠰᠢᠵᠤ ᠪᠠᠶᠢᠬᠤ ᠶᠢ ᠪᠢᠳᠡ ᠭᠦᠨᠵᠡᠭᠡᠢ ᠲᠠᠨᠢᠵᠤ ᠣᠯᠵᠠᠢ᠄ ᠨᠢᠭᠡ ᠳᠤ ᠶᠡᠭᠡ ᠲᠠᠯ᠎ᠠ ᠳᠤ ᠦᠢᠯᠡᠴᠢᠯᠡᠬᠦ᠂ ᠠᠷᠠᠳ ᠲᠦᠮᠡᠨ ᠤ ᠲᠥᠯᠥᠭᠡ ᠬᠠᠤᠯᠢ ᠪᠠᠷᠢᠬᠤ ᠠᠵᠢᠯ ᠤᠨ ᠠᠷᠭ᠎ᠠ ᠬᠡᠮᠵᠢᠶ᠎ᠡ ᠪᠠᠰᠠ ᠨᠠᠷᠢᠯᠢᠭ ᠣᠨᠣᠴᠠᠲᠠᠢ ᠪᠢᠰᠢ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠴᠢᠬᠤᠯᠠᠲᠠᠢ ᠪᠠᠶᠢᠨ᠎ᠠ᠃ ᠬᠤᠶᠠᠷ ᠲᠤ ᠰᠢᠭᠦᠬᠦ ᠬᠤᠷᠢᠶᠠᠨ ᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠬᠡᠷᠡᠭᠯᠡᠯᠲᠡ ᠶᠢᠨ ᠬᠡᠮᠵᠢᠶ᠎ᠡ ᠲᠡᠶᠢᠮᠦ ᠭᠦᠨᠵᠡᠭᠡᠢ ᠪᠢᠰᠢ ᠪᠠᠶᠢᠵᠤ᠂ ᠰᠢᠭᠦᠯᠲᠡ ᠶᠢᠨ ᠭᠦᠢᠴᠡᠳᠬᠡᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠭᠤᠷᠪᠠ ᠳᠤ᠂ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠰᠢᠭᠦᠬᠦ ᠬᠤᠷᠢᠶ᠎ᠠ ᠶᠢ ᠴᠢᠩᠭ᠎ᠠ ᠵᠠᠰᠠᠬᠤ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠪᠠᠶᠢᠵᠤ᠂ ᠡᠩᠨᠡᠭᠡᠨ ᠤ ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠬᠤ ᠴᠢᠬᠤᠯᠠᠲᠠᠢ ᠪᠠᠶᠢᠨ᠎ᠠ᠃ ᠡᠭᠦᠨ ᠤ ᠲᠤᠬᠠᠢ ᠪᠢᠳᠡ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ ᠰᠢᠢᠳᠪᠦᠷᠢᠯᠡᠨ᠎ᠡ᠃    2025 ᠣᠨ ᠤ ᠠᠵᠢᠯ ᠤᠨ ᠲᠣᠬᠢᠷᠠᠭᠤᠯᠤᠯᠲᠠ    ᠤᠷᠢᠬᠠᠨ ᠰᠠᠯᠬᠢ ᠲᠦᠮᠡᠨ ᠭᠠᠵᠠᠷ ᠤᠨ ᠠᠯᠤᠰ ᠤᠨ ᠠᠶᠠᠨ ᠳᠤ᠂ ᠡᠭᠦᠯᠡᠨ ᠳᠠᠷᠪᠠᠭᠤᠯ ᠥᠨᠳᠥᠷ ᠲᠤ ᠳᠡᠭᠦᠯᠢᠨ ᠰᠢᠨ᠎ᠡ ᠠᠶᠠᠨ ᠢᠶᠠᠨ ᠡᠬᠢᠯᠡᠭᠦᠯᠦᠯ᠎ᠡ᠃ 2025 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠳᠠᠭᠤᠰᠬᠠᠬᠤ ᠵᠢᠯ ᠮᠥᠨ᠂ ᠪᠠᠰᠠ ᠴᠤ ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢ ᠲᠥᠯᠥᠪᠵᠢᠭᠦᠯᠬᠦ ᠵᠢᠯ ᠮᠥᠨ᠃ ᠳ᠋ᠦᠩᠱᠧᠩ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠪᠠᠷ ᠵᠢᠯᠣᠭᠤᠳᠤᠯᠭ᠎ᠠ ᠪᠣᠯᠭᠠᠬᠤ  ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ︽ᠬᠠᠤᠯᠢ ᠴᠠᠭᠠᠵᠠ ᠶᠢᠨ ᠬᠡᠷᠡᠭ ᠪᠣᠯᠭᠠᠨ ᠠᠴᠠ ᠠᠷᠠᠳ ᠤᠯᠠᠨ ᠳᠤ ᠲᠥᠪ ᠭᠤᠣᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠠᠷ ᠴᠢᠷᠮᠠᠶᠢᠬᠤ︾ ᠡᠨᠡᠬᠦ ᠬᠠᠷᠠᠯᠲᠠ ᠶᠢᠨ ᠲᠣᠭᠤᠷᠢᠨ ᠳᠤ᠂︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠰᠣᠶᠣᠯ ᠢᠶᠠᠷ ᠰᠦᠭ ᠰᠦᠨᠡᠰᠦ ᠶᠢ ᠱᠤᠭᠤᠬᠤ᠂ ᠲᠣᠭᠠᠴᠢᠯᠠᠭᠰᠠᠨ ᠴᠢᠳᠠᠪᠤᠷᠢ ᠶᠢ ᠣᠯᠭᠤᠬᠤ᠂ ᠬᠢᠨᠠᠨ ᠬᠠᠮᠢᠶᠠᠷᠴᠤ ᠰᠠᠭᠤᠷᠢ ᠶᠢ ᠪᠠᠲᠤᠳᠬᠠᠬᠤ︾ᠶᠡᠷᠦᠩᠬᠡᠢ ᠠᠵᠢᠯ ᠤᠨ ᠰᠡᠳᠬᠢᠴᠡ ᠶᠢ ᠪᠠᠷᠢᠮᠲᠠᠯᠠᠵᠤ᠂ ᠠᠮᠵᠢᠯᠲᠠ ᠪᠦᠲᠦᠮᠵᠢ ᠣᠯᠬᠤ ᠳᠤ ᠯᠠᠪᠲᠠᠢ ᠮᠢᠨᠤ ᠲᠡᠮᠡᠴᠡᠯ ᠤᠨ ᠪᠠᠶᠢᠳᠠᠯ᠂ ᠠᠯᠭᠤᠷᠯᠠᠵᠤ ᠪᠣᠯᠣᠰᠢ ᠦᠭᠡᠢ ᠳᠠᠭᠠᠷᠢᠯᠲᠠ ᠶᠢᠨ ᠳᠦᠷᠢ ᠪᠠᠶᠢᠳᠠᠯ ᠢᠶᠠᠷ ᠳ᠋ᠦᠩᠱᠧᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠬᠠᠤᠯᠢᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠢ᠃     ᠨᠢᠭᠡ ᠳᠤ ᠦᠨᠡᠨᠴᠢ ᠰᠢᠳᠤᠷᠭᠤ ᠪᠠᠶᠢᠬᠤ ᠶᠢ ᠡᠷᠬᠢᠮᠯᠡᠵᠦ᠂ ᠰᠤᠷᠭᠠᠨ ᠬᠥᠮᠦᠵᠢᠯ ᠢ ᠴᠢᠬᠤᠯᠠᠴᠢᠯᠠᠵᠤ᠂ ᠤᠯᠤᠰ ᠲᠦᠷᠦ ᠶᠢᠨ ᠢᠲᠡᠭᠡᠯ ᠵᠣᠷᠢᠭ ᠢ ᠭᠤᠶᠢᠪᠢᠰᠢ ᠦᠭᠡᠢ ᠪᠠᠷᠢᠮᠲᠠᠯᠠᠵᠤ᠂ ᠴᠤᠴᠠᠯᠲᠠ ᠦᠭᠡᠢ ᠪᠠᠷᠢᠮᠲᠠᠯᠠᠨ᠎ᠠ᠃ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠣᠨᠣᠯ ᠤᠨ ᠰᠢᠨ᠎ᠡ ᠡᠭᠦᠳᠦᠯᠲᠡ ᠪᠠᠷ ᠰᠡᠳᠬᠢᠯ ᠢᠶᠠᠨ ᠨᠢᠭᠲᠠᠷᠠᠭᠤᠯᠵᠤ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ  ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠨᠢ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠤᠯᠢ ᠪᠠᠷᠢᠬᠤ ᠦᠢᠯᠡᠳᠦᠯᠭᠡ ᠶᠢᠨ ᠳᠤᠮᠳᠠ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠰᠢ ᠶᠢᠨ ᠫᠢᠩ  ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠦᠬᠦ ᠶᠠᠪᠤᠴᠠ ᠳᠤ ᠨᠡᠩ ᠤᠬᠠᠮᠰᠠᠷ ᠠᠴᠠ ᠪᠠᠨ ᠠᠭᠤᠰᠬᠠᠵᠤ᠂ ᠨᠠᠮ ᠤᠨ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠪᠠ ᠦᠨᠳᠦᠰᠦᠨ ᠬᠠᠤᠯᠢ ᠬᠠᠤᠯᠢ ᠴᠠᠭᠠᠵᠠ ᠶᠢᠨ ᠵᠥᠪ ᠣᠨᠣᠪᠴᠢᠲᠠᠢ ᠨᠢᠭᠡᠳᠦᠯᠲᠡᠢ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠪᠠ᠃     ᠬᠤᠶᠠᠷ ᠲᠤ ᠭᠤᠣᠯ ᠬᠠᠷᠢᠭᠤᠴᠠᠯᠭ᠎ᠠ ᠶᠢ ᠡᠭᠦᠷᠭᠡᠯᠡᠨ᠂ ᠭᠤᠣᠯ ᠠᠵᠢᠯ ᠢᠶᠠᠨ ᠰᠢᠯᠢᠳᠡᠭᠵᠢᠭᠦᠯᠵᠦ᠂ ᠲᠤᠬᠠᠶᠢᠯᠠᠭᠰᠠᠨ ᠠᠵᠢᠯ ᠢᠶᠠᠨ ᠲᠡᠭᠦᠰ ᠰᠠᠶᠢᠨ ᠬᠢᠵᠦ᠂ ᠪᠦᠬᠦ ᠬᠦᠴᠦᠨ ᠢᠶᠠᠷ ᠢᠶᠠᠨ ᠴᠢᠷᠮᠠᠶᠢᠬᠤ ᠬᠡᠷᠡᠭᠲᠡᠢ᠃ ᠠᠷᠠᠳ ᠤᠨ ᠰᠢᠭᠦᠬᠦ ᠲᠢᠩᠬᠢᠮ ᠤᠨ ︽ᠳᠥᠷᠪᠡᠨ ᠭᠠᠵᠠᠷ ᠨᠢᠭᠡ ᠲᠢᠩᠬᠢᠮ︾ ᠤᠨ ᠳᠤᠮᠳᠠᠬᠢ ︽ᠰᠠᠭᠤᠷᠢ ᠴᠢᠯᠠᠭᠤ︾ ᠶᠢᠨ ᠦᠢᠯᠡᠳᠦᠯ ᠢ ᠪᠠᠳᠠᠷᠠᠭᠤᠯᠵᠤ᠂ ᠤᠷᠢᠳᠴᠢᠯᠠᠨ ᠦᠢᠯᠡᠴᠢᠯᠡᠬᠦ ᠶᠢ ᠪᠣᠳᠠᠲᠠᠶᠢᠵᠢᠭᠤᠯᠤᠨ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠮᠥᠨ ᠴᠢᠨᠠᠷ ᠤᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ︽ᠹᠧᠩᠴᠢᠶᠤᠤ ᠮᠠᠶ᠋ᠢᠭ ᠤᠨ ᠠᠷᠠᠳ ᠤᠨ ᠰᠢᠭᠦᠬᠦ ᠲᠢᠩᠬᠢᠮ︾ ᠢ ᠡᠭᠦᠳᠦᠨ ᠪᠠᠶᠢᠭᠤᠯᠬᠤ ᠠᠵᠢᠯ ᠢ ᠲᠦᠯᠬᠢᠨ ᠠᠬᠢᠭᠤᠯᠤᠨ᠎ᠠ᠃ ᠰᠦᠯᠵᠢᠶᠡᠨ ᠳᠡᠭᠡᠷ᠎ᠡ ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾᠂ ᠰᠦᠯᠵᠢᠶᠡᠨ ᠭᠠᠳᠠᠨ᠎ᠠ ︽ᠨᠢᠭᠡ ᠦᠷᠳᠡᠭᠡ ᠳᠤ ᠦᠢᠯᠡᠴᠢᠯᠡᠬᠦ︾ ᠵᠠᠷᠭᠤ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠬᠤ ᠠᠵᠢᠯ ᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠵᠠᠷᠭᠤ ᠶᠢᠨ ᠲᠤᠬᠠᠢ ᠶᠢᠨ ᠬᠥᠮᠥᠨ ᠤ ︽ᠠᠷᠠᠳ ᠤᠨ ᠰᠢᠭᠦᠬᠦ ᠬᠤᠷᠢᠶᠠᠨ ᠤ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠠᠪᠴᠠᠩ︾ ᠢᠶᠠᠷ ᠳᠠᠮᠵᠢᠭᠤᠯᠤᠨ ᠡᠯ᠎ᠡ ᠵᠦᠢᠯ ᠤᠨ ᠬᠡᠷᠡᠭ ᠶᠠᠪᠤᠳᠠᠯ ᠢ ᠰᠦᠯᠵᠢᠶᠡᠨ ᠳᠡᠭᠡᠷ᠎ᠡ ᠰᠢᠢᠳᠪᠦᠷᠢᠯᠡᠬᠦ ᠶᠢ ᠬᠥᠲᠥᠯᠥᠨ ᠵᠢᠯᠤᠭᠤᠳᠴᠤ ᠵᠣᠷᠢᠭᠵᠢᠭᠤᠯᠤᠨ᠎ᠠ᠃ ᠭᠦᠢᠴᠡᠳᠬᠡᠬᠦ ᠳᠤ ᠪᠡᠷᠬᠡᠲᠡᠢ ᠪᠠᠶᠢᠬᠤ ᠶᠢ ᠶᠡᠷᠦᠩᠬᠡᠶᠢᠯᠡᠨ ᠵᠠᠰᠠᠬᠤ ᠠᠵᠢᠯ ᠤᠨ ᠶᠡᠭᠡ ᠪᠠᠶᠢᠷᠢᠰᠢᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠵᠡᠭᠦᠨ ᠹᠷᠠᠨᠼᠢ ᠶᠢᠨ ᠯᠠᠶᠢᠮᠤᠤᠷᠴᠤᠳ︾ ᠤᠨ 3.0 ᠬᠡᠪᠯᠡᠯ ᠤᠨ ᠲᠥᠪᠯᠡᠷᠡᠭᠦᠯᠦᠨ ᠭᠦᠢᠴᠡᠳᠬᠡᠬᠦ ᠠᠵᠢᠯᠯᠠᠭ᠎ᠠ ᠶᠢ ᠲᠡᠰ ᠳᠡᠪᠰᠢᠭᠦᠯᠵᠦ᠂ ︽ᠭᠦᠢᠴᠡᠳᠬᠡᠬᠦ110︾ ᠠᠵᠢᠯ ᠤᠨ ᠦᠷ᠎ᠡ ᠪᠦᠲᠦᠮᠵᠢ ᠶᠢ ᠰᠢᠯᠢᠳᠡᠭᠵᠢᠭᠦᠯᠵᠦ᠂ ᠭᠦᠢᠴᠡᠳᠬᠡᠬᠦ ᠳᠤ ᠬᠦᠴᠢᠷᠲᠡᠢ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢ ᠲᠦᠯᠬᠢᠨ ᠠᠬᠢᠭᠤᠯᠪᠠ᠃      ᠭᠤᠷᠪᠠ ᠳᠤ᠂ ᠥᠭᠡᠷᠡᠴᠢᠯᠡᠯᠲᠡ ᠶᠢ ᠠᠬᠢᠭᠤᠯᠵᠤ᠂ ᠰᠢᠨ᠎ᠡ ᠶᠢ ᠡᠭᠦᠳᠬᠦ ᠶᠢ ᠡᠷᠢᠯᠬᠢᠯᠡᠵᠦ᠂ ᠬᠠᠤᠯᠢ ᠴᠠᠭᠠᠵᠠ ᠶᠢᠨ ᠥᠭᠡᠷᠡᠴᠢᠯᠡᠯᠲᠡ ᠶᠢ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠡᠶᠡᠯᠡᠭᠦᠯᠵᠦ᠂ ᠰᠢᠨᠲᠠᠷᠠᠰᠢ ᠦᠭᠡᠢ ᠴᠢᠷᠮᠠᠶᠢᠪᠠ᠃ ︽ᠠᠷᠠᠳ ᠤᠨ ᠰᠢᠭᠦᠬᠦ ᠬᠤᠷᠢᠶᠠᠨ ᠤ ᠵᠢᠷᠭᠤᠳᠤᠭᠠᠷ ᠲᠠᠪᠤᠨ ᠵᠢᠯ ᠤᠨ ᠥᠭᠡᠷᠡᠴᠢᠯᠡᠯᠲᠡ ᠶᠢᠨ ᠲᠣᠪᠴᠢ ︵2024 - 2028 ᠣᠨ︶︾ ᠪᠠᠷ ᠡᠬᠡ ᠳᠡᠪᠲᠡᠷ ᠪᠣᠯᠭᠠᠵᠤ᠂ ᠵᠢᠷᠭᠤᠭᠠᠨ ᠵᠢᠭᠦᠷ ᠭᠤᠷᠪᠠᠨ ᠲᠥᠪ ᠢ ᠨᠢᠭᠡ ᠴᠣᠭᠴᠠᠵᠢᠭᠤᠯᠤᠭᠰᠠᠨ ᠬᠢᠨᠠᠨ ᠭᠦᠢᠴᠡᠳᠬᠡᠬᠦ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠨᠡᠩ ᠨᠠᠷᠢᠯᠢᠭ ᠣᠨᠣᠴᠠᠲᠠᠢ ᠲᠤᠰᠬᠠᠢ ᠮᠡᠷᠭᠡᠵᠢᠯ ᠤᠨ ᠬᠠᠤᠯᠢ ᠪᠠᠷᠢᠬᠤ ᠦᠢᠯᠡᠴᠢᠯᠡᠭᠡ ᠬᠠᠩᠭᠠᠨ᠎ᠠ᠃ ᠬᠠᠤᠯᠢ ᠲᠣᠭᠲᠠᠭᠠᠬᠤ ᠰᠢᠭᠦᠬᠦ ᠭᠦᠢᠴᠡᠳᠬᠡᠬᠦ ᠰᠤᠷᠪᠤᠯᠵᠢᠯᠠᠬᠤ ᠶᠢ ᠨᠢᠭᠡ ᠴᠣᠭᠴᠠᠵᠢᠭᠤᠯᠬᠤ ᠠᠵᠢᠯ ᠢ ᠲᠦᠯᠬᠢᠨ ᠠᠬᠢᠭᠤᠯᠵᠤ᠂ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷᠠᠬᠢ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮ ᠳᠤ ᠨᠡᠩ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠵᠥᠷᠢᠴᠡᠯ ᠵᠢᠭᠤᠷᠠᠯᠳᠤᠭᠠᠨ ᠢ ᠦᠨᠡᠨ ᠪᠣᠳᠠᠲᠠᠢ ᠪᠠᠷ ᠰᠢᠢᠳᠪᠦᠷᠢᠯᠡᠬᠦ ᠶᠢ ᠠᠬᠢᠭᠤᠯᠤᠨ᠎ᠠ᠃ ᠲᠣᠭᠠᠴᠠᠯᠠᠨ ᠡᠨᠧᠷᠭᠢ ᠣᠯᠭᠤᠬᠤ ᠶᠢ ᠪᠠᠷᠢᠮᠲᠠᠯᠠᠵᠤ᠂ ᠡᠯᠧᠮᠧᠨ᠋ᠲ ᠤᠨ ᠬᠡᠯᠪᠡᠷᠢ ᠶᠢᠨ ᠰᠢᠭᠦᠨ ᠲᠠᠰᠤᠯᠤᠯᠲᠠ᠂ ᠡᠯᠧᠺᠲᠷᠣᠨ ᠪᠢᠴᠢᠭᠡᠴᠢ ᠵᠡᠷᠭᠡ ᠤᠶᠤᠯᠢᠭ ᠲᠤᠰᠠᠯᠠᠬᠤ ᠰᠢᠰᠲ᠋ᠧᠮ ᠢ ᠳᠡᠯᠭᠡᠷᠡᠭᠦᠯᠦᠨ ᠬᠡᠷᠡᠭᠯᠡᠬᠦ ᠡᠷᠴᠢᠮ ᠢ ᠴᠢᠩᠭᠠᠷᠠᠭᠤᠯᠵᠤ᠂ ᠲᠣᠭᠠᠵᠢᠭᠤᠯᠤᠭᠰᠠᠨ ᠮᠡᠳᠡᠭᠡ ᠵᠠᠩᠭᠢᠵᠢᠯᠲᠠ ᠬᠢᠭᠡᠳ ᠰᠢᠭᠦᠨ ᠲᠠᠰᠤᠯᠬᠤ ᠭᠦᠢᠴᠡᠳᠬᠡᠬᠦ ᠠᠵᠢᠯ ᠤᠨ ᠭᠦᠨᠵᠡᠭᠡᠢ ᠠᠭᠤᠰᠤᠯᠴᠠᠯ ᠢ ᠲᠦᠯᠬᠢᠨ ᠠᠬᠢᠭᠤᠯᠤᠨ᠎ᠠ᠃     ᠳᠥᠷᠪᠡ ᠳᠤ ᠦᠨᠳᠦᠰᠦᠨ ᠵᠦᠢᠯ ᠢ ᠴᠢᠩᠭᠠᠳᠬᠠᠨ᠂ ᠬᠡᠪ ᠴᠢᠨᠠᠷ ᠢ ᠳᠡᠭᠡᠭᠰᠢᠯᠡᠭᠦᠯᠵᠦ᠂ ᠡᠩᠨᠡᠭᠡᠨ ᠤ ᠪᠠᠶᠢᠭᠤᠯᠤᠯᠲᠠ ᠶᠢ ᠪᠠᠶᠢᠩᠭᠤ ᠠᠳᠬᠤᠨ ᠪᠠᠶᠢᠩᠭᠤ ᠰᠢᠨᠡᠳᠬᠡᠵᠦ᠂ ᠴᠢᠩᠭ᠎ᠠ ᠪᠥᠭᠡᠳ ᠪᠣᠳᠠᠲᠠᠢ ᠬᠢᠬᠦ ᠬᠡᠷᠡᠭᠲᠡᠢ᠃ ᠬᠠᠤᠯᠢ ᠪᠠᠷᠢᠬᠤ ᠴᠢᠳᠠᠪᠤᠷᠢ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠰᠤᠳᠤᠯᠤᠨ ᠶᠠᠷᠢᠯᠴᠠᠬᠤ᠂ ᠲᠢᠩᠬᠢᠮ ᠤᠨ ᠰᠢᠭᠦᠯᠲᠡ ᠶᠢᠨ ᠲᠣᠭᠤᠷᠢᠨ ᠦᠵᠡᠵᠦ ᠦᠨᠡᠯᠡᠯᠲᠡ ᠬᠢᠬᠦ᠂ ᠭᠦᠢᠴᠡᠳᠬᠡᠬᠦ ᠠᠵᠢᠯᠯᠠᠭ᠎ᠠ ᠶᠢᠨ ︽ᠳᠠᠬᠢᠨ ᠪᠦᠷᠢᠳᠬᠡᠬᠦ︾ ᠵᠡᠷᠭᠡ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠰᠢᠭᠦᠬᠦ ᠬᠤᠷᠢᠶᠠᠨ ᠤ ᠡᠩᠨᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠪᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠴᠢᠩᠭ᠎ᠠ ᠬᠦᠭ ᠠᠶᠠᠰ ᠢ ᠲᠤᠤᠱᠲᠠᠢ ᠲᠤᠤᠱᠲᠠᠢ ᠪᠠᠶᠢᠯᠭᠠᠬᠤ ᠶᠢ ᠠᠬᠢᠭᠤᠯᠵᠤ᠂ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢ ᠴᠢᠩᠳᠠᠯᠠᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ᠂ ᠢᠯᠵᠢᠷᠠᠬᠤ ᠵᠣᠷᠢᠭ ᠦᠭᠡᠢ᠂ ᠢᠯᠵᠢᠷᠡᠵᠦ ᠳᠡᠶᠢᠯᠬᠦ ᠦᠭᠡᠢ᠂ ᠢᠯᠵᠢᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠨᠠᠮ ᠪᠣᠯᠣᠨ ᠠᠷᠠᠳ ᠲᠦᠮᠡᠨ ᠤ ᠢᠲᠡᠭᠡᠯ ᠲᠠᠢ᠂ ᠨᠠᠶᠢᠳᠠᠪᠤᠷᠢᠲᠠᠢ᠂ ᠰᠠᠨᠠᠭ᠎ᠠ ᠠᠮᠤᠷ ᠪᠠᠶᠢᠬᠤ ᠶᠢ ᠪᠠᠲᠤᠯᠠᠬᠤ ᠬᠡᠷᠡᠭᠲᠡᠢ᠃ ᠬᠢᠨᠠᠯᠲᠠ ᠶᠢ ᠬᠦᠯᠢᠶᠡᠬᠦ ᠠᠷᠭ᠎ᠠ ᠵᠠᠮ ᠪᠠ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠲᠥᠯᠥᠭᠡᠯᠡᠭᠴᠢ ᠭᠡᠰᠢᠭᠦᠳ ᠲᠠᠢ ᠬᠠᠷᠢᠯᠴᠠᠬᠤ ᠠᠵᠢᠯ ᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠶᠢ ᠨᠡᠩ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠪᠠᠷ ᠬᠦᠯᠢᠶᠡᠵᠦ᠂ ᠰᠢᠭᠦᠬᠦ ᠬᠤᠷᠢᠶᠠᠨ ᠤ ᠠᠵᠢᠯ ᠤᠨ ᠰᠢᠨ᠎ᠡ ᠬᠥᠭᠵᠢᠯᠲᠡ ᠶᠢ ᠲᠠᠰᠤᠷᠠᠯᠲᠠ ᠦᠭᠡᠢ ᠲᠦᠯᠬᠢᠨ ᠠᠬᠢᠭᠤᠯᠤᠨ᠎ᠠ᠃     ᠲᠥᠯᠥᠭᠡᠯᠡᠭᠴᠢᠳ ᠠ᠋᠂ ᠢᠯᠠᠯᠲᠠ ᠶᠢᠨ ᠳᠠᠭᠤᠤ ᠶᠢ ᠳᠠᠭᠤᠯᠠᠨ ᠠᠶᠠᠯᠠᠬᠤᠶ᠎ᠠ᠂ ᠠᠭᠤᠯᠠ ᠳᠠᠯᠠᠢ ᠪᠠᠷ ᠠᠯᠤᠰ ᠢ ᠵᠣᠷᠢᠬᠤ ᠦᠭᠡᠢ︔ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠬᠤ ᠳᠤ ᠨᠠᠷᠠ ᠰᠠᠷᠠ ᠪᠠᠷ ᠬᠢᠵᠠᠭᠠᠷᠯᠠᠭᠳᠠᠬᠤ ᠦᠭᠡᠢ᠃ ᠰᠢᠨ᠎ᠡ ᠠᠶᠠᠨ ᠵᠠᠮ ᠳᠤ᠂ ᠳ᠋ᠦᠩᠱᠧᠩ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ︽ᠬᠠᠤᠯᠢ ᠶᠢᠨ ᠳᠣᠬᠢᠭᠤᠷ ᠢ ᠪᠠᠷᠢᠬᠤ ᠳᠤ ᠵᠠᠪᠠᠯ ᠮᠢᠩᠭᠠᠨ ᠪᠣᠳᠣᠯᠬᠢᠯᠠᠯ ᠬᠡᠷᠡᠭᠰᠡᠵᠦ᠂ ᠰᠢᠳᠤᠷᠭᠤ ᠶᠣᠰᠣ ᠪᠠᠷ ᠲᠦᠮᠡᠨ ᠰᠢᠯᠭᠠᠯᠲᠠ ᠶᠢ ᠥᠩᠭᠡᠷᠡᠭᠦᠯᠬᠦ︾ ᠵᠣᠷᠢᠭ ᠰᠠᠨᠠᠭ᠎ᠠ ᠪᠠᠷ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ︽ᠶᠢᠰᠦᠨ ᠬᠤᠪᠢ ᠶᠢᠨ ᠨᠠᠶᠢᠳᠠᠪᠤᠷᠢᠵᠢᠭᠤᠯᠤᠯᠲᠠ︾ ᠶᠢ ᠴᠢᠩᠭ᠎ᠠ ᠠᠳᠬᠤᠵᠤ᠂ ᠳ᠋ᠦᠩᠱᠧᠩ ᠲᠣᠭᠤᠷᠢᠭ ᠤᠨ ︽ᠭᠤᠷᠪᠠᠨ ᠣᠷᠣᠨ ᠲᠦᠷᠪᠡᠨ ᠬᠤᠳᠠ︾ ᠶᠢᠨ ᠪᠦᠲᠦᠭᠡᠨ ᠪᠠᠶᠢᠭᠤᠯᠤᠯᠲᠠ ᠶᠢ ᠬᠠᠮᠠᠭᠠᠯᠠᠵᠤ᠂ ᠬᠤᠳᠠ ᠶᠢ ᠳᠤᠯᠠᠭᠠᠯᠠᠵᠤ ᠴᠢᠳᠠᠮᠠᠭᠠᠢ ᠪᠠᠷ ᠵᠠᠰᠠᠬᠤ ᠳᠤ ᠳᠣᠷᠣᠨᠠᠳᠠᠬᠢᠨ ᠤ ᠬᠠᠤᠯᠢ ᠶᠢᠨ ᠬᠦᠴᠦᠨ ᠢ ᠨᠡᠮᠡᠷᠢᠯᠡᠨ᠎ᠡ︕  
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ