2025 ᠣᠨ ᠤ ᠳ᠋ᠦᠩᠱᠧᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ
ᠨᠡᠶᠢᠲᠡᠯᠡᠭᠰᠡᠨ ᠴᠠᠭ᠄
2025/1/24
     2025 ᠣᠨ ᠤ 1 ᠳ᠋ᠤᠭᠡᠷ ᠰᠠᠷ᠎ᠠ ᠶᠢᠨ 15 ᠤ ᠡᠳᠦᠷ ᠤᠨ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ  ᠬᠤᠷᠠᠯ ᠤᠨ ᠳᠦᠷᠪᠡᠳᠦᠭᠡᠷ ᠤᠳᠠᠭᠠᠨ ᠤ ᠬᠤᠷᠠᠯᠳᠤᠭᠠᠨ ᠳᠡᠭᠡᠷ᠎ᠡ                         ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ                         ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ     ᠵᠢᠢ ᠫᠢᠩᠲᠥᠯᠥᠭᠡᠯᠡᠭᠴᠢᠳ ᠠ᠋᠄     ᠡᠳᠦᠭᠡ ᠪᠢ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ ᠶᠡᠭᠡ ᠬᠤᠷᠠᠯ ᠳᠤ ᠠᠵᠢᠯ ᠤᠨ ᠮᠡᠳᠡᠬᠦᠯᠦᠯᠳᠡ ᠬᠢᠶ᠎ᠡ᠂ ᠬᠢᠨᠠᠨ ᠵᠦᠪᠯᠡᠬᠦ ᠪᠣᠯᠪᠠᠤ᠃    ᠥᠩᠭᠡᠷᠡᠭᠰᠡᠨ ᠨᠢᠭᠡ ᠵᠢᠯ ᠤᠨ ᠭᠤᠣᠯ ᠠᠵᠢᠯ     2024 ᠣᠨ ᠪᠣᠯ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠪᠠᠶᠢᠭᠤᠯᠤᠭᠳᠠᠭᠰᠠᠨ 70 ᠵᠢᠯ ᠤᠨ ᠤᠢ ᠪᠣᠯᠣᠨ᠎ᠠ᠂ ᠮᠥᠨᠴᠦ ᠪᠦᠬᠦ ᠲᠤᠭᠤᠷᠢᠭ ᠢᠶᠠᠷ ᠢᠶᠠᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ︽ᠭᠤᠷᠪᠠᠨ ᠲᠤᠭᠤᠷᠢᠭ ᠲᠦᠷᠪᠡᠨ ᠬᠤᠳᠠ︾ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠦ ᠡᠷᠡᠯᠬᠡᠭᠯᠡᠨ ᠤᠷᠤᠭᠰᠢᠯᠠᠭᠰᠠᠨ ᠨᠢᠭᠡ ᠵᠢᠯ ᠪᠣᠯᠣᠨ᠎ᠠ᠃ ᠨᠢᠭᠡ ᠵᠢᠯ ᠤᠨ ᠲᠤᠷᠰᠢ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠦᠨᠡᠨᠴᠢ ᠰᠢᠳᠤᠷᠭᠤ ᠪᠠᠷ ᠬᠡᠷᠡᠭᠵᠢᠭᠦᠯᠵᠦ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠬᠢᠨᠠᠯᠲᠠ ᠲᠠᠯᠪᠢᠬᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ᠂ ᠲᠥᠯᠥᠭᠡᠯᠡᠭᠴᠢ ᠶᠢᠨ ᠠᠵᠢᠯ ᠤᠨ ᠪᠣᠳᠠᠲᠤ ᠦᠷ᠎ᠡ ᠪᠦᠲᠦᠮᠵᠢ᠂ ︽ᠲᠦᠷᠪᠡᠨ ᠪᠠᠶᠢᠭᠤᠯᠭ᠎ᠠ︾ ᠶᠢᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠲᠠᠰᠤᠷᠠᠯᠳᠡ ᠦᠭᠡᠢ ᠳᠡᠭᠡᠭᠰᠢᠯᠡᠭᠦᠯᠵᠦ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠨᠠᠷᠢᠨ ᠬᠢᠨᠠᠮᠠᠭᠠᠢ ᠦᠢᠯᠡᠳᠦᠯᠭᠡᠵᠢᠭᠦᠯᠦᠨ ᠬᠥᠭᠵᠢᠭᠦᠯᠵᠦ᠂ ᠵᠢᠯ ᠤᠨ ᠡᠬᠢᠨ ᠳᠤ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠮᠠᠨ ᠤ ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢ ᠦᠷᠭᠦᠯᠵᠢᠯᠡᠨ ᠨᠡᠮᠡᠷᠢᠯᠡᠪᠡ᠃     ᠨᠢᠭᠡ ᠵᠢᠯ ᠤᠨ ᠲᠤᠷᠰᠢ᠂ ᠪᠢᠳᠡ ᠤᠯᠤᠰ ᠲᠦᠷᠦ ᠶᠢᠨ ᠭᠤᠣᠯᠯᠠᠭᠴᠢ ᠶᠢ ᠡᠷᠡᠰ ᠬᠠᠮᠠᠭᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠦᠨᠡᠨᠴᠢ ᠰᠢᠳᠤᠷᠭᠤ ᠦᠢᠯᠡᠰ ᠪᠦᠲᠦᠮᠵᠢᠲᠠᠢ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠪᠡ᠃ ᠪᠠᠶᠢᠩᠭᠤ ᠶᠢᠨ ᠬᠤᠷᠢᠶ᠎ᠠ ᠬᠠᠷᠢᠴᠠᠯᠠᠰᠢ ᠦᠭᠡᠢ ᠦᠨᠡᠨᠴᠢ ᠰᠢᠳᠤᠷᠭᠤ ᠪᠠᠷ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ᠡᠬᠦᠷᠭᠡᠯᠡᠯ ᠬᠠᠷᠢᠭᠤᠴᠠᠯᠭ᠎ᠠ ᠪᠠᠷ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠦ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠬᠦ ᠳᠤᠮᠳᠠ ᠤᠬᠠᠮᠰᠠᠷ ᠠᠴᠠ ᠪᠠᠨ ᠣᠷᠣᠨ ᠪᠠᠶᠢᠷᠢ ᠪᠠᠨ ᠣᠨᠣᠪᠴᠢᠲᠠᠶ ᠣᠯᠵᠤ᠂ ᠴᠢᠭᠯᠡᠯ ᠢᠶᠠᠨ ᠪᠠᠲᠤ ᠡᠵᠡᠮᠳᠡᠪᠡ᠃     ︵ᠨᠢᠭᠡ︶ ᠤᠯᠤᠰ ᠲᠦᠷᠦ ᠶᠢᠨ ᠪᠠᠶᠢᠭᠤᠯᠤᠯᠲᠠ ᠦᠷᠭᠦᠯᠵᠢᠯᠡᠨ ᠴᠢᠩᠭᠠᠷᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ  ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ᠂ ︽ᠨᠢᠭᠡᠳᠦᠭᠡᠷ ᠵᠥᠪᠯᠡᠬᠦ ᠵᠦᠢᠯ︾  ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ  ᠤᠨ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠴᠠᠭ ᠲᠤᠬᠠᠢ ᠳᠤᠨᠢ ᠰᠤᠷᠤᠯᠴᠠᠵᠥ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠴᠢᠭᠯᠡᠯ ᠢᠶᠠᠨ ᠵᠠᠮᠴᠢᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠶᠡᠷᠦᠩᠬᠡᠶᠢᠯᠡᠨ ᠵᠢᠯᠤᠭᠤᠳᠴᠤ ᠠᠬᠢᠭᠤᠯᠪᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠠᠵᠢᠯ ᠤᠨ ᠠᠷᠭ᠎ᠠ ᠬᠡᠮᠵᠢᠶ᠎ᠡ ᠶᠢᠨ ᠲᠠᠯ᠎ᠠ ᠪᠠᠷ ᠲᠠᠰᠤᠷᠠᠯᠳᠠ ᠦᠭᠡᠢ ᠰᠢᠨᠡᠴᠢᠯᠡᠯᠳᠡ ᠬᠢᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠢᠳᠡᠪᠬᠢᠲᠡᠢ ᠠᠬᠢᠭᠤᠯᠪᠠ᠃ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠤᠯᠠᠷᠢᠭᠤᠯᠤᠨ ᠬᠡᠷᠡᠭᠯᠡᠬᠦ ᠶᠢ ᠴᠢᠩᠭᠠᠳᠬᠠᠨ᠂ ᠰᠤᠷᠤᠯᠴᠠᠬᠤ ᠲᠣᠭᠲᠠᠴᠠ ᠶᠢ ᠳᠡᠬᠦᠯᠳᠡᠷᠵᠢᠬᠦᠯᠵᠦ᠂ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢ ᠨᠡᠶᠢᠳᠡ 12 ᠤᠳᠠᠭ᠎ᠠ ᠥᠷᠨᠢᠭᠦᠯᠵᠦ᠂ ᠲᠤᠰᠬᠠᠢ ᠰᠡᠳᠦᠪᠲᠦ ᠨᠠᠮ ᠤᠨ ᠬᠢᠴᠢᠶᠡᠯ ᠢ 4 ᠤᠳᠠᠭ᠎ᠠ ᠶᠠᠷᠢᠵᠤ᠂ ᠰᠤᠳᠤᠯᠤᠨ ᠶᠠᠷᠢᠯᠴᠠᠬᠤ ᠬᠤᠷᠠᠯ ᠢ 4 ᠤᠳᠠᠭ᠎ᠠ ᠬᠢᠵᠦ᠂ 6 ᠬᠤᠭᠤᠴᠠᠭ᠎ᠠ ᠲᠥᠪᠯᠡᠷᠡᠭᠦᠯᠦᠨ ᠪᠣᠯᠪᠠᠰᠤᠷᠠᠭᠤᠯᠵᠤ᠂ ᠦᠵᠡᠯ ᠰᠠᠨᠠᠭ᠎ᠠ ᠶᠢ ᠰᠤᠷᠤᠯᠴᠠᠵᠦ ᠦᠢᠯᠡᠳᠦᠯᠭᠡ ᠶᠢ ᠤᠶᠢᠯᠠᠭᠠᠬᠤ᠂ ᠮᠡᠳᠡᠬᠦᠢ ᠬᠢᠬᠦᠢ ᠶᠢ ᠨᠢᠭᠡᠳᠬᠡᠬᠦ ᠶᠢ ᠦᠨᠡᠨ ᠬᠦ ᠪᠡᠶᠡᠯᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢᠮᠠᠭᠲᠠ ᠴᠠᠭ ᠦᠶ᠎ᠡ ᠶᠢᠨ ᠠᠯᠬᠤᠮ ᠢ ᠨᠢᠭᠳᠠ ᠲᠠᠭᠠᠵᠤ᠂ ᠵᠥᠪ ᠤᠨᠤᠪᠴᠢᠲᠦ ᠴᠢᠭᠯᠡᠯ ᠢ ᠪᠠᠷᠢᠮᠲᠠᠯᠠᠪᠠ᠃     ︵ᠬᠤᠶᠠᠷ︶ ᠨᠠᠮ ᠤᠨ ᠤᠳᠤᠷᠢᠳᠬᠤ ᠳᠤᠭᠤᠶᠢᠯᠠᠩ ᠤᠨ ᠦᠢᠯᠡᠳᠦᠯ ᠢ ᠪᠦᠲᠦᠮᠵᠢᠲᠡᠢ ᠪᠠᠳᠠᠷᠠᠭᠤᠯᠪᠠ᠃ ᠨᠠᠮ ᠠᠴᠠ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠢ ᠪᠦᠬᠦ ᠲᠠᠯ᠎ᠠ ᠪᠠᠷ ᠤᠳᠤᠷᠢᠳᠬᠤ ᠡᠯ᠎ᠡ ᠵᠦᠢᠯ ᠤᠨ ᠳᠦᠷᠢᠮ ᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠢᠨᠠᠯᠲᠠ ᠲᠠᠯᠪᠢᠬᠤ ᠵᠦᠢᠯᠡᠰ᠂ ᠴᠢᠬᠤᠯᠠ ᠠᠵᠢᠯᠲᠠᠨ ᠤ ᠶᠠᠪᠤᠳᠠᠯ ᠤᠨ ᠲᠣᠮᠢᠯᠠᠵᠤ ᠪᠠᠭᠤᠯᠭᠠᠬᠤ᠂ ᠴᠢᠬᠤᠯᠠ ᠶᠡᠭᠡ ᠬᠤᠷᠠᠯ ᠤᠨ ᠠᠵᠢᠯᠯᠠᠭ᠎ᠠ ᠵᠡᠷᠭᠡ ᠶᠢ ᠴᠠᠭ ᠲᠤᠬᠠᠢ ᠳᠤᠨᠢ ᠲᠤᠭᠤᠷᠢᠭ ᠤᠨ ᠨᠠᠮ ᠤᠨ ᠬᠤᠷᠢᠶ᠎ᠠ ᠠᠴᠠ19 ᠤᠳᠠᠭ᠎ᠠ ᠵᠢᠭᠠᠪᠤᠷᠢ ᠠᠪᠴᠤ ᠬᠠᠷᠢᠭᠤ ᠮᠡᠳᠡᠬᠦᠯᠦᠯᠳᠡ ᠬᠢᠪᠡ᠃ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠦᠨᠡᠨᠬᠦ ᠴᠢᠩᠭᠠᠳᠬᠠᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠦᠷᠨᠢᠬᠦᠯᠦᠨ᠂ ᠪᠦᠬᠦ ᠵᠢᠯ ᠳᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ 10 ᠤᠳᠠᠭ᠎ᠠ ᠬᠤᠷᠠᠯᠳᠤᠭᠤᠯᠵᠤ᠂ ᠨᠣᠮ ᠤᠩᠰᠢᠬᠤ ᠠᠩᠭᠢ ᠶᠢ 4 ᠬᠤᠭᠤᠴᠠᠭ᠎ᠠ ᠡᠷᠬᠢᠯᠡᠵᠦ᠂ ᠲᠤᠰᠬᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ ᠶᠢ 2 ᠤᠳᠠᠭ᠎ᠠ ᠬᠢᠵᠦ᠂ ᠰᠡᠷᠡᠮᠵᠢ ᠶᠢᠨ ᠬᠥᠮᠦᠵᠢᠯ ᠢ 3 ᠤᠳᠠᠭ᠎ᠠ ᠵᠣᠬᠢᠶᠠᠨ ᠪᠠᠶᠢᠭᠤᠯᠵᠤ᠂ ᠤᠬᠠᠮᠰᠠᠷ ᠠᠴᠠ ᠪᠠᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠵᠠᠯᠠᠷᠠᠭᠤᠯᠵᠤ᠂ ᠦᠵᠡᠯ ᠰᠠᠨᠠᠭᠠᠨ ᠤ ᠲᠠᠯ᠎ᠠ ᠪᠠᠷ ᠨᠢᠭᠡᠳᠬᠦ᠂ ᠤᠯᠤᠰ ᠲᠦᠷᠦ ᠶᠢᠨ ᠲᠠᠯ᠎ᠠ ᠪᠠᠷ ᠪᠦᠯᠬᠦᠮᠳᠡᠬᠦ᠂ ᠦᠢᠯᠡ ᠠᠵᠢᠯᠯᠠᠭ᠎ᠠ ᠶᠢᠨ ᠲᠠᠯ᠎ᠠ ᠪᠠᠷ ᠨᠢᠭᠡᠳᠦᠯᠲᠡᠢ ᠪᠠᠶᠢᠬᠤ ᠶᠢ ᠢᠮᠠᠭᠲᠠ ᠪᠡᠶᠡᠯᠡᠭᠦᠯᠪᠡ᠃     ︵ᠭᠤᠷᠪᠠ︶ ᠶᠡᠭᠡ ᠲᠠᠯ᠎ᠠ ᠳᠤ ᠡᠷᠡᠰ ᠬᠦᠴᠦᠳᠡᠢ ᠦᠢᠯᠡᠴᠢᠯᠡᠭᠰᠡᠨ ᠪᠠᠶᠢᠨ᠎ᠠ᠃ ᠰᠠᠨᠠᠭᠠᠴᠢᠯᠠᠭ᠎ᠠ ᠠᠴᠠ ᠪᠠᠨ ᠪᠥᠬᠦ ᠲᠤᠭᠤᠷᠢᠭ ᠤᠨ ᠬᠥᠭᠵᠢᠯᠲᠡ ᠶᠢᠨ ᠶᠡᠭᠡ ᠲᠠᠯ᠎ᠠ ᠳᠤ ᠠᠭᠤᠰᠤᠯᠴᠠᠵᠤ᠂ ︽ᠭᠤᠷᠪᠠᠨ ᠲᠤᠭᠤᠷᠢᠭ ᠳᠥᠷᠪᠡᠨ ᠬᠤᠲᠠ︾ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠪᠠᠷ ᠭᠠᠷᠳᠠᠴᠠ ᠪᠣᠯᠭᠠᠨ ᠬᠤᠶᠠᠷ ᠶᠡᠭᠡ ᠶᠠᠪᠤᠳᠠᠯ ᠢ ᠲᠦᠯᠬᠢᠨ ᠠᠬᠢᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ︽ᠭᠤᠷᠪᠠᠨ ᠲᠦᠷᠪᠡ︾ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠤᠶᠠᠯᠳᠤᠯ ᠤᠨ ᠴᠡᠭ᠂ ᠬᠦᠴᠦᠯᠡᠬᠦ ᠴᠡᠭ ᠢ ᠣᠨᠣᠪᠴᠢᠲᠠᠶ ᠡᠷᠢᠵᠦ᠂ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠪᠠ᠃ ᠪᠦᠬᠦ ᠵᠢᠯ ᠳᠤ ᠪᠠᠶᠢᠩᠭᠤ ᠶᠢᠨ ᠬᠤᠷᠢᠶ᠎ᠠ ᠶᠢᠨ ᠬᠤᠷᠠᠯ ᠢ 12 ᠤᠳᠠᠭ᠎ᠠ᠂ ᠡᠷᠬᠢᠯᠡᠭᠴᠢ ᠶᠢᠨ ᠬᠤᠷᠠᠯ ᠢ 16 ᠤᠳᠠᠭ᠎ᠠ ᠬᠤᠷᠠᠯᠳᠤᠭᠤᠯᠵᠦ᠂ 22 ᠵᠦᠢᠯ ᠤᠨ ᠲᠤᠰᠬᠠᠢ ᠠᠵᠢᠯ ᠤᠨ ᠮᠡᠳᠡᠭᠦᠯᠦᠯᠲᠡ ᠶᠢ ᠰᠣᠨᠣᠰᠤᠭᠰᠠᠨ ᠪᠠ ᠬᠢᠨᠠᠨ ᠵᠥᠪᠯᠡᠵᠦ᠂ ᠲᠤᠰᠬᠠᠢ ᠵᠦᠢᠯ ᠤᠨ ᠪᠠᠶᠢᠴᠠᠭᠠᠨ ᠰᠤᠳᠤᠯᠤᠯᠲᠠ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠲᠦᠪᠯᠡᠷᠡᠭᠰᠡᠨ ᠪᠠᠶᠢᠴᠠᠭᠠᠯᠲᠠ᠂ ᠲᠤᠰᠬᠠᠢ ᠰᠡᠳᠦᠪᠲᠦ ᠠᠰᠠᠭᠤᠨ ᠯᠠᠪᠯᠠᠯᠳᠠ ᠵᠡᠷᠭᠡ 32 ᠪᠦᠯᠦᠭ ᠤᠳᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂12 ᠵᠦᠢᠯ ᠤᠨ ᠰᠢᠢᠳᠪᠦᠷᠢ᠂ ᠲᠣᠭᠲᠠᠭᠠᠯ ᠢ ᠬᠠᠤᠯᠢ ᠶᠣᠰᠣᠭᠠᠷ ᠭᠠᠷᠭᠠᠵᠤ᠂ ᠣᠷᠣᠨ ᠨᠤᠲᠤᠭ ᠤᠨ ᠲᠦᠷᠦ ᠶᠢᠨ ᠪᠠᠶᠢᠭᠤᠯᠭ᠎ᠠ ᠶᠢᠨ ᠠᠵᠢᠯᠲᠠᠨ ᠢ 74 ᠬᠥᠮᠥᠨ ᠤᠳᠠᠭ᠎ᠠ ᠲᠣᠮᠢᠯᠠᠵᠤ ᠪᠠᠭᠤᠯᠭᠠᠨ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ 6 ᠭᠤᠣᠯ ᠬᠠᠷᠢᠭᠤᠴᠠᠯᠭᠠᠲᠠᠨ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠨᠡᠯᠡᠯᠲᠡ ᠪᠠ ᠬᠠᠨᠤᠮᠵᠢ ᠶᠢᠨ ᠬᠡᠮᠵᠢᠶ᠎ᠡ ᠶᠢᠨ ᠦᠨᠡᠯᠡᠯᠲᠡ ᠬᠢᠵᠦ᠂ ᠬᠢᠨᠠᠯᠲᠠ ᠲᠠᠯᠪᠢᠬᠤ ᠪᠠ ᠳᠡᠮᠵᠢᠯᠭᠡ ᠦᠵᠡᠭᠦᠯᠬᠦ ᠳᠤᠮᠳᠠ ᠤᠬᠠᠮᠰᠠᠷ ᠠᠴᠠ ᠪᠠᠨ ᠲᠤᠭᠤᠷᠢᠭ ᠤᠨ ᠨᠠᠮ ᠤᠨ ᠬᠤᠷᠢᠶ᠎ᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠭ᠎ᠠ ᠶᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠪᠠ᠃ ᠡᠭᠦᠨ ᠤ ᠵᠡᠷᠭᠡ ᠪᠠᠷ᠂ ᠪᠠᠶᠢᠩᠭᠤ ᠶᠢᠨ ᠬᠤᠷᠢᠶ᠎ᠠ ᠭᠡᠷ ᠬᠥᠷᠥᠩᠭᠡ ᠶᠢᠨ ᠬᠦᠷᠢᠶ᠎ᠡ ᠴᠠᠷᠠᠭᠠᠨ ᠤ ︽ᠦᠨᠡᠮᠯᠡᠯ ᠠᠪᠬᠤ ᠳᠤ ᠬᠦᠴᠢᠷᠲᠡᠢ ᠪᠠᠶᠢᠬᠤ︾᠂ ᠳᠠᠭᠠᠭᠠᠴᠢᠯᠠᠨ ᠬᠤᠯᠪᠣᠭᠠᠯᠠᠵᠤ ᠬᠠᠪᠰᠤᠷᠤᠨ ᠲᠡᠳᠬᠦᠬᠦ᠂ ᠵᠠᠬᠢᠳᠠᠯ ᠰᠣᠷᠪᠤᠯᠵᠢᠯᠠᠭ᠎ᠠ ᠠᠮᠤᠷ ᠲᠣᠭᠲᠠᠭᠤᠨ ᠪᠠᠶᠢᠳᠠᠯ ᠢ ᠬᠠᠮᠠᠭᠠᠯᠠᠬᠤ ᠵᠡᠷᠭᠡ ᠭᠤᠣᠯᠳᠠᠯᠭ᠎ᠠ ᠲᠠᠢ ᠠᠵᠢᠯ ᠳᠤ ᠢᠳᠡᠪᠬᠢᠲᠡᠢ ᠣᠷᠣᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠩᠨᠡᠭᠡ ᠶᠢᠨ ᠪᠦᠭᠦ ᠲᠤᠭᠤᠷᠢᠭ ᠤᠨ ᠶᠡᠭᠡ ᠲᠠᠯ᠎ᠠ ᠲᠠᠢ ᠵᠡᠷᠭᠡ ᠪᠠᠷ ᠬᠥᠭᠵᠢᠬᠦ ᠤᠬᠠᠮᠰᠠᠷ᠂ ᠵᠡᠷᠭᠡ ᠪᠠᠷ ᠬᠦᠴᠦᠯᠡᠬᠦ ᠦᠢᠯᠡᠳᠦᠯ ᠢ ᠲᠠᠰᠣᠷᠠᠯᠳᠠ ᠦᠭᠡᠢ ᠴᠢᠩᠭᠠᠳᠬᠠᠪᠠ᠃     ᠨᠢᠭᠡ ᠵᠢᠯ ᠤᠨ ᠲᠤᠷᠰᠢ᠂ ᠪᠢᠳᠡ ᠬᠥᠭᠵᠢᠯᠲᠡ ᠶᠢ ᠠᠬᠢᠭᠤᠯᠬᠤ ᠢᠲᠡᠭᠡᠯ ᠵᠣᠷᠢᠭ ᠢᠶᠠᠨ ᠪᠠᠲᠤᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠨᠢ ᠦᠨᠡᠨᠴᠢ ᠰᠢᠳᠤᠷᠭᠤ ᠪᠣᠳᠠᠲᠠᠢ ᠪᠠᠷ ᠠᠵᠢᠯᠯᠠᠬᠤ ᠳᠤᠮᠳᠠ ᠰᠢᠨ᠎ᠡ ᠵᠢᠳᠬᠦᠯ ᠴᠢᠷᠮᠠᠶᠢᠯᠭ᠎ᠠ ᠪᠠᠨ ᠲᠠᠰᠤᠷᠠᠯᠲᠠ ᠦᠭᠡᠢ ᠢᠯᠡᠷᠡᠭᠦᠯᠪᠡ᠃ ᠪᠠᠶᠢᠩᠭᠤ ᠶᠢᠨ ᠬᠤᠷᠢᠶ᠎ᠠ ᠠᠴᠠ ᠠᠷᠠᠳ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ ᠴᠢᠩᠭ᠎ᠠ ᠠᠩᠬᠠᠷᠤᠨ᠂ ᠶᠡᠭᠡ ᠶᠠᠪᠤᠳᠠᠯ ᠴᠢᠬᠤᠯᠠ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠥᠪ ᠬᠢᠨᠠᠯᠲᠠ ᠲᠠᠯᠪᠢᠬᠤ᠂ ᠪᠦᠲᠦᠮᠵᠢᠲᠡᠶ ᠬᠢᠨᠠᠯᠲᠠ ᠲᠠᠯᠪᠢᠬᠤ᠂ ᠬᠠᠤᠯᠢ ᠶᠣᠰᠣᠭᠠᠷ ᠬᠢᠨᠠᠯᠲᠠ ᠲᠠᠯᠪᠢᠬᠤ ᠶᠢ ᠪᠠᠷᠢᠮᠳᠠᠯᠠᠨ᠂ ᠤᠯᠠᠨ ᠵᠦᠢᠯ ᠤᠨ ᠬᠢᠨᠠᠯᠲᠠ ᠲᠠᠯᠪᠢᠬᠤ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ ︽ᠬᠠᠮ ᠠᠷᠭ᠎ᠠ ᠪᠠᠷᠢᠯ︾ ᠢ ᠰᠠᠶᠢᠲᠤᠷ ᠠᠰᠢᠭᠯᠠᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠪᠠ᠃     ︵ᠨᠢᠭᠡ︶ ᠠᠵᠤ ᠠᠬᠤᠢ ᠶᠢᠨ ᠬᠥᠭᠵᠢᠯᠲᠡ ᠶᠢᠨ ᠨᠡᠩ ᠯᠠᠪᠳᠠᠭᠤᠨ ᠲᠣᠭᠲᠠᠭᠤᠨ ᠪᠠᠶᠢᠬᠤ ᠶᠢ ᠲᠦᠯᠬᠢᠨ ᠠᠬᠢᠭᠤᠯᠪᠠ᠃ ᠵᠠᠩᠭᠢᠯᠠᠭ᠎ᠠ ᠶᠢᠨ ᠡᠭᠦᠷᠭᠡ ᠬᠠᠷᠠᠯᠲᠠ ᠶᠢ ᠴᠢᠩᠭ᠎ᠠ ᠠᠳᠬᠤᠨ᠂ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ  ᠶᠢ ᠥᠷᠨᠢᠭᠦᠯᠵᠦ᠂ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ᠂ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠤᠨ ᠬᠢᠨᠠᠨ ᠵᠦᠪᠯᠡᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠲᠣᠬᠢᠷᠠᠭᠤᠯᠤᠯᠲᠠ ᠶᠢᠨ ᠲᠥᠰᠥᠯ ᠢ ᠳᠠᠰᠤᠯᠤᠨ ᠪᠠᠲᠤᠯᠠᠵᠤ᠂ ︽ᠲᠦᠷᠦᠯ ᠵᠦᠢᠯ ᠢ ᠲᠣᠬᠢᠷᠠᠭᠤᠯᠬᠤ᠂ ᠭᠦᠢᠴᠡᠳᠬᠡᠯ ᠲᠤᠭ᠎ᠠ ᠶᠢ ᠰᠢᠯᠢᠳᠡᠭᠵᠢᠭᠦᠯᠬᠦ᠂ ᠠᠰᠠᠭᠤᠳᠠᠯ ᠢ ᠵᠠᠰᠠᠨ ᠰᠠᠶᠢᠵᠢᠷᠠᠭᠤᠯᠬᠤ︾ ᠭᠤᠷᠪᠠᠨ ᠲᠠᠯ᠎ᠠ ᠳᠤ ᠴᠢᠭᠯᠡᠭᠦᠯᠦᠨ ᠬᠢᠨᠠᠨ ᠵᠦᠪᠯᠡᠭᠰᠡᠨ ᠰᠠᠨᠠᠯ ᠢᠶᠠᠨ ᠳᠤᠷᠠᠳᠴᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠱᠠᠲᠤ ᠦᠶᠡᠴᠢ ᠴᠢᠨᠠᠷᠲᠠᠢ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠬᠦ ᠶᠢ ᠠᠬᠢᠭᠤᠯᠪᠠ᠃ ᠡᠳ᠋ ᠤᠨ ᠵᠠᠰᠠᠭ ᠤᠨ ᠪᠡᠯᠡ ᠮᠥᠩᠭᠦ ᠶᠢᠨ ᠲᠥᠰᠥᠪ ᠪᠠ ᠲᠥᠰᠥᠪ ᠤᠨ ᠭᠦᠢᠴᠡᠳᠬᠡᠯ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠶᠢ ᠴᠢᠩᠭᠠᠳᠬᠠᠵᠤ᠂ 2023 ᠣᠨ ᠤ ᠡᠳ᠋ ᠤᠨ ᠵᠠᠰᠠᠭ ᠤᠨ ᠲᠥᠰᠥᠪ ᠤᠨ ᠭᠦᠢᠴᠡᠳᠬᠡᠯ ᠪᠠ 2024 ᠣᠨ ᠤ ᠲᠥᠰᠥᠪ ᠤᠨ ᠲᠣᠬᠢᠷᠠᠭᠤᠯᠤᠯᠲᠠ ᠶᠢᠨ ᠲᠥᠰᠥᠯ ᠢ ᠵᠦᠪᠰᠢᠶᠡᠷᠡᠨ᠂ ᠬᠢᠨᠠᠨ ᠪᠣᠳᠣᠯᠲᠠ ᠶᠢᠨ ᠠᠵᠢᠯ ᠤᠨ ᠮᠡᠳᠡᠭᠦᠯᠦᠯᠲᠡ ᠵᠢᠴᠢ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠤᠨ ᠬᠢᠨᠠᠨ ᠵᠦᠪᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠪᠠ ᠬᠢᠨᠠᠨ ᠪᠣᠳᠣᠯᠲᠠ ᠶᠢᠨ ᠬᠢᠨᠠᠯᠲᠠ ᠶᠢ ᠵᠣᠬᠢᠴᠠᠭᠤᠯᠤᠨ ᠨᠡᠪᠲᠡᠷᠡᠭᠦᠯᠬᠦ ᠲᠣᠭᠲᠠᠴᠠ ᠶᠢ ᠪᠠᠶᠢᠭᠤᠯᠤᠨ᠂ ᠲᠥᠰᠥᠪ ᠤᠨ ᠰᠦᠯᠵᠢᠶᠡᠨ ᠳᠠᠬᠢ ᠬᠢᠨᠠᠯᠲᠠ ᠶᠢᠨ ᠲᠠᠪᠴᠠᠩ ᠤᠨ ᠴᠢᠳᠠᠮᠵᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠨᠠᠷᠢᠯᠢᠭ ᠣᠨᠣᠴᠠᠲᠠᠢ ᠬᠢᠨᠠᠯᠲᠠ ᠲᠠᠯᠪᠢᠯᠳᠠ ᠪᠠᠷ ᠠᠷᠠᠳ ᠤᠯᠠᠨ ᠤ ︽ᠬᠡᠳᠡᠪᠴᠢ︾ ᠶᠢ ᠰᠠᠶᠢᠲᠤᠷ ᠰᠠᠬᠢᠪᠠ᠃ ᠤᠯᠤᠰ ᠤᠨ ᠦᠮᠴᠢᠯᠡᠯᠳᠦ ᠡᠳ᠋ ᠬᠥᠷᠥᠩᠭᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠤᠯᠤᠰ ᠤᠨ ᠦᠮᠴᠢᠯᠡᠯᠳᠦ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠢ ᠲᠤᠰᠬᠠᠢ ᠮᠡᠳᠡᠭᠦᠯᠦᠯᠲᠡ ᠶᠢ ᠰᠣᠨᠣᠰᠬᠤ ᠪᠠ ᠬᠢᠨᠠᠨ ᠵᠦᠪᠯᠡᠵᠦ᠂ ᠠᠵᠤ ᠠᠬᠤᠶᠢᠯᠠᠯ ᠤᠨ ᠤᠯᠤᠰ ᠤᠨ ᠦᠮᠴᠢᠯᠡᠯᠳᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠳᠤ ᠮᠥᠷᠳᠡᠨ ᠬᠢᠨᠠᠯᠲᠠ ᠲᠠᠯᠪᠢᠬᠤ ᠠᠵᠢᠯ ᠢ ᠥᠷᠨᠢᠭᠦᠯᠵᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠦᠷᠳᠡᠭ ᠢ ᠪᠠᠲᠤᠯᠠᠵᠤ ᠦᠷᠳᠡᠭ ᠢ ᠨᠡᠮᠡᠭᠳᠡᠭᠦᠯᠬᠦ ᠶᠢ ᠠᠬᠢᠭᠤᠯᠤᠨ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠴᠢᠩᠭ᠎ᠠ ᠠᠩᠬᠠᠷᠴᠤ᠂ ᠬᠠᠨᠳᠤᠯᠭ᠎ᠠ ᠲᠠᠢ ᠪᠠᠷ ᠬᠦᠴᠦᠯᠡᠨ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠬᠤ ᠪᠠ ᠬᠢᠨᠠᠨ ᠵᠥᠪᠯᠡᠵᠦ᠂ ᠦᠯᠡᠳᠡᠭᠡᠯ ᠥᠷᠢ ᠥᠭᠴᠡᠭᠡ ᠶᠢ ᠢᠯᠭᠠᠷᠠᠭᠤᠯᠤᠨ ᠠᠷᠢᠯᠭᠠᠬᠤ᠂ ᠥᠷᠢ ᠥᠭᠴᠡᠭᠡ ᠶᠢᠨ ᠬᠢᠵᠠᠭᠠᠷ ᠲᠤᠭ᠎ᠠ ᠶᠢᠨ ᠬᠠᠮᠢᠶᠠᠷᠤᠯᠲᠠ᠂ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢᠨ ᠬᠡᠷᠡᠭᠯᠡᠯᠲᠡ᠂ ᠥᠷᠢ ᠥᠭᠴᠡᠭᠡ ᠶᠢᠨ ᠲᠦᠭᠰᠢᠭᠦᠷᠢ ᠶᠢᠨ ᠬᠠᠮᠢᠶᠠᠷᠤᠯᠲᠠ ᠵᠡᠷᠭᠡ ᠪᠠᠶᠢᠳᠠᠯ ᠤᠨ ᠲᠣᠭᠤᠷᠢᠨ ᠳᠤ ᠭᠦᠨᠵᠡᠭᠡᠢ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠬᠠᠨᠳᠤᠯᠭᠠᠲᠦ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠦᠨᠡᠨᠬᠦ ᠪᠦᠲᠦᠮᠵᠢᠲᠡᠶ ᠰᠡᠷᠭᠡᠶᠢᠯᠡᠨ ᠠᠷᠢᠯᠭᠠᠬᠤ ᠳᠤ ᠬᠦᠴᠦᠨ ᠨᠡᠮᠡᠷᠢᠯᠡᠵᠦ᠂ ︽ᠬᠤᠷᠢᠭ᠎ᠠ ᠱᠤᠭᠤᠮ ᠠᠴᠠ ᠪᠠᠭᠤᠷᠠᠭᠤᠯᠬᠤ︾ ᠬᠠᠷᠠᠯᠲᠠᠲᠤ ᠡᠭᠦᠷᠭᠡ ᠶᠢ ᠠᠮᠵᠢᠯᠲᠠ ᠲᠠᠢ ᠪᠡᠶᠡᠯᠡᠭᠦᠯᠪᠡ᠃     ︵ᠬᠤᠶᠠᠷ︶ ᠬᠠᠤᠯᠢ ᠪᠠᠷ ᠵᠠᠰᠠᠬᠤ ᠰᠠᠭᠤᠷᠢ ᠨᠡᠩ ᠪᠠᠲᠤ ᠪᠠᠬᠢ ᠪᠣᠯᠪᠠ᠃ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠦᠨᠳᠦᠰᠦᠨ ᠬᠠᠤᠯᠢ ᠶᠢᠨ ᠲᠤᠰᠬᠠᠢ ᠰᠡᠳᠦᠪᠲᠦ ᠪᠣᠯᠪᠠᠰᠤᠷᠠᠭᠤᠯᠤᠯ ᠢ ᠬᠢᠵᠦ᠂ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢ ᠦᠷᠨᠢᠬᠦᠯᠦᠨ᠂ 51 ᠬᠥᠮᠥᠨ ᠢ ᠵᠣᠬᠢᠶᠠᠨ ᠪᠠᠶᠢᠭᠤᠯᠤᠨ ᠲᠤᠰᠢᠶᠠᠯ ᠳᠤ ᠭᠠᠷᠬᠤ ᠠᠴᠠ ᠡᠮᠦᠨᠡᠬᠢ ᠬᠠᠤᠯᠢ ᠴᠠᠭᠠᠵᠠ ᠶᠢᠨ ᠮᠡᠳᠡᠯᠭᠡ ᠶᠢᠨ ᠰᠢᠯᠭᠠᠯᠲᠠ ᠳᠤ ᠣᠷᠣᠯᠴᠠᠭᠤᠯᠬᠤ ᠶᠢᠨ ᠬᠠᠮᠲᠤ ᠦᠨᠳᠦᠰᠦᠨ ᠬᠠᠤᠯᠢ ᠳᠤ ᠲᠠᠩᠭᠠᠷᠢᠭᠯᠠᠵᠤ᠂ ᠲᠦᠷᠦ ᠶᠢᠨ ᠪᠠᠶᠢᠭᠤᠯᠭ᠎ᠠ ᠶᠢᠨ ᠠᠵᠢᠯᠲᠠᠨ ᠤ ᠦᠨᠳᠦᠰᠦᠨ ᠬᠠᠤᠯᠢ ᠶᠢᠨ ᠵᠠᠷᠴᠢᠮ ᠢ ᠬᠢᠴᠢᠶᠡᠩᠭᠦᠶᠢᠯᠡᠨ ᠰᠠᠬᠢᠬᠤ᠂ ᠦᠨᠳᠦᠰᠦᠨ ᠬᠠᠤᠯᠢ ᠶᠢᠨ ᠡᠭᠦᠷᠭᠡ ᠶᠢ ᠭᠦᠢᠴᠡᠳᠬᠡᠬᠦ ᠬᠠᠷᠢᠭᠤᠴᠠᠯᠭᠠᠲᠤ ᠰᠡᠳᠬᠢᠯᠭᠡ ᠶᠢ ᠦᠨᠡᠨ ᠬᠦ ᠴᠢᠩᠭᠠᠳᠬᠠᠪᠠ᠃ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠤᠯᠪᠤᠭᠠᠯᠠᠯ ︽ᠠᠷᠠᠳ ᠤᠨ ᠰᠠᠨᠠᠭ᠎ᠠ ᠶᠢ ᠰᠢᠭᠤᠳ ᠤᠶᠢᠯᠠᠭᠠᠬᠤ ᠴᠡᠭ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ 1 ᠬᠤᠪᠢ ᠬᠠᠤᠯᠢ ᠲᠣᠭᠲᠠᠭᠠᠬᠤ ᠲᠥᠯᠥᠪᠯᠡᠭᠡ ᠶᠢᠨ ᠰᠠᠨᠠᠭᠤᠯᠭ᠎ᠠ᠂ 16 ᠵᠤᠷᠪᠤᠰ ᠬᠠᠤᠯᠢ ᠴᠠᠭᠠᠵᠠ ᠬᠠᠤᠯᠢ ᠲᠣᠭᠲᠠᠭᠠᠯ ᠤᠨ ᠲᠥᠰᠥᠯ ᠳᠤ ᠵᠠᠰᠠᠪᠤᠷᠢ ᠣᠷᠣᠭᠤᠯᠬᠤ ᠰᠠᠨᠠᠯ ᠢ ᠬᠠᠷᠢᠭᠤ ᠲᠤᠰᠬᠠᠵᠤ᠂ ︽ᠠᠷᠠᠳ ᠤᠨ ᠵᠦᠪᠯᠡᠯᠭᠡ︾ ᠶᠢ ᠣᠷᠣᠨ ᠨᠤᠲᠤᠭ ᠤᠨ ᠬᠠᠤᠯᠢ ᠲᠣᠭᠲᠠᠭᠠᠯᠲᠠ ᠳᠤ ᠣᠷᠣᠭᠤᠯᠬᠤ ᠶᠢ ᠢᠳᠡᠪᠬᠢᠲᠡᠢ ᠠᠬᠢᠭᠤᠯᠪᠠ᠃ ᠬᠠᠤᠯᠢ ᠶᠣᠰᠣᠭᠠᠷ ᠲᠤᠭᠤᠷᠢᠭ ᠢ ᠵᠠᠰᠠᠬᠤ ᠶᠢ ᠬᠦᠴᠦᠯᠡᠨ ᠠᠬᠢᠭᠤᠯᠵᠤ᠂ ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠰᠤᠨᠤᠰᠤᠨ ᠬᠢᠨᠠᠨ ᠵᠦᠪᠯᠡᠵᠦ᠂ ᠪᠦᠬᠦ ᠲᠤᠭᠤᠷᠢᠭ ᠤᠨ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠠᠵᠢᠯ ᠢ ᠪᠠᠶᠢᠴᠠᠭᠠᠨ ᠰᠤᠳᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠬᠡᠨ ᠪᠠᠶᠢᠭᠤᠯᠬᠤ ᠶᠢ ᠠᠬᠢᠭᠤᠯᠬᠤ ᠳᠦᠷᠢᠮ᠂ ᠪᠦᠬᠦ ᠬᠤᠲᠠ ᠶᠢᠨ ᠨᠠᠰᠤᠵᠢᠯ ᠤᠨ ᠦᠢᠯᠡᠴᠢᠯᠡᠭᠡᠨ ᠤ ᠳᠦᠷᠢᠮ ᠵᠡᠷᠭᠡ 3 ᠬᠠᠤᠯᠢ ᠴᠠᠭᠠᠵᠠ ᠬᠠᠤᠯᠢ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠵᠦ᠂ ᠰᠢᠭᠦᠬᠦ ᠬᠤᠷᠢᠶᠠᠨ ᠤ ᠭᠦᠢᠴᠡᠳᠬᠡᠬᠦ ᠠᠵᠢᠯ ᠤᠨ ᠲᠤᠬᠠᠢ ᠲᠤᠰᠬᠠᠢ ᠰᠡᠳᠦᠪᠲᠦ ᠠᠰᠠᠭᠤᠨ ᠯᠠᠪᠯᠠᠯᠲᠠ ᠶᠢᠨ ᠰᠠᠨᠠᠯ ᠰᠠᠨᠠᠭᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ ᠬᠢᠨᠠᠵᠤ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠠᠩᠰᠠᠯᠠᠵᠤ ᠬᠢᠨᠠᠨ ᠪᠠᠶᠢᠴᠠᠭᠠᠬᠤ ᠳᠦᠷᠢᠮ ᠢ ᠴᠢᠩᠭ᠎ᠠ ᠬᠡᠷᠡᠭᠵᠢᠬᠦᠯᠦᠨ᠂ ᠬᠠᠤᠯᠢ ᠴᠠᠭᠠᠵᠠ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠠᠵᠢᠯ ᠤᠨ ᠬᠢᠨᠠᠯᠲᠠ ᠲᠠᠯᠪᠢᠬᠤ᠂ ᠲᠤᠰᠬᠠᠢ ᠵᠦᠢᠯ ᠤᠨ ᠬᠢᠨᠠᠯᠲᠠ ᠲᠠᠯᠪᠢᠬᠤ᠂ ᠮᠥᠷᠳᠡᠨ ᠬᠢᠨᠠᠯᠲᠠ ᠲᠠᠯᠪᠢᠬᠤ ᠲᠠᠢ ᠤᠶᠠᠯᠳᠤᠭᠤᠯᠵᠤ᠂ ᠪᠦᠬᠦ ᠲᠤᠭᠤᠷᠢᠭ ᠤᠨ ᠠᠷᠠᠳᠴᠢᠯᠠᠯᠲᠦ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠲᠠᠰᠤᠷᠠᠯᠳᠠ ᠦᠭᠡᠢ ᠭᠦᠨᠵᠡᠭᠡᠶᠢᠷᠡᠨ ᠪᠣᠳᠠᠲᠠᠶᠢᠵᠢᠬᠤ ᠶᠢ ᠲᠦᠯᠬᠢᠨ ᠠᠬᠢᠭᠤᠯᠪᠠ᠃ ᠬᠠᠤᠯᠢ ᠪᠠᠷᠢᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠥᠳᠡᠯᠭᠡᠭᠴᠢ ᠡᠨᠧᠷᠭᠢ ᠶᠢ ᠭᠦᠢᠴᠡᠳ ᠬᠥᠭᠵᠢᠭᠡᠵᠦ᠂ ︽ᠬᠤᠶᠠᠷ ᠲᠤᠰᠢᠶᠠᠯᠲᠠᠨ︾ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠢ ᠦᠨᠡᠯᠡᠨ ᠵᠦᠪᠯᠡᠬᠦ ᠠᠷᠭ᠎ᠠ ᠳᠤ ᠵᠠᠰᠠᠪᠤᠷᠢ ᠣᠷᠣᠭᠤᠯᠤᠭᠰᠠᠨ ᠪᠥᠭᠡᠳ ᠲᠡᠭᠦᠨ ᠢ ᠳᠠᠩᠰᠠᠯᠠᠭᠤᠯᠵᠤ᠂ 8 ᠰᠢᠬᠦᠭᠴᠢ ᠪᠠ 3 ᠪᠠᠶᠢᠴᠠᠭᠠᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠦᠨᠡᠯᠡᠯᠳᠡ ᠬᠢᠵᠦ᠂ ᠨᠡᠶᠢᠳᠡ 110 ᠪᠤᠳᠢ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠵᠤ᠂ ᠲᠢᠩᠬᠢᠮ ᠤᠨ ᠰᠢᠭᠦᠯᠲᠡ ᠶᠢ 27 ᠤᠳᠠᠭ᠎ᠠ ᠵᠣᠬᠢᠶᠠᠨ ᠪᠠᠶᠢᠭᠤᠯᠤᠨ ᠦᠵᠡᠵᠦ᠂ ᠠᠰᠠᠭᠤᠳᠠᠯ ᠪᠠ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠶᠢ 40 ᠭᠠᠷᠤᠢ ᠳᠤᠷᠠᠳᠴᠤ᠂ ︽ᠬᠤᠶᠠᠷ ᠲᠤᠰᠢᠶᠠᠯᠲᠠᠨ︾ ᠤ ᠡᠩᠨᠡᠭᠡᠨ ᠤ ᠪᠦᠬᠦᠯᠢ ᠴᠣᠭᠴᠠ ᠶᠢᠨ ᠬᠡᠪ ᠴᠢᠨᠠᠷ ᠪᠠ ᠬᠠᠤᠯᠢ ᠪᠠᠷᠢᠬᠤ ᠴᠢᠳᠠᠪᠤᠷᠢ ᠶᠢᠨ ᠦᠷᠭᠦᠯᠵᠢᠯᠡᠨ ᠳᠡᠭᠡᠭᠰᠢᠯᠡᠬᠦ ᠶᠢ ᠠᠬᠢᠭᠤᠯᠪᠠ᠃     ︵ᠭᠤᠷᠪᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠬᠦᠴᠦᠨ ᠨᠡᠮᠡᠷᠢᠯᠡᠨ ᠨᠠᠩ ᠦᠨᠡᠨ ᠪᠤᠳᠠᠳᠤ ᠲᠥᠷᠥᠭᠳᠡᠯ ᠲᠠᠢ ᠪᠤᠯᠭᠠᠪᠠ᠃ ᠤᠯᠠᠨ ᠲᠦᠮᠡᠨ ᠤ ᠪᠠᠴᠢᠮ ᠲᠤᠯᠭᠠᠮ᠎ᠠ ᠵᠣᠪᠠᠵᠤ ᠪᠠᠶᠢᠭ᠎ᠠ ᠠᠰᠠᠭᠤᠳᠠᠯ ᠢ ᠴᠢᠩᠭ᠎ᠠ ᠠᠩᠬᠠᠷᠤᠨ᠂ ᠳᠤᠮᠳᠠᠳᠤ ᠪᠠᠭ᠎ᠠ ᠰᠤᠷᠭᠠᠭᠤᠯᠢ ᠶᠢᠨ ︽ᠲᠠᠪᠤᠨ ᠵᠦᠢᠯ ᠤᠨ ᠬᠠᠮᠢᠶᠠᠷᠤᠯᠲᠠ︾ ᠶᠢᠨ ᠠᠵᠢᠯ ᠢ ᠬᠠᠨᠳᠤᠯᠭ᠎ᠠ ᠲᠠᠢ ᠪᠠᠷ ᠰᠢᠨᠵᠢᠯᠡᠨ ᠪᠠᠶᠢᠴᠠᠭᠠᠵᠤ᠂ ᠰᠤᠷᠭᠠᠭᠤᠯᠢ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠬᠠᠮᠲᠤ ᠪᠠᠷ ᠰᠢᠨᠵᠢᠯᠡᠨ ᠪᠠᠶᠢᠴᠠᠭᠠᠵᠤ᠂ ᠪᠦᠬᠦ ᠲᠤᠭᠤᠷᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠳᠤ ᠬᠦᠴᠦ ᠨᠡᠮᠡᠷᠢᠯᠡᠪᠡ᠃ ︽ᠨᠢᠭᠡ ᠨᠠᠰᠤᠲᠠᠨ ᠨᠢᠭᠡ ᠨᠢᠯᠬ᠎ᠠ ᠳᠤ ᠦᠢᠯᠡᠴᠢᠯᠡᠬᠦ︾ ᠪᠠ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠠᠩᠬᠠᠷᠴᠤ᠂ ᠡᠮᠨᠡᠬᠦ ᠪᠠ ᠰᠤᠪᠢᠯᠠᠬᠤ ᠶᠢ ᠤᠶᠠᠯᠳᠤᠭᠤᠯᠤᠭᠰᠠᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢᠨ ᠬᠢᠨᠠᠨ ᠵᠥᠪᠯᠡᠭᠰᠡᠨ ᠰᠠᠨᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠮᠥᠷᠳᠡᠨ ᠬᠢᠨᠠᠯᠲᠠ ᠲᠠᠯᠪᠢᠵᠤ᠂ ᠪᠥᠬᠦ ᠲᠤᠭᠤᠷᠢᠭ ᠤᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠠᠵᠢᠯ ᠢ ᠪᠠᠶᠢᠴᠠᠭᠠᠨ ᠰᠤᠳᠤᠯᠵᠤ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠲᠤᠰᠬᠠᠢ ᠰᠡᠳᠦᠪᠲᠦ ᠠᠰᠠᠭᠤᠨ ᠯᠠᠪᠯᠠᠯᠲᠠ ᠶᠢ ᠥᠷᠨᠢᠭᠦᠯᠦᠨ᠂ ᠨᠠᠰᠤᠲᠠᠶᠢᠴᠤᠳ ᠢ ᠠᠰᠠᠷᠠᠬᠤ᠂ ᠬᠡᠥᠬᠡᠳ ᠢ ᠬᠦᠮᠦᠵᠢᠬᠦᠯᠬᠦ᠂ ᠡᠪᠡᠳᠴᠢᠳᠡᠨ ᠳᠤ  ᠰᠠᠶᠢᠨ ᠡᠮᠴᠢᠯᠡᠭᠡ ᠪᠠᠶᠢᠬᠤ ᠶᠢ ᠪᠡᠶᠡᠯᠡᠭᠦᠯᠬᠦ ᠶᠢ ᠠᠬᠢᠭᠤᠯᠪᠠ᠃ ᠨᠡᠶᠢᠭᠡᠮ ᠤᠨ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠬᠢᠯᠡᠭᠴᠢ ᠨᠠᠷ ᠢ ᠵᠤᠬᠢᠶᠠᠨ ᠪᠠᠶᠢᠭᠤᠯᠤᠨ ︽ᠳᠤᠯᠠᠭᠠᠨ ᠢᠨᠵᠧᠨᠧᠷᠢᠩ︾᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ᠂ ᠣᠷᠣᠨ ᠰᠠᠭᠤᠴᠠ ᠶᠢᠨ ᠲᠣᠭᠤᠷᠢᠭ ᠤᠨ ᠦᠯᠡᠳᠡᠭᠳᠡᠯ ᠠᠰᠠᠭᠤᠳᠠᠯ ᠤᠨ ᠴᠡᠭᠴᠡᠯᠡᠨ ᠵᠠᠰᠠᠯᠲᠠ ᠳᠤ ᠲᠦᠪᠯᠡᠷᠡᠭᠰᠡᠨ ᠪᠠᠶᠢᠴᠠᠭᠠᠯᠲᠠ ᠬᠢᠵᠦ᠂ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠣᠬᠢᠴᠠᠭᠤᠯᠬᠤ ᠲᠣᠭᠲᠠᠴᠠ ᠶᠢ ᠰᠢᠯᠢᠳᠡᠭᠵᠢᠭᠦᠯᠬᠦ ᠶᠢ ᠴᠢᠩᠭ᠎ᠠ ᠱᠠᠯᠠᠪᠳᠠᠭᠤᠯᠤᠨ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠡᠯ᠎ᠡ ᠵᠦᠢᠯ ᠤᠨ ᠢᠨᠵᠧᠨᠧᠷᠢᠩ ᠢ ᠳᠡᠰ ᠳᠠᠷᠠᠭᠠᠯᠠᠯ ᠲᠠᠢ ᠴᠠᠭ ᠤᠨ ᠠᠬᠢᠴᠠ ᠪᠠᠷ ᠳᠠᠭᠤᠰᠬᠠᠬᠤ ᠶᠢ ᠬᠦᠴᠦᠲᠡᠢ ᠠᠬᠢᠭᠤᠯᠵᠤ᠂ ᠠᠷᠠᠳ ᠤᠯᠠᠨ ᠳᠤ ᠨᠡᠩ ᠤᠯᠠᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠤᠯᠭᠤᠪᠠ᠃ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠲᠣᠭᠤᠷᠢᠨ ᠳᠤ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠳᠤ ᠭᠤᠣᠯᠳᠠᠯᠭ᠎ᠠ ᠲᠠᠢ ᠬᠢᠨᠠᠯᠲᠠ ᠲᠠᠯᠪᠢᠵᠦ᠂ 2023 ᠣᠨ ᠤ ᠣᠷᠴᠢᠨ ᠲᠣᠭᠤᠷᠢᠨ ᠤ ᠪᠠᠶᠢᠳᠠᠯ ᠪᠣᠯᠣᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠵᠢᠴᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠤᠭᠰᠠᠨ ᠪᠠᠶᠢᠳᠠᠯ ᠳᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠵᠦ᠂ ᠠᠶᠤᠯᠭᠦᠢ ᠦᠢᠯᠡᠳᠪᠦᠷᠢᠯᠡᠯ ᠤᠨ ︽ᠨᠢᠭᠡ ᠬᠠᠤᠯᠢ ᠨᠢᠭᠡ ᠳᠦᠷᠢᠮ︾ ᠤᠨ ᠴᠡᠭᠴᠡᠯᠡᠯᠳᠡ ᠰᠠᠶᠢᠵᠢᠷᠠᠭᠤᠯᠤᠯᠲᠠ ᠶᠢᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠮᠥᠷᠳᠡᠨ ᠬᠢᠨᠠᠯᠲᠠ ᠲᠠᠯᠪᠢᠵᠤ᠂ ᠬᠢᠨᠠᠯᠲᠠ ᠲᠠᠯᠪᠢᠬᠤ ᠪᠠᠷ ᠳᠠᠮᠵᠢᠨ ᠤᠯᠠᠨ ᠲᠠᠯ᠎ᠠ ᠳᠤ ᠬᠦᠴᠦᠯᠡᠵᠦ᠂ ᠮᠠᠯ ᠠᠵᠤ ᠠᠬᠤᠢ ᠲᠠᠷᠢᠶᠠᠯᠠᠩ᠂ ᠣᠷᠴᠢᠨ ᠲᠣᠭᠤᠷᠢᠨ ᠤ ᠡᠬᠢ ᠪᠠᠶᠠᠯᠢᠭ᠂ ᠠᠶᠤᠯᠭᠦᠢ ᠦᠢᠯᠡᠳᠪᠦᠷᠢᠯᠡᠯ ᠤᠨ ᠬᠦᠷᠢᠶ᠎ᠡ ᠴᠠᠷᠠᠭᠠᠨ ᠤ ᠠᠵᠢᠯ ᠢ ᠲᠣᠭᠲᠠᠭᠤᠨ ᠢᠶᠠᠷ ᠠᠬᠢᠭᠤᠯᠬᠤ ᠶᠢ ᠢᠳᠡᠪᠬᠢᠲᠡᠢ ᠳᠡᠮᠵᠢᠪᠡ᠃     ᠨᠢᠭᠡ ᠵᠢᠯ ᠤᠨ ᠲᠤᠷᠰᠢ᠂ ᠪᠢᠳᠡ ᠠᠷᠠᠳ ᠲᠦᠮᠡᠨ ᠢ ᠳᠡᠭᠡᠳᠦᠯᠡᠬᠦ ᠤᠭ ᠰᠠᠨᠠᠭ᠎ᠠ ᠪᠠᠨ ᠪᠠᠲᠤ ᠰᠠᠬᠢᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠨᠢ ᠠᠷᠠᠳ ᠤᠨ ᠲᠥᠯᠥᠭᠡ ᠬᠡᠬᠦ ᠰᠢᠨ᠎ᠡ ᠴᠤᠭ ᠵᠢᠪᠬᠤᠭ᠎ᠠ ᠶᠢ ᠲᠠᠰᠤᠷᠠᠯᠲᠠ ᠦᠭᠡᠢ ᠢᠯᠡᠷᠡᠭᠦᠯᠪᠡ᠃ ᠪᠠᠶᠢᠩᠭᠤ ᠶᠢᠨ ᠬᠤᠷᠢᠶ᠎ᠠ ᠲᠥᠯᠥᠭᠡᠯᠡᠭᠴᠢᠳ ᠢ ᠬᠦᠨᠳᠦᠳᠬᠡᠬᠦ᠂ ᠲᠥᠯᠥᠭᠡᠯᠡᠭᠴᠢᠳ ᠲᠤ ᠲᠦᠰᠢᠭᠯᠡᠬᠦ᠂ ᠲᠥᠯᠥᠭᠡᠯᠡᠭᠴᠢᠳ ᠲᠤ ᠦᠢᠯᠡᠴᠢᠯᠡᠬᠦ ᠶᠢ ᠪᠠᠷᠢᠮᠲᠠᠯᠠᠵᠤ᠂ ᠲᠣᠭᠲᠠᠴᠠ ᠶᠢ ᠲᠠᠰᠤᠷᠠᠯᠳᠠ ᠦᠭᠡᠢ ᠪᠦᠷᠢᠨᠰᠢᠭᠦᠯᠦᠨ᠂ ᠲᠠᠪᠴᠠᠩ ᠪᠠᠶᠢᠭᠤᠯᠵᠤ᠂ ᠨᠥᠬᠦᠴᠡᠯ ᠡᠬᠦᠳᠦᠨ᠂ ᠲᠥᠯᠥᠭᠡᠯᠡᠭᠴᠢᠳ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠦᠬᠦ ᠬᠦᠴᠦᠨ ᠢᠶᠠᠷ ᠢᠶᠠᠨ ᠲᠡᠮᠵᠢᠨ ᠪᠠᠲᠤᠯᠠᠪᠠ᠃     ︵ᠨᠢᠭᠡ︶ ᠠᠷᠠᠳ ᠤᠨ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠦᠬᠦ ᠲᠠᠯ᠎ᠠ ᠪᠠᠷ ᠳᠡᠭᠡᠭᠰᠢᠯᠡᠪᠡ᠃ ᠰᠤᠷᠤᠯᠴᠠᠯᠭ᠎ᠠ ᠪᠣᠯᠪᠠᠰᠤᠷᠠᠭᠤᠯᠤᠯ ᠢ ᠢᠮᠠᠭᠲᠠ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠ ᠠᠷᠭ᠎ᠠ ᠮᠠᠶ᠋ᠢᠭ ᠪᠤᠯᠭᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ᠡᠯ᠎ᠡ ᠱᠠᠲᠤᠨ ᠤ ᠰᠤᠷᠤᠯᠴᠠᠯᠭ᠎ᠠ ᠪᠣᠯᠪᠠᠰᠤᠷᠠᠭᠤᠯᠤᠯ ᠳᠤ 9 ᠤᠳᠠᠭ᠎ᠠ ᠣᠷᠣᠯᠴᠠᠭᠤᠯᠵᠤ᠂ 8 ᠤᠳᠠᠭ᠎ᠠ ᠲᠥᠪᠯᠡᠷᠡᠭᠦᠯᠦᠨ ᠰᠤᠷᠤᠯᠴᠠᠭᠤᠯᠤᠭᠰᠠᠨ ᠪᠠ ᠲᠤᠬᠠᠢ ᠶᠢᠨ ᠲᠠᠯᠠᠪᠤᠷ ᠲᠤ ᠲᠣᠭᠤᠷᠢᠨ ᠦᠵᠡᠭᠦᠯᠵᠦ᠂ ᠪᠣᠯᠪᠠᠰᠤᠷᠠᠭᠤᠯᠤᠯ ᠳᠤ ᠨᠡᠶᠢᠳᠡ 600 ᠭᠠᠷᠤᠢ ᠬᠥᠮᠥᠨ ᠤᠳᠠᠭ᠎ᠠ ᠤᠷᠤᠯᠴᠠᠭᠤᠯᠪᠠ᠃ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠷᠭ᠎ᠠ ᠵᠠᠮ ᠢ ᠲᠠᠰᠤᠷᠠᠯᠳᠠ ᠦᠭᠡᠢ ᠪᠠᠶᠠᠯᠢᠭᠵᠢᠭᠤᠯᠵᠤ᠂ ᠲᠥᠯᠥᠭᠡᠯᠡᠭᠴᠢᠳ ᠢ ᠤᠷᠢᠵᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠠᠯᠳᠤᠭᠠᠨ ᠳᠤ ᠰᠤᠯᠠ ᠣᠷᠣᠯᠴᠠᠭᠤᠯᠬᠤ᠂ ᠪᠠᠶᠢᠴᠠᠭᠠᠨ ᠰᠤᠳᠤᠯᠵᠤ ᠪᠠᠶᠢᠴᠠᠭᠠᠨ ᠦᠵᠡᠬᠦ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠲᠢᠩᠬᠢᠮ ᠤᠨ ᠰᠢᠭᠦᠯᠲᠡ ᠶᠢ ᠰᠤᠯᠠ ᠰᠣᠨᠣᠰᠬᠤ ᠵᠡᠷᠭᠡ ᠠᠵᠢᠯᠯᠠᠭ᠎ᠠ ᠳᠤ 315 ᠬᠥᠮᠥᠨ ᠤᠳᠠᠭ᠎ᠠ ᠣᠷᠣᠯᠴᠠᠭᠤᠯᠵᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠡᠷᠡᠭᠵᠢᠭᠦᠯᠬᠦ᠂ ᠬᠢᠨᠠᠯᠲᠠ ᠲᠠᠯᠪᠢᠬᠤ ᠡᠯ᠎ᠡ ᠭᠤᠭᠴᠤᠭ᠎ᠠ ᠳᠤ ᠴᠥᠮ ᠠᠷᠠᠳ ᠲᠦᠮᠡᠨ ᠤ ᠰᠠᠨᠠᠯ ᠢ ᠰᠣᠨᠣᠰᠬᠤ᠂  ᠠᠷᠠᠳ ᠲᠦᠮᠡᠨ ᠤ ᠬᠦᠰᠡᠯ ᠵᠣᠷᠢᠭ ᠢ ᠢᠯᠡᠷᠡᠭᠦᠯᠬᠦ ᠶᠢ ᠦᠨᠡᠨ ᠬᠦ ᠪᠠᠲᠤᠯᠠᠪᠠ᠃ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠬᠤᠳᠠ ᠪᠠ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 19 ᠲᠥᠯᠥᠭᠡᠯᠡᠭᠴᠢ ᠶᠢ ᠬᠠᠤᠯᠢ ᠶᠣᠰᠣᠭᠠᠷ ᠨᠥᠬᠦᠨ ᠰᠣᠩᠭᠤᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠬᠡᠮᠵᠢᠶᠡᠵᠢᠭᠦᠯᠦᠨ ᠬᠢᠨᠠᠨ ᠰᠢᠯᠭᠠᠬᠤ ᠲᠣᠭᠲᠠᠴᠠ ᠶᠢ  ᠳᠡᠬᠦᠯᠳᠡᠷᠵᠢᠬᠦᠯᠦᠨ᠂ ᠬᠤᠳᠠ ᠪᠠ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ 90 ᠲᠥᠯᠥᠭᠡᠯᠡᠭᠴᠢ ᠶᠢ ᠵᠣᠬᠢᠶᠠᠨ ᠪᠠᠶᠢᠭᠤᠯᠤᠨ ᠤᠤᠯ ᠤᠨ ᠰᠣᠩᠭᠤᠭᠤᠯᠢ ᠶᠢᠨ ᠲᠣᠭᠤᠷᠢᠭ ᠤᠨ ᠰᠣᠩᠭᠤᠭᠤᠯᠢ ᠶᠢᠨ ᠠᠷᠠᠳ ᠲᠤ ᠲᠤᠰᠢᠶᠠᠯ ᠤᠨ ᠮᠡᠳᠡᠭᠦᠯᠦᠯᠲᠡ ᠬᠢᠯᠭᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠥᠯᠢ ᠶᠤᠰᠤᠨ ᠤ ᠡᠬᠦᠷᠭᠡ ᠬᠠᠷᠢᠭᠤᠴᠠᠯᠭ᠎ᠠ ᠪᠠᠨ ᠪᠡᠶᠡᠯᠡᠬᠦᠯᠬᠦ ᠶᠢ ᠱᠠᠯᠠᠪᠳᠠᠨ ᠭᠦᠢᠴᠡᠳᠬᠡᠪᠡ᠃     ︵ᠬᠤᠶᠠᠷ︶ ᠤᠯᠠᠨ ᠲᠦᠮᠡᠨ ᠲᠠᠢ ᠬᠠᠷᠢᠯᠴᠠᠬᠤ ᠠᠴᠢᠶᠠᠯᠠᠪᠤᠷᠢ ᠶᠢ ᠤᠯᠠᠨ ᠡᠰᠢᠵᠢᠭᠦᠯᠦᠨ ᠥᠷᠭᠡᠳᠬᠡᠪᠡ᠃ ︽ᠪᠠᠶᠢᠭᠤᠯᠬᠤ ᠬᠠᠮᠢᠶᠠᠷᠬᠤ ᠠᠰᠢᠭᠯᠠᠬᠤ  ᠪᠦᠲᠦᠮᠵᠢ ᠭᠠᠷᠭᠠᠬᠤ︾ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠪᠦᠬᠦ ᠲᠤᠭᠤᠷᠢᠭ ᠤᠨ 108 ︽ᠬᠠᠨᠢ᠂ ᠦᠷᠳᠡᠭᠡ᠂ ᠴᠡᠭ︾  ᠤᠨ ᠴᠢᠳᠠᠪᠬᠢ ᠶᠢ ᠥᠷᠭᠡᠳᠬᠡᠨ ᠭᠦᠨᠵᠡᠭᠡᠶᠢᠷᠡᠭᠦᠯᠵᠦ᠂ 2656 ᠬᠥᠮᠥᠨ ᠤᠳᠠᠭ᠎ᠠ ᠶᠢᠨ ᠤᠯᠠᠨ ᠲᠦᠮᠡᠨ ᠢ ᠬᠦᠯᠢᠶᠡᠨ ᠠᠪᠴᠤ᠂ 913 ᠰᠠᠨᠠᠯ ᠰᠠᠨᠠᠭᠤᠯᠭ᠎ᠠ ᠶᠢ ᠰᠤᠨᠤᠰᠤᠨ᠂ 700 ᠰᠢᠬᠠᠮ ᠠᠰᠠᠭᠤᠳᠠᠯ ᠢ ᠰᠢᠢᠳᠪᠦᠷᠢᠯᠡᠵᠦ᠂ ᠲᠥᠯᠥᠭᠡᠯᠡᠭᠴᠢᠳ ᠤᠨ ᠠᠷᠠᠳ ᠤᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ︽ᠪᠠᠭ᠎ᠠ ᠦᠷᠳᠡᠭᠡ︾ ᠶᠢ ᠤᠯᠠᠨ ᠲᠦᠮᠡᠨ ᠲᠠᠢ ᠬᠠᠷᠢᠯᠴᠠᠬᠤ ᠪᠠ ᠤᠯᠠᠨ ᠲᠦᠮᠡᠨ ᠳᠤ ᠦᠢᠯᠡᠴᠢᠯᠡᠬᠦ ᠶᠢ ᠳᠠᠶᠢᠴᠢᠯᠠᠬᠤ ︽ᠲᠤᠯᠭᠠᠭᠤᠷᠢᠯᠠᠯ ᠴᠡᠭ︾ ᠪᠣᠯᠭᠠᠪᠠ᠃ ︽ᠬᠤᠣᠰ ᠬᠠᠷᠢᠯᠴᠠᠭ᠎ᠠ︾ ᠶᠢᠨ ᠳᠦᠷᠢᠮ ᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ︽ᠰᠦᠯᠵᠢᠶᠡᠴᠢᠯᠡᠯ ᠳᠤ ᠤᠷᠤᠭᠤᠯᠬᠤ᠂ ᠪᠡᠶ᠎ᠡ ᠶᠢᠨ ᠭᠠᠷᠤᠯ ᠢᠶᠠᠨ ᠮᠡᠳᠡᠭᠳᠡᠬᠦ︾ ᠪᠣᠯᠭᠠᠵᠤ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ᠂ ᠵᠠᠭᠠᠯᠳᠤᠬᠤ ᠠᠴᠠ ᠡᠮᠦᠨ᠎ᠡ ᠡᠶᠡᠳᠡᠭᠦᠯᠬᠦ ᠵᠡᠷᠭᠡ ᠠᠵᠢᠯ ᠳᠤ ᠢᠳᠡᠪᠬᠢᠲᠡᠢ ᠤᠷᠤᠯᠴᠠᠭᠤᠯᠤᠨ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 2 ᠲᠥᠯᠥᠭᠡᠯᠡᠭᠴᠢ ᠶᠢ ᠰᠣᠩᠭᠤᠨ ᠭᠠᠷᠭᠠᠵᠤ ᠬᠤᠳᠠ ᠶᠢᠨ ᠲᠡᠰ ᠤᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠬᠢᠨᠠᠬᠤ ᠣᠨᠴᠠ ᠤᠷᠢᠭᠰᠠᠨ ᠬᠢᠨᠠᠯᠲᠠ ᠲᠠᠯᠪᠢᠭᠴᠢ ᠶᠢᠨ ᠲᠤᠰᠢᠶᠠᠯ ᠢ ᠡᠬᠦᠷᠭᠡᠯᠡᠬᠦᠯᠦᠨ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠤᠨ ᠲᠤᠰᠬᠠᠢ ᠲᠦᠷᠦᠯ ᠤᠨ ᠱᠠᠯᠠᠪᠳᠠᠭᠤᠯᠤᠨ ᠪᠠᠶᠢᠴᠠᠭᠠᠯᠲᠠ ᠶᠢ ᠥᠷᠨᠢᠭᠦᠯᠬᠦ ᠳᠤ ᠬᠠᠮᠵᠢᠯᠴᠠᠭᠤᠯᠪᠠ︔ 116 ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠭᠡᠭᠴᠢ ᠶᠢᠨ ᠲᠤᠰᠢᠶᠠᠯ ᠢ ᠡᠭᠦᠷᠭᠡᠯᠡᠵᠦ᠂ ᠵᠠᠬᠢᠳᠠᠯ ᠰᠣᠷᠪᠤᠯᠵᠢᠯᠠᠭ᠎ᠠ ᠶᠢᠨ 163 ᠬᠡᠷᠡᠭ ᠢ ᠣᠷᠣᠯᠠᠨ ᠰᠢᠢᠳᠪᠦᠷᠢᠯᠡᠪᠡ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 24 ᠲᠥᠯᠥᠭᠡᠯᠡᠭᠴᠢ ᠣᠨᠴᠠ ᠤᠷᠢᠭᠰᠠᠨ ᠡᠶᠡᠳᠡᠭᠦᠯᠦᠭᠴᠢ ᠶᠢᠨ ᠲᠤᠰᠢᠶᠠᠯ ᠢ ᠡᠬᠦᠷᠬᠡᠯᠡᠨ᠂ ᠨᠡᠶᠢᠳᠡ 509 ᠬᠡᠷᠡᠭ ᠢ ᠡᠶᠡᠳᠡᠬᠦᠯᠦᠨ ᠰᠢᠢᠳᠪᠤᠷᠢᠯᠡᠵᠦ ᠂ 402 ᠬᠡᠷᠡᠭ ᠢ ᠡᠶᠡᠳᠡᠬᠦᠯᠦᠨ ᠪᠤᠴᠭᠠᠵᠦ᠂ ᠲᠥᠯᠥᠭᠡᠯᠡᠭᠴᠢᠳ ᠤᠨ ᠠᠵᠢᠯ ᠪᠣᠯᠣᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠬᠠᠷᠢᠯᠴᠠᠨ ᠬᠠᠮᠵᠢᠯᠴᠠᠬᠤ ᠰᠢᠨ᠎ᠡ ᠪᠠᠶᠢᠷᠢᠰᠢᠯ ᠢ ᠠᠩᠬ᠎ᠠ ᠠᠯᠬᠤᠮ ᠪᠤᠢ ᠪᠣᠯᠭᠠᠪᠠ᠃     ︵ᠭᠤᠷᠪᠠ︶ ᠠᠷᠠᠳ ᠤᠨ ᠰᠠᠨᠠᠭ᠎ᠠ ᠶᠢ ᠲᠥᠪᠯᠡᠷᠡᠭᠦᠯᠦᠭᠰᠡᠨ ᠦᠢᠯᠡᠳᠦᠯᠭᠡ ᠢᠯᠡᠳᠲᠡ ᠦᠷ᠎ᠡ ᠪᠦᠲᠦᠮᠵᠢ ᠣᠯᠪᠠ᠃ ︽ᠠᠷᠠᠳ ᠤᠨ ᠬᠦᠰᠡᠯ ᠱᠠᠭᠠᠷᠳᠠᠯᠭ᠎ᠠ ᠳᠤ ᠪᠢᠳᠡ ᠬᠠᠷᠢᠭᠤ ᠥᠭᠬᠦ︾ ᠶᠢ ᠪᠠᠷᠢᠮᠳᠠᠯᠠᠨ᠂ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠰᠢᠢᠳᠪᠦᠷᠢᠯᠡᠬᠦ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠲᠥᠯᠥᠭᠡᠯᠡᠭᠴᠢᠳ ᠤᠨ ᠳᠤᠷᠠᠳᠤᠭᠰᠠᠨ 80 ᠬᠤᠪᠢ ᠰᠠᠨᠠᠭᠤᠯᠭ᠎ᠠ ᠶᠢᠨ ᠬᠠᠷᠢᠭᠤᠯᠲᠠ ᠥᠭᠭᠦᠭᠰᠡᠨ ᠨᠣᠷᠮ᠎ᠠ 100% ᠳᠤ ᠬᠦᠷᠴᠦ᠂ 78 ᠬᠤᠪᠢ ᠨᠢ ᠰᠠᠨᠠᠭᠠᠨ ᠳᠤ ᠨᠡᠶᠢᠴᠡᠭᠰᠡᠨ ᠪᠠᠶᠢᠵᠤ᠂ 2 ᠬᠤᠪᠢ ᠨᠢ ᠦᠨᠳᠦᠰᠦᠨ ᠳᠡᠭᠡᠨ ᠰᠠᠨᠠᠭᠠᠨ ᠳᠤ ᠨᠡᠶᠢᠴᠡᠭᠰᠡᠨ ᠪᠠᠶᠢᠨ᠎ᠠ︔ ᠰᠦᠯᠵᠢᠶ᠎ᠡ ᠪᠠᠷ ᠰᠢᠭᠤᠳ ᠨᠡᠪᠲᠡᠷᠡᠭᠦᠯᠬᠦ ᠬᠡᠯᠪᠡᠷᠢ ᠪᠠᠷ ᠳᠠᠮᠵᠢᠭᠤᠯᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠠ ᠡᠮᠴᠢᠯᠡᠭᠡᠨ ᠤ ᠬᠦᠷᠢᠶᠡᠨ ᠳᠠᠬᠢ B ᠲᠥᠷᠥᠯ ᠤᠨ ᠰᠠᠨᠠᠭᠤᠯᠭ᠎ᠠ ᠶᠢ ᠭᠦᠢᠴᠡᠳᠬᠡᠭᠰᠡᠨ ᠪᠠᠶᠢᠳᠠᠯ ᠳᠤ ᠦᠨᠡᠯᠡᠯᠲᠡ ᠬᠢᠵᠦ᠂ ᠳᠠᠭᠠᠭᠠᠴᠢᠯᠠᠨ ᠭᠦᠢᠴᠡᠳᠬᠡᠬᠦ ᠨᠢᠭᠡᠴᠢ ᠶᠢᠨ ᠠᠮᠠᠯᠠᠯᠲᠠ ᠪᠠᠨ ᠪᠡᠶᠡᠯᠡᠭᠦᠯᠵᠦ ᠠᠮᠠᠯᠠᠯᠲᠠ ᠪᠠᠨ ᠦᠢᠯᠡᠳᠦᠯᠬᠡᠵᠢᠬᠦᠯᠬᠦ ᠶᠢ ᠱᠠᠯᠠᠪᠳᠠᠨ ᠱᠠᠭᠠᠷᠳᠠᠵᠤ᠂ ᠦᠯᠡᠳᠡᠭᠳᠡᠯ ᠠᠰᠠᠭᠤᠳᠠᠯ ᠢ ᠪᠦᠲᠦᠮᠵᠢᠲᠡᠶ ᠰᠢᠢᠳᠪᠤᠷᠢᠯᠡᠪᠡ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠢᠯᠧᠲ ᠢᠶᠠᠷ ᠲᠣᠭᠲᠠᠭᠠᠬᠤ ᠳᠦᠷᠢᠮ ᠤᠨ ᠠᠵᠢᠯ ᠢ ᠰᠠᠶᠢᠲᠤᠷ ᠡᠷᠭᠢᠯᠡᠵᠦ᠂ ᠨᠡᠶᠢᠲᠡ 7 ᠳ᠋ᠦᠩᠰᠢᠭᠤᠷ ᠰᠢᠬᠠᠮ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠬᠡᠷᠡᠭᠵᠢᠭᠦᠯᠦᠭᠰᠡᠨ ᠪᠦᠬᠦᠢ ᠲᠤᠭᠤᠷᠢᠭ ᠤᠨ ᠲᠠᠰ ᠤᠨ 10 ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠪᠠ ᠪᠠᠯᠭᠠᠰᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ 140 ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠦᠬᠦᠨ ᠢ ᠳᠠᠭᠤᠰᠬᠠᠪᠠ᠃ ᠡᠭᠦᠨ ᠳᠤ᠂ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠨᠡᠬᠡᠮᠡᠯ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠬᠢ ᠰᠤᠷᠭᠠᠭᠤᠯᠢ ᠶᠢᠨ ᠲᠣᠭᠤᠷᠢᠭ ᠢ ᠥᠭᠡᠷᠡᠴᠢᠯᠡᠨ ᠪᠠᠶᠢᠭᠤᠯᠵᠤ᠂ ᠲᠣᠭᠤᠷᠢᠭ ᠤᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠢ ᠰᠢᠨ᠎ᠡ ᠪᠠᠷ ᠪᠠᠶᠢᠭᠤᠯᠵᠤ᠂ 46 ᠵᠢᠭᠠᠨ ᠰᠤᠷᠭᠠᠬᠤ ᠠᠩᠭᠢ᠂ 2300 ᠡᠷᠳᠡᠮ ᠤᠨ ᠴᠣᠯᠠ ᠶᠢ ᠰᠢᠨ᠎ᠡ ᠪᠠᠷ ᠨᠡᠮᠡᠭᠳᠡᠬᠦᠯᠪᠡ︔ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ︵ᠥᠷᠲᠡᠭᠡ︶ ᠢ 9 ᠰᠢᠨ᠎ᠡ ᠪᠠᠷ ᠨᠡᠮᠡᠭᠳᠡᠭᠦᠯᠵᠦ᠂ ᠨᠠᠰᠤᠲᠠᠶᠢᠴᠤᠳ ᠤᠨ ᠬᠤᠭᠤᠯᠠᠨ ᠭᠡᠷ ᠢ 13 ᠰᠢᠨ᠎ᠡ ᠪᠠᠷ ᠪᠠᠶᠢᠭᠤᠯᠵᠤ᠂ ᠵᠢᠯ ᠤᠨ ᠦᠢᠯᠡᠴᠢᠯᠡᠭᠡ 80 ᠲᠦᠮᠡᠨ ᠬᠥᠮᠥᠨ ᠤᠳᠠᠭ᠎ᠠ ᠶᠢ ᠳᠠᠪᠠᠵᠤ᠂ ᠨᠠᠶᠢᠳᠠᠪᠤᠷᠢᠵᠢᠭᠤᠯᠤᠭᠳᠠᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠪᠦᠷᠢ ᠨᠢ ᠣᠯᠠᠨ ᠲᠦᠮᠡᠨ ᠳᠤ ︽ᠠᠷᠠᠳ ᠤᠨ ᠠᠮᠢᠳᠤᠷᠠᠯ ᠤᠨ ᠬᠠᠶᠢᠷ᠎ᠠ ᠬᠠᠯᠠᠮᠵᠢ︾ ᠶᠢ ᠦᠨᠡᠨ ᠬᠦ ᠮᠡᠳᠡᠷᠡᠭᠦᠯᠪᠡ᠃ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠶᠢᠨ ᠠᠷᠭ᠎ᠠ ᠵᠠᠮ ᠤᠨ ᠰᠢᠨᠡᠴᠢᠯᠡᠯᠳᠡ ᠶᠢ ᠰᠦᠪᠡᠭᠴᠢᠯᠡᠵᠦ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠠᠰᠠᠭ ᠤᠨ ᠶᠠᠪᠤᠳᠠᠯ ᠢ ᠵᠥᠪᠯᠡᠬᠦ ᠲᠥᠯᠥᠭᠡᠯᠡᠭᠴᠢᠳ ᠤᠨ ᠬᠤᠷᠠᠯ ᠤᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ 359 ᠨᠡᠷᠡᠰ ᠵᠠᠰᠠᠭ ᠤᠨ ᠶᠠᠪᠤᠳᠠᠯ ᠢ ᠵᠥᠪᠯᠡᠬᠦ ᠲᠥᠯᠥᠭᠡᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ᠂ ᠵᠠᠬᠢᠳᠠᠯ ᠰᠣᠷᠪᠤᠯᠵᠢᠯᠠᠭ᠎ᠠ ᠶᠢ ᠬᠦᠯᠢᠶᠡᠨ ᠠᠪᠬᠤ᠂ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠵᠡᠷᠭᠡ ᠠᠵᠢᠯᠯᠠᠭ᠎ᠠ ᠳᠤ 420 ᠲᠠᠯᠠᠪᠤᠷ ᠤᠳᠠᠭ᠎ᠠ ᠢᠳᠡᠪᠬᠢᠲᠡᠢ ᠣᠷᠣᠯᠴᠠᠵᠤ᠂  ᠬᠦᠴᠢᠷᠳᠡᠯ ᠲᠠᠢ ᠬᠥᠮᠥᠰ ᠢ 3747 ᠬᠥᠮᠥᠨ ᠤᠳᠠᠭ᠎ᠠ ᠬᠠᠪᠰᠤᠷᠤᠨ ᠲᠡᠳᠬᠦᠵᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠳᠠᠮᠵᠢᠭᠤᠯᠬᠤ ᠠᠷᠭ᠎ᠠ ᠵᠠᠮ ᠢ ᠲᠠᠰᠤᠷᠠᠯᠲᠠ ᠦᠭᠡᠢ ᠦᠷᠭᠡᠳᠬᠡᠨ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃ ᠡᠨᠡ ᠵᠢᠯ ᠤᠨ ᠪᠦᠬᠦ ᠬᠤᠳᠠ ᠶᠢᠨ ᠵᠠᠰᠠᠭ ᠤᠨ ᠶᠠᠪᠤᠳᠠᠯ ᠢ ᠵᠥᠪᠯᠡᠬᠦ ᠲᠥᠯᠥᠭᠡᠯᠡᠭᠴᠢᠳ ᠤᠨ ᠠᠵᠢᠯ ᠤᠨ ᠲᠤᠬᠠᠢ ᠶᠢᠨ ᠲᠠᠯᠠᠪᠠᠢ ᠶᠢᠨ ᠬᠤᠷᠠᠯ ᠳ᠋ᠦᠩᠱᠧᠩ ᠳᠤ ᠬᠤᠷᠠᠯᠳᠤᠵᠤ᠂ ᠲᠤᠰ ᠠᠵᠢᠯ ᠢ ᠪᠦᠬᠦ ᠬᠤᠳᠠ ᠶᠢᠨ ᠨᠡᠶᠢᠲᠡᠯᠢᠭ ᠵᠢᠱᠢᠶ᠎ᠡ ᠶᠢᠨ ᠬᠤᠪᠢ ᠪᠠᠷ ᠪᠦᠬᠦ ᠲᠠᠯ᠎ᠠ ᠪᠠᠷ ᠰᠤᠷᠳᠠᠯᠴᠢᠯᠠᠭᠳᠠᠪᠠ᠃     ᠨᠢᠭᠡ ᠵᠢᠯ ᠤᠨ ᠲᠤᠷᠰᠢ᠂ ᠪᠢᠳᠡ ᠳᠦᠷᠢ ᠲᠥᠷᠬᠦ ᠶᠢ ᠱᠤᠭᠤᠵᠤ ᠰᠦᠭ ᠰᠦᠨᠡᠰᠦ ᠶᠢ ᠱᠤᠭᠤᠬᠤ ᠬᠠᠲᠠᠭᠤ ᠵᠣᠷᠢᠭ ᠢ ᠴᠢᠩᠳᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠦᠨᠳᠦᠰᠦ ᠰᠠᠭᠤᠷᠢ ᠪᠠᠨ ᠪᠠᠲᠤᠳᠬᠠᠨ ᠪᠠᠬᠢᠵᠢᠭᠦᠯᠬᠦ ᠳᠤᠮᠳᠠ ᠲᠠᠰᠤᠷᠠᠯᠲᠠ ᠦᠭᠡᠢ ᠰᠢᠨ᠎ᠡ ᠠᠮᠢᠵᠢᠷᠠᠯ ᠤᠨ ᠬᠦᠴᠦᠨ ᠢᠶᠠᠨ ᠡᠷᠴᠢᠯᠡᠪᠡ᠃ ᠪᠠᠶᠢᠩᠭᠤ ᠶᠢᠨ ᠬᠤᠷᠢᠶ᠎ᠠ ︽ᠲᠦᠷᠪᠡᠨ ᠪᠠᠶᠢᠭᠤᠯᠭ᠎ᠠ︾ ᠶᠢ ᠪᠠᠶᠢᠭᠤᠯᠬᠤ ᠪᠠᠶᠢᠷᠢ ᠲᠣᠭᠲᠠᠭᠠᠯᠲᠠ ᠶᠢᠨ ᠱᠠᠭᠠᠷᠳᠠᠯᠭ᠎ᠠ ᠳᠤ ᠴᠢᠭᠯᠡᠭᠦᠯᠦᠨ᠂ ᠳᠣᠲᠣᠭᠠᠳᠤ ᠳᠠᠭᠠᠨ ᠬᠡᠪ ᠴᠢᠨᠠᠷ ᠢᠶᠠᠨ ᠳᠡᠭᠡᠭᠰᠢᠯᠡᠭᠦᠯᠵᠦ᠂ ᠭᠠᠳᠠᠨ᠎ᠠ ᠪᠠᠨ ᠳᠦᠷᠢ ᠲᠥᠷᠬᠦ  ᠪᠠᠨ ᠱᠤᠭᠤᠬᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠢᠷᠢ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠤᠨ ᠤᠷᠤᠭᠰᠢᠲᠠᠢ ᠶᠠᠪᠤᠭᠳᠠᠬᠤ ᠳᠤ ᠬᠦᠴᠦᠲᠡᠢ ᠪᠠᠲᠤᠯᠠᠭ᠎ᠠ ᠬᠠᠩᠭᠠᠪᠠ᠃     ︵ᠨᠢᠭᠡ︶ ᠳᠣᠲᠣᠭᠠᠳᠤ ᠳᠠᠭᠠᠨ ᠡᠷᠳᠡᠮ ᠴᠢᠳᠠᠪᠤᠷᠢ ᠪᠠᠨ ᠦᠷᠭᠦᠯᠵᠢᠯᠡᠨ ᠪᠣᠯᠪᠠᠰᠤᠷᠠᠭᠤᠯᠵᠤ ︽ᠦᠷ᠎ᠡ ᠪᠦᠲᠦᠮᠵᠢ ᠪᠠᠨ ᠴᠢᠩᠭᠠᠳᠬᠠᠪᠠ︾᠃ ᠤᠯᠤᠰ ᠲᠦᠷᠦ ᠶᠢᠨ ᠪᠠᠶᠢᠭᠤᠯᠭ᠎ᠠ ᠶᠢᠨ ᠪᠠᠶᠢᠷᠢ ᠲᠣᠭᠲᠠᠭᠠᠯᠲᠠ ᠶᠢ ᠲᠤᠪᠤᠶᠢᠯᠭᠠᠵᠤ᠂ ᠲᠥᠪᠯᠡᠷᠡᠭᠦᠯᠦᠨ ᠪᠣᠯᠪᠠᠰᠤᠷᠠᠭᠤᠯᠬᠤ᠂ ᠲᠤᠰᠬᠠᠢ ᠰᠡᠳᠦᠪᠲᠦ ᠲᠠᠶᠢᠯᠤᠮᠵᠢ ᠬᠢᠬᠦ᠂ ᠰᠦᠯᠵᠢᠶᠡᠨ ᠳᠡᠭᠡᠷ᠎ᠡ ᠰᠤᠷᠤᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠠᠳ᠂ ᠨᠠᠮ ᠤᠨ ᠰᠢᠨ᠎ᠡ ᠶᠢ ᠡᠭᠦᠳᠬᠦ ᠤᠨᠤᠯ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠬᠠᠶᠢᠯᠠᠭᠰᠠᠨ ᠠᠵᠢᠯ ᠤᠨ ᠮᠡᠳᠡᠯᠭᠡ ᠶᠢ ᠰᠢᠰᠲ᠋ᠧᠮ ᠲᠠᠢ ᠪᠠᠷ ᠰᠤᠷᠤᠯᠴᠠᠵᠤ᠂ ᠤᠯᠤᠰ ᠲᠦᠷᠦ ᠶᠢᠨ ᠢᠯᠭᠠᠨ ᠲᠠᠨᠢᠬᠤ ᠴᠢᠳᠠᠪᠤᠷᠢ᠂ ᠶᠡᠭᠡ ᠲᠠᠯ᠎ᠠ ᠶᠢ ᠡᠵᠡᠮᠳᠡᠬᠦ ᠴᠢᠳᠠᠪᠤᠷᠢ ᠪᠠ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠪᠠ᠃ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠬᠤ ᠶᠢ ᠲᠠᠰᠤᠷᠠᠯᠲᠠ ᠦᠭᠡᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠬᠠᠤᠯᠢ ᠶᠣᠰᠣᠭᠠᠷ ᠲᠦᠯᠬᠢᠨ ᠠᠬᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠬᠤᠶᠠᠷ ᠲᠤ ᠮᠡᠳᠡᠭᠦᠯᠬᠦ᠂ ᠬᠤᠶᠠᠷ ᠲᠤ ᠦᠢᠯᠡᠴᠢᠯᠡᠬᠦ᠂ ᠬᠤᠶᠠᠷ ᠢ ᠠᠭᠤᠰᠤᠯᠴᠠᠭᠤᠯᠬᠤ︾ ᠠᠵᠢᠯ ᠤᠨ ᠲᠣᠭᠲᠠᠴᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠪᠠᠶᠢᠭᠤᠯᠭ᠎ᠠ ᠶᠢᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠪᠡ᠃ ︽ᠣᠶᠤᠯᠢᠭ ᠬᠥᠮᠥᠷᠭᠡ︾ ᠶᠢᠨ ᠵᠢᠷᠤᠮᠵᠢᠭᠤᠯᠤᠯᠲᠠ᠂ ᠰᠢᠰᠲ᠋ᠧᠮᠵᠢᠭᠦᠯᠦᠭᠰᠡᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ︽ᠣᠶᠤᠯᠢᠭ ᠬᠥᠮᠥᠷᠭᠡ︾ ᠶᠢᠨ ᠲᠤᠰᠬᠠᠢ ᠮᠡᠷᠭᠡᠵᠢᠯᠲᠡᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠭᠤᠣᠯᠳᠠᠯᠭ᠎ᠠ ᠲᠠᠢ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠦ᠂ ᠰᠤᠳᠤᠯᠭᠠᠨ ᠤ ᠦᠷ᠎ᠡ ᠪᠦᠲᠦᠭᠡᠯ ᠢ ᠡᠭᠦᠳᠴᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨᠵᠢᠯᠡᠬᠦ ᠤᠬᠠᠭᠠᠨᠴᠢᠯᠠᠯᠲᠠ᠂ ᠲᠤᠰᠬᠠᠶᠢᠵᠢᠯᠲᠠ ᠶᠢᠨ ᠬᠢᠷᠢ ᠲᠦᠪᠰᠢᠨ ᠢ ᠪᠦᠲᠦᠮᠵᠢᠲᠡᠶ ᠪᠠᠷ ᠳᠡᠭᠡᠭᠰᠢᠯᠡᠭᠦᠯᠪᠡ᠃     ︵ᠬᠤᠶᠠᠷ︶ ᠤᠬᠠᠭᠤᠯᠭ᠎ᠠ ᠶᠢᠨ ︽ᠳᠦᠷᠢ ᠲᠥᠷᠬᠦ ᠶᠢ ᠱᠤᠭᠤᠬᠤ︾ ᠶᠢ ᠦᠷᠭᠦᠯᠵᠢᠯᠡᠨ ᠴᠢᠩᠭᠠᠷᠠᠭᠤᠯᠪᠡ᠃ ᠪᠠᠶᠢᠩᠭᠤ ᠶᠢᠨ ᠬᠤᠷᠢᠶ᠎ᠠ ᠬᠠᠮ ᠵᠠᠭᠤᠴᠢᠯᠠᠭᠤᠷ ᠤᠨ ᠴᠠᠭ ᠦᠶ᠎ᠡ ᠶᠢᠨ ᠤᠬᠠᠭᠤᠯᠭ᠎ᠠ ᠶᠢᠨ ᠣᠨᠴᠠᠯᠢᠭ ᠢ ᠣᠨᠣᠪᠴᠢᠲᠠᠶ ᠡᠵᠡᠮᠳᠡᠵᠦ᠂ ᠲᠧᠯᠸᠢᠰ᠂ ᠰᠦᠯᠵᠢᠶ᠎ᠡ᠂ ᠰᠣᠨᠢᠨ ᠰᠡᠳᠬᠦᠯ ᠵᠡᠷᠭᠡ ᠡᠯ᠎ᠡ ᠲᠦᠷᠦᠯ ᠤᠨ ᠤᠬᠠᠭᠤᠯᠭ᠎ᠠ ᠶᠢᠨ ᠲᠠᠪᠴᠠᠩ ᠢ ᠭᠦᠢᠴᠡᠳ ᠠᠰᠢᠭᠯᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠢᠳᠡᠪᠬᠢᠲᠡᠢ ᠪᠠᠷ ᠤᠬᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠠᠮᠢᠳᠤᠯᠢᠭ ᠦᠢᠯᠡᠳᠦᠯᠭᠡ ᠶᠢ ᠪᠦᠬᠦ ᠲᠠᠯ᠎ᠠ ᠪᠠᠷ᠂ ᠤᠯᠠᠨ ᠬᠠᠷᠠᠭᠠᠰᠤ ᠠᠴᠠ᠂ ᠭᠦᠨ ᠳᠠᠪᠬᠤᠷᠭ᠎ᠠ ᠠᠴᠠ ᠮᠡᠳᠡᠭᠡᠯᠡᠪᠡ᠃ ︽ᠠᠷᠠᠳ ᠤᠨ ᠡᠳᠦᠷ ᠤᠨ ᠰᠣᠨᠢᠨ︾ ︽ᠥᠪᠥᠷ ᠮᠣᠩᠭᠤᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ︾ ᠪᠣᠯᠣᠨ ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ ᠵᠡᠷᠭᠡ ᠵᠠᠭᠤᠴᠢᠯᠠᠭᠤᠷ ᠤᠨ ᠲᠠᠪᠴᠠᠩ ᠳᠤ 44 ᠬᠤᠪᠢ ᠰᠣᠨᠢᠨ ᠮᠡᠳᠡᠭᠡᠨ ᠤ ᠡᠬᠡ ᠪᠢᠴᠢᠭ ᠨᠡᠶᠢᠲᠡᠯᠡᠵᠦ᠂ ᠡᠭᠦᠨ ᠳᠤ᠂ ︽ᠵᠠᠰᠠᠭ ᠤᠨ ᠶᠠᠪᠤᠳᠠᠯ ᠢ ᠵᠥᠪᠯᠡᠬᠦ ᠲᠥᠯᠥᠭᠡᠯᠡᠭᠴᠢᠳ ᠤᠨ ᠬᠤᠷᠠᠯ ᠨᠢ ᠬᠤᠲᠠ ᠶᠢᠨ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠥᠷᠥ ᠶᠢᠨ ︿ᠮᠡᠳᠡᠷᠡᠯ ᠤᠨ ᠰᠡᠵᠢᠭᠦᠷ﹀ ᠢ ᠬᠥᠭᠵᠢᠭᠡᠨ ᠠᠮᠢᠯᠠᠭᠤᠯᠪᠠ︾ ᠭᠡᠰᠡᠨ ᠨᠡᠶᠢᠲᠡᠯᠡᠯ ᠨᠢ ᠠᠷᠠᠳ ᠤᠨ ᠡᠳᠦᠷ ᠤᠨ ᠰᠣᠨᠢᠨ ᠤ ᠬᠡᠷᠡᠭᠯᠡᠭᠴᠢ ᠶᠢᠨ ᠦᠵᠦᠭᠦᠷ ᠲᠤ 20 ᠲᠦᠮᠡ ᠰᠢᠬᠠᠮ ᠬᠥᠮᠥᠨ ᠤ ᠣᠩᠰᠢᠯᠭ᠎ᠠ ᠶᠢ ᠣᠯᠵᠤ᠂ ᠹᠦ᠋ ᠰᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ︽︿ᠭᠤᠷᠪᠠᠨ ᠵᠤᠷᠪᠤᠰ﹀ ᠠᠷᠭ᠎ᠠ ᠵᠠᠮ ᠢ ᠥᠷᠭᠡᠳᠬᠡᠵᠦ᠂ ᠣᠯᠠᠨ ᠲᠦᠮᠡᠨ ᠤ ᠠᠵᠠ ᠵᠢᠷᠭᠠᠯ ᠤᠨ ᠵᠠᠮ ᠢ ᠳᠡᠪᠢᠰᠬᠦᠢ︾᠂ ᠨᠡᠬᠡᠮᠡᠯ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ︽ᠪᠥᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠤᠨ ᠪᠣᠳᠠᠲᠠᠢ ᠠᠵᠢᠯ ᠬᠢᠵᠦ᠂ ᠠᠷᠠᠳ ᠤᠨ ᠠᠮᠢᠳᠤᠷᠠᠯ ᠤᠨ ︿ᠰᠡᠳᠬᠢᠯ ᠤᠨ ᠶᠠᠪᠤᠳᠠᠯ﹀ ᠢ ᠨᠠᠶᠢᠳᠠᠪᠤᠷᠢᠵᠢᠭᠤᠯᠪᠠᠢ︾ ᠵᠡᠷᠭᠡ ᠠᠵᠢᠯ ᠤᠨ ᠬᠢᠯᠠᠰ ᠴᠡᠭ ᠢ ᠥᠪᠥᠷ ᠮᠣᠩᠭᠤᠯ ᠤᠨ ᠲᠧᠯᠸᠢᠰ ᠬᠤᠷᠢᠶ᠎ᠠ ᠵᠡᠷᠭᠡ ᠵᠠᠭᠤᠴᠢᠯᠠᠭᠤᠷ ᠤᠨ  ᠬᠢᠨ ᠮᠡᠳᠡᠭᠡᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠨᠥᠯᠥᠭᠡᠯᠡᠬᠦ ᠬᠦᠴᠦᠨ ᠡᠳᠦᠷ ᠢᠷᠡᠬᠦᠶ᠎ᠡ ᠴᠢᠩᠭᠠᠷᠠᠪᠠ᠃     ︵ᠭᠤᠷᠪᠠ︶ ᠦᠷᠭᠦᠯᠵᠢᠯᠡᠨ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ ᠳᠤ ︽ᠥᠯᠢᠭᠡᠷ ᠳᠠᠭᠤᠷᠢᠶᠠᠯ ᠪᠣᠯᠪᠠ︾᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠪᠠ ᠨᠠᠮ ᠤᠨ ᠳᠣᠲᠣᠭᠠᠳᠤ ᠶᠢᠨ ᠰᠠᠬᠢᠯᠭ᠎ᠠ ᠪᠠᠲᠤ ᠶᠢᠨ ᠬᠢᠨᠠᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠪᠦᠯᠦᠭᠯᠡᠯᠴᠢᠯᠡᠭᠰᠡᠨ ᠰᠤᠷᠭᠠᠭᠤᠯᠢ ᠡᠷᠬᠢᠯᠡᠬᠦ᠂ ︽ᠳᠤᠯᠠᠭᠠᠴᠠᠭᠤᠯᠬᠤ ᠢᠨᠵᠧᠨᠧᠷᠢᠩ︾᠂ ᠠᠶᠤᠯᠭᠦᠢ ᠦᠢᠯᠡᠳᠪᠦᠷᠢᠯᠡᠯ ᠤᠨ ᠠᠵᠢᠯ ᠲᠠᠢ ᠤᠶᠠᠯᠳᠤᠭᠤᠯᠤᠨ ᠬᠠᠮᠲᠤᠷᠠᠭᠰᠠᠨ ᠬᠢᠨᠠᠯᠲᠠ ᠲᠠᠯᠪᠢᠬᠤ ᠠᠵᠢᠯ ᠢ ᠥᠷᠨᠢᠭᠦᠯᠵᠦ᠂ ᠪᠠᠶᠢᠴᠠᠭᠠᠯᠲᠠ ᠪᠠᠷ ᠢᠯᠡᠷᠡᠭᠦᠯᠦᠭᠰᠡᠨ ᠪᠥᠭᠡᠳ ᠬᠢᠨᠠᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠲᠠᠪᠴᠠᠩ ᠳᠤ ᠳᠠᠮᠵᠢᠭᠤᠯᠤᠭᠰᠠᠨ 22 ᠵᠤᠷᠪᠤᠰ ᠠᠰᠠᠭᠤᠳᠠᠯ ᠢ ᠴᠥᠮ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠵᠤ᠂ ᠬᠠᠮᠵᠢᠯᠴᠠᠨ ᠬᠢᠨᠠᠯᠲᠠ ᠲᠠᠯᠪᠢᠬᠤ ᠶᠢᠨ ᠥᠨᠳᠥᠷ ᠪᠦᠲᠦᠮᠵᠢᠲᠦ ᠴᠢᠨᠠᠷ ᠠᠯᠬᠤᠮ ᠠᠯᠬᠤᠮ ᠢᠶᠠᠷ ᠲᠣᠪᠣᠶᠢᠮ᠎ᠠ ᠪᠣᠯᠪᠠ᠃ ᠭᠠᠳᠠᠭᠰᠢ ᠪᠠᠨ ᠬᠠᠮᠲᠤᠷᠠᠯᠴᠠᠭ᠎ᠠ ᠰᠣᠯᠢᠯᠴᠠᠭ᠎ᠠ ᠬᠢᠬᠦ ᠶᠢ ᠲᠠᠰᠤᠷᠠᠯᠲᠠ ᠦᠭᠡᠢ ᠴᠢᠩᠭᠠᠳᠬᠠᠵᠤ᠂ ᠵᠢᠶᠠᠩᠰᠤ ᠮᠤᠵᠢ᠂ ᠵᠧᠵᠢᠶᠠᠩ ᠮᠤᠵᠢ᠂ ᠭᠤᠸᠠᠩᠳᠦ᠋ᠩ ᠮᠣᠵᠢ ᠵᠡᠷᠭᠡ ᠭᠠᠵᠠᠷ ᠲᠤ ᠬᠦᠷᠴᠦ ᠲᠡᠷᠢᠭᠦᠨ ᠤ ᠠᠵᠢᠯ ᠤᠨ ᠲᠤᠷᠰᠢᠯᠭ᠎ᠠ ᠶᠢ ᠰᠢᠨᠵᠢᠯᠡᠨ ᠪᠠᠶᠢᠴᠠᠭᠠᠵᠤ᠂ ᠲᠡᠮᠡᠭᠡᠲᠦ ᠬᠤᠲᠠ ᠶᠢᠨ ᠢᠦ᠋ᠢᠶᠠᠩ ᠲᠣᠭᠤᠷᠢᠭ ᠵᠡᠷᠭᠡ 13 ᠬᠤᠲᠠ ᠲᠣᠭᠤᠷᠢᠭ ᠲᠠᠢ ᠨᠥᠬᠦᠷᠰᠡᠭ ᠢᠶᠠᠷ ᠬᠠᠮᠲᠤᠷᠠᠨ ᠠᠵᠢᠯᠯᠠᠬᠤ ᠬᠡᠯᠡᠯᠴᠡᠭᠡᠷ ᠲᠣᠭᠲᠠᠵᠤ᠂ ᠣᠷᠣᠨ ᠪᠦᠰᠡ ᠶᠢᠨ ᠬᠠᠮᠵᠢᠯᠴᠠᠭᠠᠨ ᠤ ᠴᠢᠳᠠᠪᠤᠷᠢ ᠪᠠᠨ ᠮᠡᠳᠡᠭᠳᠡᠬᠦᠶᠢᠴᠡ ᠳᠡᠭᠡᠭᠰᠢᠯᠡᠭᠦᠯᠪᠡ᠃ ᠪᠠᠯᠭᠠᠰᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠵᠢᠯᠤᠭᠤᠳᠬᠤ ᠡᠷᠴᠢᠮ ᠢᠶᠠᠨ ᠬᠦᠴᠦᠯᠡᠨ ᠴᠢᠩᠭᠠᠷᠠᠭᠤᠯᠵᠤ᠂ ᠪᠠᠶᠢᠩᠭᠤ ᠶᠢᠨ ᠬᠤᠷᠢᠶᠠᠨ ᠠᠴᠠ ᠪᠠᠶᠢᠩᠭᠤ ᠶᠢᠨ ᠴᠢᠨᠠᠷᠲᠠᠢ ᠰᠤᠷᠪᠤᠯᠵᠢᠯᠠᠨ ᠪᠠᠶᠢᠴᠠᠭᠠᠨ ᠰᠤᠳᠤᠯᠬᠤ᠂ ᠰᠣᠩᠭᠤᠭᠤᠯᠢ ᠶᠢᠨ ᠠᠷᠠᠳ ᠢ ᠬᠦᠯᠢᠶᠡᠨ ᠠᠪᠬᠤ᠂ ᠠᠵᠢᠯ ᠢ ᠲᠣᠬᠢᠷᠠᠭᠤᠯᠬᠤ ᠶᠢ ᠤᠳᠤᠷᠢᠳᠤᠨ ᠵᠢᠯᠣᠭᠤᠳᠴᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠤᠨ ᠲᠤᠬᠠᠢ ᠶᠢᠨ ᠲᠠᠯᠠᠪᠤᠷ ᠤᠨ ᠬᠤᠷᠠᠯ ᠢ ᠬᠤᠷᠠᠯᠳᠤᠭᠤᠯᠵᠤ᠂ ᠪᠠᠯᠭᠠᠰᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠤᠷᠤᠯᠴᠠᠯᠭ᠎ᠠ ᠰᠣᠯᠢᠯᠴᠠᠭ᠎ᠠ ᠶᠢ ᠠᠬᠢᠭᠤᠯᠵᠤ᠂ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ ᠡᠯ᠎ᠡ ᠪᠠᠯᠭᠠᠰᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠪᠣᠳᠠᠲᠠᠢ ᠳᠤ ᠰᠠᠭᠤᠷᠢᠯᠠᠵᠤ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠢᠳᠡᠪᠬᠢᠲᠡᠢ ᠰᠦᠪᠡᠭᠴᠢᠯᠡᠪᠡ᠃ ᠵᠢᠱᠢᠶᠡᠯᠡᠪᠡᠯ ᠲᠦᠩᠴᠤᠸᠠᠨ ᠪᠠᠯᠭᠠᠰᠤᠨ ᠳᠤ ᠲᠣᠰᠬᠤᠨ ᠤ ᠲᠡᠰ ᠤᠨ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠨᠡᠭᠦᠳᠡᠯ ᠬᠤᠯᠪᠣᠭ᠎ᠠ ᠠᠪᠬᠤ ᠦᠷᠳᠡᠭᠡ︾ ᠪᠠᠶᠢᠭᠤᠯᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠳᠠᠮᠵᠢᠭᠤᠯᠬᠤ ᠰᠢᠨ᠎ᠡ ᠠᠷᠭ᠎ᠠ ᠵᠠᠮ ᠢ ᠴᠢᠨᠠᠭᠰᠢᠳᠠ ᠤᠷᠲᠤᠳᠬᠠᠪᠠ︔ ᠰᠢᠩ ᠱᠧᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ︵ᠵᠠᠰᠠᠭ ᠤᠨ ᠶᠠᠪᠤᠳᠠᠯ ᠢ ᠵᠥᠪᠯᠡᠬᠦ︶ ᠤᠨ ᠲᠥᠯᠥᠭᠡᠯᠡᠭᠴᠢ + ᠲᠣᠣᠷᠵᠢᠯ︾ ᠤᠨ ᠠᠵᠢᠯ ᠤᠨ ᠵᠠᠭᠪᠤᠷ ᠢ ᠬᠡᠷᠡᠭᠵᠢᠭᠦᠯᠵᠦ᠂ ᠥᠭᠡᠯᠦᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ︽  ᠰᠦᠯᠵᠢᠶᠡᠵᠢᠬᠦᠯᠬᠦ᠂ ᠲᠤᠰᠬᠠᠶᠢᠵᠢᠭᠤᠯᠬᠤ᠂  ᠲᠤᠭᠠᠵᠢᠭᠤᠯᠬᠤ᠂ ᠤᠷᠤᠯᠴᠠᠬᠤᠢ᠂ ᠪᠤᠳᠠᠳᠠᠶᠢᠵᠢᠭᠤᠯᠬᠤ᠂ ᠳᠡᠪᠳᠡᠷᠯᠡᠬᠦᠢ︾ ᠠᠵᠢᠯ ᠤᠨ ᠠᠷᠭ᠎ᠠ ᠶᠢ ᠬᠡᠷᠡᠭᠵᠢᠭᠦᠯᠵᠦ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠢ ᠳᠤᠨᠢ ᠤᠨᠢᠨ ᠳᠡᠭᠡᠷ᠎ᠡ ᠨᠢ ᠵᠣᠯᠭᠠᠭᠤᠯᠵᠤ᠂ ᠤᠯᠠᠨ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠪᠠᠶᠢᠷᠢᠰᠢᠯ ᠢ ᠪᠠᠶᠢᠭᠤᠯᠪᠠ︔ ᠯᠢᠨ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︽ᠢᠲᠡᠭᠡᠮᠵᠢᠲᠦ ᠨᠠᠶᠢᠳᠠᠯᠭ᠎ᠠ ᠶᠢᠨ ᠳᠦᠷᠢᠮ︾ ᠤᠨ ᠠᠳᠠᠯ ᠠᠬᠤᠢ ᠶᠢᠨ ᠵᠠᠭᠪᠤᠷ ᠢᠶᠠᠷ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠵᠠᠰᠠᠯᠲᠠ ᠶᠢᠨ ᠬᠦᠴᠢᠷ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ ᠬᠡᠷᠡᠭᠯᠡᠨ ᠨᠡᠶᠢᠭᠡᠮ ᠤᠨ ᠵᠠᠰᠠᠯᠲᠠ ᠶᠢᠨ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠨᠢᠭᠡ ᠪᠦᠯᠦᠭ ᠦᠨᠳᠦᠰᠦᠨ ᠱᠠᠲᠤᠨ ᠤ ᠥᠭᠡᠷᠡᠴᠢᠯᠡᠯᠲᠡ ᠶᠢᠨ ᠨᠢᠭᠡ ᠪᠦᠯᠦᠭ ᠰᠠᠶᠢᠨ ᠨᠡᠶᠢᠲᠡᠯᠢᠭ ᠵᠢᠱᠢᠶ᠎ᠡ ᠰᠢᠨ᠎ᠡ ᠬᠢᠯᠠᠰ ᠴᠡᠭ ᠲᠠᠰᠤᠷᠠᠯᠳᠡ ᠦᠭᠡᠢ ᠢᠯᠡᠷᠡᠵᠡᠢ᠃     ᠲᠥᠯᠥᠭᠡᠯᠡᠭᠴᠢᠳ ᠠ᠋︕ ᠶᠡᠷᠦᠩᠬᠡᠢ ᠱᠦᠵᠢ ᠰᠢ ᠶᠢᠨ ᠫᠢᠩ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ ᠳᠠᠭᠠᠨ ᠮᠠᠨ ᠤ ᠨᠠᠮ ᠤᠨ ᠠᠷᠠᠳ ᠲᠦᠮᠡᠨ ᠢ ᠤᠳᠤᠷᠢᠳᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠶᠢᠭᠤᠯᠤᠨ ᠲᠡᠭᠦᠯᠳᠡᠷᠵᠢᠭᠦᠯᠦᠭᠰᠡᠨ ᠭᠡᠷᠡᠯ ᠰᠠᠴᠤᠷᠠᠩᠭᠤᠢ ᠥᠩᠭᠡᠷᠡᠯᠲᠡ ᠶᠢ ᠡᠷᠭᠢᠴᠡᠭᠦᠯᠵᠦ᠂ ᠲᠡᠦᠬᠡ ᠶᠢᠨ ᠰᠢᠨ᠎ᠡ ᠡᠬᠢᠯᠡᠯᠲᠡ ᠶᠢᠨ ᠴᠡᠭ ᠳᠡᠭᠡᠷ᠎ᠡ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠰᠠᠶᠢᠲᠤᠷ ᠪᠠᠷᠢᠮᠲᠠᠯᠠᠵᠤ᠂ ᠰᠠᠶᠢᠲᠤᠷ ᠲᠡᠭᠦᠯᠳᠡᠷᠵᠢᠭᠦᠯᠵᠦ᠂ ᠰᠠᠶᠢᠲᠤᠷ ᠬᠡᠷᠡᠭᠵᠢᠭᠦᠯᠬᠦ ᠲᠤᠬᠠᠢ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠲᠡᠦᠬᠡ ᠶᠢ ᠡᠷᠭᠢᠴᠡᠭᠦᠯᠡᠬᠦᠶ᠎ᠡ᠂ ᠪᠢᠳᠡ ᠲᠤᠶᠢᠯ ᠢᠶᠠᠷ ᠣᠮᠣᠭᠰᠢᠵᠤ᠂ ᠲᠤᠶᠢᠯ ᠢᠶᠠᠷ ᠵᠣᠷᠢᠭᠵᠢᠵᠤ ᠪᠠᠶᠢᠨ᠎ᠠ᠃                ᠥᠩᠭᠡᠷᠡᠭᠰᠡᠨ ᠨᠢᠭᠡ ᠵᠢᠯ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠮᠠᠨ ᠤ ᠲᠣᠭᠤᠷᠢᠭ ᠲᠤ ᠲᠠᠰᠤᠷᠠᠯᠲᠠ ᠦᠭᠡᠢ ᠲᠡᠭᠦᠯᠳᠡᠷᠵᠢᠨ ᠬᠥᠭᠵᠢᠵᠦ᠂ ᠠᠮᠢᠵᠢᠷᠠᠯ ᠤᠨ ᠬᠦᠴᠦᠨ ᠢᠶᠠᠨ ᠢᠯᠡᠷᠡᠭᠦᠯᠵᠦ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠪᠠᠶᠢᠭᠤᠯᠤᠭᠳᠠᠭᠰᠠᠨ 70 ᠵᠢᠯ ᠤᠨ ᠣᠶ︾ ᠶᠢ ᠪᠡᠯᠭᠡᠯᠡᠬᠦ ᠰᠢᠷᠢᠰ ᠠᠵᠢᠯᠯᠠᠭ᠎ᠠ ᠶᠢ ᠡᠷᠭᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠶᠢ ᠠᠬᠢᠭᠤᠯᠤᠭᠰᠠᠨ ᠡᠯᠪᠡᠭ ᠪᠠᠶᠠᠯᠢᠭ ᠦᠷ᠎ᠡ ᠪᠦᠲᠦᠭᠡᠯ ᠢᠶᠠᠨ ᠭᠦᠢᠴᠡᠳ ᠬᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠵᠣᠷᠢᠭ ᠰᠠᠨᠠᠭᠠᠨ ᠤ ᠳᠦᠷᠰᠦ ᠪᠠᠶᠢᠳᠠᠯ ᠢ ᠪᠦᠬᠦ ᠲᠠᠯ᠎ᠠ ᠪᠠᠷ ᠢᠯᠡᠷᠡᠭᠦᠯᠵᠦ᠂ ᠳ᠋ᠦᠩᠱᠧᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠶᠢᠨ ᠦᠨᠡᠯᠡᠯᠲᠡ ᠶᠢ ᠣᠯᠵᠤ᠂ ᠠᠷᠠᠳ ᠤᠯᠠᠨ ᠤ ᠥᠷᠭᠡᠨ ᠳᠡᠯᠭᠡᠷ ᠳᠡᠮᠵᠢᠯᠭᠡ ᠶᠢ ᠣᠯᠪᠠ᠃ ᠡᠳᠡᠭᠡᠷ ᠠᠮᠵᠢᠯᠲᠠ ᠶᠢ ᠣᠯᠣᠭᠰᠠᠨ ᠨᠢ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ᠂ ︽ᠨᠢᠭᠡ ᠵᠠᠰᠠᠭ ᠤᠨ ᠣᠷᠳᠣᠨ ᠨᠢᠭᠡ ᠵᠦᠪᠯᠡᠯ ᠬᠤᠶᠠᠷ ᠬᠤᠷᠢᠶ᠎ᠠ︾ ᠶᠢᠨ ᠨᠢᠭᠲᠠ ᠬᠠᠮᠵᠢᠯᠴᠠᠭ᠎ᠠ᠂ ᠪᠦᠬᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠢᠷᠭᠠᠭᠤ ᠬᠠᠲᠠᠭᠤᠵᠢᠯᠲᠠᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠵᠢᠴᠢ ᠪᠦᠬᠦ ᠲᠣᠭᠤᠷᠢᠭ ᠤᠨ ᠠᠷᠠᠳ ᠲᠦᠮᠡᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠦᠴᠦᠲᠡᠢ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠃ ᠡ᠊ᠨᠳᠡ ᠪᠢ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ᠂ ᠲᠠ ᠪᠦᠬᠦᠨ ᠳᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕     ᠠᠮᠵᠢᠯᠲᠠ ᠪᠠᠨ ᠳ᠋ᠦᠩᠨᠡᠬᠦ ᠶᠢᠨ ᠵᠡᠷᠭᠡᠴᠡᠭᠡᠪᠡᠷ ᠪᠢᠳᠡ ᠪᠠᠰᠠ ᠠᠵᠢᠯ ᠤᠨ ᠳᠤᠮᠳᠠ ᠪᠠᠰᠠ ᠡᠳᠦᠢ ᠲᠡᠳᠦᠢ ᠵᠥᠷᠢᠶ᠎ᠡ ᠪᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠵᠠᠢ᠂ ᠡᠭᠦᠨ ᠳᠤ ᠭᠤᠣᠯᠳᠠᠭᠤ᠄ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠦᠢᠯᠡᠳᠦᠯᠭᠡ ᠶᠢ ᠪᠠᠰᠠ ᠤᠯᠠᠮ ᠨᠢᠭᠡ ᠠᠯᠬᠤᠮ ᠥᠷᠭᠡᠳᠬᠡᠬᠦ ᠴᠢᠬᠤᠯᠠᠲᠠᠢ ᠪᠠᠶᠢᠨ᠎ᠠ᠃ ᠬᠢᠨᠠᠯᠲᠠ ᠲᠠᠯᠪᠢᠬᠤ ᠪᠠᠷ ᠳᠠᠮᠵᠢᠭᠤᠯᠤᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠳᠤ ᠪᠠᠰᠠ ᠡᠷᠴᠢᠮ ᠢᠶᠠᠨ ᠴᠢᠩᠭᠠᠷᠠᠭᠤᠯᠬᠤ ᠴᠢᠬᠤᠯᠠᠲᠠᠢ ᠪᠠᠶᠢᠨ᠎ᠠ᠃ ᠲᠥᠯᠥᠭᠡᠯᠡᠭᠴᠢᠳ ᠠᠷᠠᠳ ᠤᠯᠠᠨ ᠲᠠᠢ ᠬᠠᠷᠢᠯᠴᠠᠬᠤ ᠳᠠᠭᠠᠨ ᠪᠠᠰᠠ ᠨᠡᠩ ᠨᠢᠭᠲᠠ ᠪᠠᠶᠢᠬᠤ ᠬᠡᠷᠡᠭᠲᠡᠢ ᠭᠡᠬᠦ ᠮᠡᠲᠦ᠃ ᠳᠡᠭᠡᠷᠡᠬᠢ ᠬᠦᠷᠦᠯᠴᠡᠬᠦ ᠦᠭᠡᠢ ᠲᠠᠯ᠎ᠠ ᠳᠤ ᠴᠢᠭᠯᠡᠭᠦᠯᠦᠨ᠂ ᠪᠢᠳᠡ ᠬᠤᠶᠢᠰᠢᠳᠠ ᠶᠢᠨ ᠠᠵᠢᠯ ᠤᠨ ᠳᠤᠮᠳᠠ ᠪᠠᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ ᠰᠢᠢᠳᠪᠦᠷᠢᠯᠡᠨ᠎ᠡ᠃    2025 ᠣᠨ ᠤ ᠭᠤᠣᠯ ᠠᠵᠢᠯ     2025 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠲᠡᠭᠦᠰᠬᠡᠯ ᠤᠨ ᠵᠢᠯ ᠮᠥᠨ᠂ ᠪᠠᠰᠠ ᠴᠤ ᠳ᠋ᠦᠩᠱᠧᠩ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠵᠠᠩᠭᠢᠯᠠᠭ᠎ᠠ ᠶᠢᠨ ᠵᠢᠯ ᠮᠥᠨ᠃ ᠰᠢᠨ᠎ᠡ ᠨᠢᠭᠡᠨ ᠵᠢᠯ ᠳᠠᠬᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠲᠣᠭᠤᠷᠢᠭ ᠤᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠰᠢᠭᠤᠷᠬᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠳᠡᠮᠵᠢᠵᠦ᠂ ︽ᠵᠢᠷᠭᠤᠭᠠᠨ ᠠᠵᠢᠯᠯᠠᠭ᠎ᠠ︾ ᠶᠢ ᠯᠠᠪᠳᠠᠭᠤᠨ ᠪᠠᠲᠤᠲᠠᠢ ᠠᠬᠢᠭᠤᠯᠵᠤ᠂ ︽ᠭᠤᠷᠪᠠᠨ ᠲᠣᠭᠤᠷᠢᠭ ᠲᠦᠷᠪᠡᠨ ᠬᠤᠳᠠ︾ ᠶᠢᠨ ᠪᠦᠲᠦᠭᠡᠨ ᠪᠠᠶᠢᠭᠤᠯᠤᠯᠲᠠ ᠶᠢ ᠢᠮᠠᠭᠲᠠ ᠠᠬᠢᠭᠤᠯᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠭᠤᠶᠢᠪᠢᠰᠢ ᠦᠭᠡᠢ ᠦᠢᠯᠡᠳᠦᠯᠭᠡᠵᠢᠭᠦᠯᠵᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳ᠋ᠦᠩᠱᠧᠩ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠨᠡᠮᠡᠷᠢᠯᠡᠨ᠎ᠡ᠃     ᠪᠢᠳᠡ ᠲᠣᠭᠲᠠᠭᠰᠠᠨ ᠬᠠᠷᠠᠯᠲᠠ ᠶᠢᠨ ᠲᠣᠭᠤᠷᠢᠨ ᠳᠤ᠂ ᠳᠦᠷᠪᠡᠨ ᠲᠠᠯ᠎ᠠ ᠪᠠᠷ ᠭᠤᠣᠯᠳᠠᠯᠭ᠎ᠠ ᠲᠠᠢ ᠲᠥᠯᠥᠪᠵᠢᠭᠦᠯᠵᠦ ᠠᠵᠢᠯ ᠢᠶᠠᠨ ᠰᠠᠶᠢᠲᠤᠷᠥᠷᠨᠢᠭᠦᠯᠦᠨ᠎ᠡ᠃     ᠨᠢᠭᠡ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠳᠠ ᠪᠠᠷᠢᠮᠳᠠᠯᠠᠬᠤ ᠭᠡᠬᠦ ᠡᠨᠡ ᠬᠦ ᠤᠯᠤᠰ ᠲᠦᠷᠦ ᠶᠢᠨ ᠵᠠᠷᠴᠢᠮ ᠢ ᠪᠠᠷᠢᠮᠲᠠᠯᠠᠵᠤ᠂ ᠨᠡᠩ ᠥᠨᠳᠥᠷ ᠵᠣᠭᠰᠣᠴᠠ ᠪᠠᠷ ᠤᠷᠤᠭᠰᠢᠯᠠᠯᠲᠠ ᠶᠢᠨ ᠴᠢᠭᠯᠡᠯ ᠢ ᠪᠠᠲᠤ ᠡᠵᠡᠮᠳᠡᠨ᠎ᠡ᠃ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠶᠡᠷᠦᠩᠬᠡᠶᠢᠯᠡᠨ ᠬᠠᠮᠤᠷᠤᠭᠤᠯᠵᠤ ᠵᠢᠯᠤᠭᠤᠳᠬᠤ ᠶᠢ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾ ᠤᠯᠤᠰ ᠲᠦᠷᠦ ᠶᠢᠨ ᠱᠠᠭᠠᠷᠳᠠᠯᠭ᠎ᠠ ᠶᠢ ᠡᠯ᠎ᠡ ᠵᠦᠢᠯ ᠤᠨ ᠠᠵᠢᠯ ᠤᠨ ᠳᠤᠮᠳᠠ ᠪᠠᠨ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠴᠠᠭ ᠢᠮᠠᠭᠲᠠ ᠴᠠᠭ ᠦᠶ᠎ᠡ ᠲᠠᠢ ᠢᠵᠢᠯ ᠳᠠᠪᠲᠠᠮᠵᠢ ᠲᠠᠢ ᠪᠠᠶᠢᠬᠤ ᠶᠢ ᠪᠠᠷᠢᠮᠲᠠᠯᠠᠨ᠎ᠠ᠃︽ᠭᠦᠨᠵᠡᠭᠡᠢ ᠰᠤᠷᠤᠯᠴᠠᠬᠤ︾ ᠶᠠᠪᠤᠴᠠ ᠳᠤ ᠠᠬᠢᠭᠤᠯᠬᠤ ᠶᠢ ᠦᠨᠡᠨᠬᠦ ᠪᠡᠶᠡᠯᠡᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠪᠠᠷ ᠭᠤᠣᠯᠳᠠᠯᠭ᠎ᠠ ᠪᠣᠯᠭᠠᠨ᠂ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠰᠤᠷᠤᠯᠴᠠᠬᠤ ᠲᠥᠯᠥᠪᠯᠡᠭᠡ ᠶᠢ ᠬᠢᠨᠠᠮᠠᠭᠠᠢ ᠲᠣᠭᠲᠠᠭᠠᠬᠤ ᠶᠢᠨ ᠬᠠᠮᠲᠤ ᠴᠢᠩᠭ᠎ᠠ ᠬᠡᠷᠡᠭᠵᠢᠭᠦᠯᠵᠦ᠂ ᠤᠬᠠᠮᠰᠠᠷ ᠠᠴᠠ ᠪᠠᠨ ᠨᠠᠮ ᠤᠨ ᠤᠨᠤᠯ ᠤᠨ ᠲᠠᠯ᠎ᠠ ᠪᠠᠷ ᠰᠢᠨ᠎ᠡ ᠶᠢ ᠡᠭᠦᠳᠬᠦ ᠶᠠᠪᠤᠳᠠᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠤᠨ᠂ ᠠᠵᠢᠯ ᠢᠶᠠᠨ ᠲᠦᠯᠬᠢᠨ ᠠᠬᠢᠭᠤᠯᠤᠨ᠎ᠠ᠃ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠲᠤᠭᠤᠷᠢᠭ ᠤᠨ ᠨᠠᠮ ᠤᠨ ᠬᠤᠷᠢᠶ᠎ᠠ ᠲᠠᠢ ᠠᠳᠠᠯᠢ ᠴᠢᠭᠯᠡᠯ ᠲᠠᠢ ᠪᠠᠶᠢᠬᠤ ᠶᠢ ᠴᠠᠭ ᠢᠮᠠᠭᠲᠠ ᠪᠠᠷᠢᠮᠲᠠᠯᠠᠨ᠎ᠠ᠃ ︽ᠪᠠᠶᠢᠷᠢ ᠲᠣᠭᠲᠠᠭᠠᠯᠲᠠ︾ ᠶᠢᠨ ᠲᠠᠯ᠎ᠠ ᠪᠠᠷ ᠬᠦᠴᠦ ᠲᠠᠯᠪᠢᠬᠤ ᠶᠢ ᠦᠨᠡᠨᠬᠦ ᠪᠡᠶᠡᠯᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠲᠤᠭᠤᠷᠢᠭ ᠤᠨ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠶᠢ ᠢᠮᠠᠭᠳᠠ ᠬᠦᠯᠢᠶᠡᠵᠦ᠂ ᠴᠢᠬᠤᠯᠠ ᠶᠡᠭᠡ ᠤᠴᠢᠷ ᠶᠠᠪᠤᠳᠠᠯ ᠢ ᠲᠤᠭᠤᠷᠢᠭ ᠤᠨ ᠨᠠᠮ ᠤᠨ ᠬᠤᠷᠢᠶ᠎ᠠ ᠠᠴᠠ ᠵᠢᠭᠠᠪᠤᠷᠢ ᠠᠪᠴᠤ᠂ ᠴᠢᠬᠤᠯᠠ ᠬᠤᠷᠠᠯ ᠢ ᠰᠠᠨᠠᠭᠠᠴᠢᠯᠠᠭ᠎ᠠ  ᠠᠴᠠ ᠪᠠᠨ ᠲᠤᠭᠤᠷᠢᠭ ᠤᠨ ᠨᠠᠮ ᠤᠨ ᠬᠤᠷᠢᠶ᠎ᠠ ᠳᠤ ᠮᠡᠳᠡᠭᠦᠯᠵᠦ᠂ ᠭᠤᠣᠯᠳᠠᠯᠭ᠎ᠠ ᠲᠠᠢ ᠠᠵᠢᠯ ᠢ ᠴᠠᠭ ᠲᠤᠬᠠᠢ ᠳᠤᠨᠢ ᠲᠤᠭᠤᠷᠢᠭ  ᠤᠨ ᠨᠠᠮ ᠤᠨ ᠬᠤᠷᠢᠶ᠎ᠠ ᠠᠴᠠ ᠳᠡᠮᠵᠢᠯᠭᠡ ᠣᠯᠵᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠠᠵᠢᠯ ᠤᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ᠎ᠠ᠃ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭᠠᠳᠬᠠᠵᠤ᠂ ᠴᠠᠭ ᠢᠮᠠᠭᠲᠠ ᠬᠥᠭᠵᠢᠯᠲᠡ ᠯᠦᠭᠡ ᠢᠵᠢᠯ ᠠᠯᠬᠤᠮ ᠲᠠᠢ ᠪᠠᠶᠢᠯᠭᠠᠬᠤ ᠶᠢ ᠪᠠᠷᠢᠮᠲᠠᠯᠠᠨ᠎ᠠ᠃ ︽ᠦᠢᠯᠡᠳᠦᠯᠭᠡᠵᠢᠭᠦᠯᠬᠦ︾ ᠳᠤᠮᠳᠠ ᠭᠦᠨᠵᠡᠭᠡᠶᠢᠷᠡᠭᠦᠯᠬᠦ ᠶᠢ ᠦᠨᠡᠨᠬᠦ ᠪᠡᠶᠡᠯᠡᠭᠦᠯᠵᠦ᠂ ᠲᠤᠭᠤᠷᠢᠭ ᠤᠨ ᠨᠠᠮ ᠤᠨ ᠬᠤᠷᠢᠶ᠎ᠠ ᠶᠢᠨ ᠭᠤᠣᠯ ᠠᠵᠢᠯ ᠤᠨ ᠲᠣᠭᠤᠷᠢᠨ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠲᠥᠯᠥᠪᠵᠢᠭᠦᠯᠦᠨ ᠥᠷᠨᠢᠭᠦᠯᠵᠦ᠂ ᠴᠢᠬᠤᠯᠠ ᠶᠡᠭᠡ ᠲᠣᠭᠲᠠᠭᠠᠯ ᠳᠤ ᠳ᠋ᠦᠩᠱᠧᠩ ᠤᠨ ᠬᠥᠭᠵᠢᠯᠲᠡ ᠶᠢᠨ ᠬᠡᠷᠡᠭᠴᠡᠭᠡ ᠶᠢ ᠢᠯᠡᠷᠡᠭᠦᠯᠵᠦ᠂ ᠠᠵᠢᠯᠲᠠᠨ ᠤ ᠶᠠᠪᠤᠳᠠᠯ ᠢ ᠲᠣᠮᠢᠯᠠᠵᠤ ᠪᠠᠭᠤᠯᠭᠠᠬᠤ ᠳᠤ ᠲᠤᠭᠤᠷᠢᠭ ᠤᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠵᠣᠷᠢᠯᠲᠠ ᠶᠢ ᠨᠠᠶᠢᠳᠠᠪᠤᠷᠢᠵᠢᠭᠤᠯᠤᠨ᠂ ᠬᠢᠨᠠᠯᠲᠠ ᠲᠠᠯᠪᠢᠬᠤ ᠭᠤᠣᠯᠳᠠᠯᠭ᠎ᠠ ᠶᠢ ᠪᠥᠬᠦ ᠲᠤᠭᠤᠷᠢᠭ ᠤᠨ ᠠᠵᠢᠯ ᠤᠨ ᠶᠡᠭᠡ ᠲᠠᠯ᠎ᠠ ᠲᠠᠢ ᠨᠢᠭᠲᠠ ᠤᠶᠠᠯᠳᠤᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠤᠨ ᠳᠠᠪᠠᠭᠤᠯᠢᠭ ᠢ ᠣᠷᠣᠨ ᠨᠤᠲᠤᠭ ᠤᠨ ᠵᠠᠰᠠᠯᠲᠠ ᠶᠢᠨ ᠦᠢᠯᠡᠳᠦᠯ ᠴᠢᠳᠠᠪᠤᠷᠢ ᠪᠣᠯᠭᠠᠨ ᠬᠤᠪᠢᠷᠠᠭᠤᠯᠬᠤ ᠶᠢ ᠨᠠᠩ ᠰᠠᠶᠢᠲᠤᠷ ᠪᠡᠶᠡᠯᠡᠬᠦᠯᠦᠨ᠎ᠡ᠃     ᠬᠤᠶᠠᠷ᠂ ᠶᠡᠭᠡ ᠲᠠᠯ᠎ᠠ ᠳᠤ ᠦᠢᠯᠡᠴᠢᠯᠡᠬᠦ ᠡᠨᠡ ᠬᠦ ᠡᠷᠬᠢᠮ ᠳᠡᠭᠡᠳᠦ ᠡᠭᠦᠷᠭᠡ ᠶᠢ ᠪᠠᠷᠢᠮᠲᠠᠯᠠᠵᠤ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠥᠭᠡᠷᠡᠴᠢᠯᠡᠯᠲᠡ ᠬᠥᠭᠵᠢᠯᠲᠡ ᠳᠤ ᠬᠦᠴᠦ ᠨᠡᠮᠡᠷᠢᠯᠡᠨ᠎ᠡ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠬᠢᠨᠠᠯᠲᠠ ᠲᠠᠯᠪᠢᠬᠤ ᠬᠠᠤᠯᠢ ᠶᠢ ᠪᠥᠬᠦ ᠲᠠᠯ᠎ᠠ ᠪᠠᠷ ᠲᠦᠦᠱᠯᠠᠭᠤᠯᠤᠨ ᠨᠠᠶᠢᠳᠠᠪᠤᠷᠢᠵᠢᠭᠤᠯᠵᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠬᠢᠨᠠᠯᠲᠠ ᠲᠠᠯᠪᠢᠬᠤ ᠲᠣᠭᠲᠠᠴᠠ ᠶᠢᠨ ᠰᠢᠨ᠎ᠡ ᠶᠢ ᠡᠭᠦᠳᠴᠦ᠂ ᠬᠢᠨᠠᠯᠲᠠ ᠲᠠᠯᠪᠢᠬᠤ ᠠᠷᠭ᠎ᠠ ᠮᠠᠶ᠋ᠢᠭ ᠢᠶᠠᠨ ᠰᠠᠶᠢᠵᠢᠷᠠᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠠᠩ ᠬᠦᠴᠦᠲᠡᠢ ᠪᠥᠭᠡᠳ ᠪᠦᠲᠦᠮᠵᠢᠲᠡᠶ ᠬᠢᠨᠠᠯᠲᠠ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠤᠯᠤᠨ᠎ᠠ᠃ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠪᠠᠷ ᠭᠤᠣᠯᠯᠠᠭᠤᠯᠤᠨ᠂ ᠤᠯᠠᠮᠵᠢᠯᠠᠯᠲᠤ ᠠᠵᠤ ᠦᠢᠯᠡᠰ ᠢ ᠪᠠᠬᠢᠵᠢᠭᠦᠯᠦᠨ ᠳᠡᠭᠡᠭᠰᠢᠯᠡᠭᠦᠯᠬᠦ᠂ ᠰᠢᠨ᠎ᠡ ᠬᠡᠯᠪᠡᠷᠢ ᠶᠢᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠲᠥᠪᠯᠡᠷᠡᠭᠦᠯᠬᠦ ᠶᠢ ᠲᠣᠪᠤᠶᠢᠯᠭᠠᠨ᠂ ᠳᠡᠮᠵᠢᠯᠭᠡ ᠶᠢᠨ ᠴᠢᠨᠠᠷᠲᠠᠢ ᠬᠢᠨᠠᠯᠲᠠ ᠶᠢ ᠴᠢᠩᠭᠠᠳᠬᠠᠨ᠎ᠠ᠃ ᠬᠤᠳᠠᠯᠳᠤᠭ᠎ᠠ ᠡᠵᠡᠩᠨᠡᠬᠦ᠂ ᠪᠡᠯᠡ ᠣᠷᠣᠭᠤᠯᠬᠤ᠂ ᠰᠢᠨ᠎ᠡ ᠶᠢ ᠡᠭᠦᠳᠬᠦ᠂ ᠬᠠᠮᠲᠤᠷᠠᠨ ᠠᠵᠢᠯᠯᠠᠬᠤ ︽ᠳᠥᠷᠪᠡᠨ ᠣᠷᠴᠢᠨ ᠨᠦᠬᠦᠴᠡᠯ︾ ᠢ ᠪᠣᠶ ᠪᠣᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠷᠠᠭᠠᠯᠬᠢᠯᠠᠯ ᠤᠨ ᠴᠢᠨᠠᠷᠲᠠᠢ ᠪᠠᠶᠢᠴᠠᠭᠠᠨ ᠰᠤᠳᠤᠯᠤᠯᠲᠠ ᠬᠢᠵᠦ᠂ ᠵᠢᠷᠤᠮᠵᠢᠯ ᠤᠨ ᠴᠢᠨᠠᠷᠲᠠᠢ ᠬᠢᠨᠠᠯᠲᠠ ᠲᠠᠯᠪᠢᠯᠲᠠ ᠶᠢ ᠥᠷᠨᠢᠭᠦᠯᠦᠨ᠎ᠡ᠃ ᠠᠵᠤ ᠠᠬᠤᠢ ᠶᠢᠨ ᠠᠵᠢᠯᠯᠠᠭᠠᠨ ᠢ ᠨᠢᠭᠲᠠ ᠠᠩᠬᠠᠷᠴᠤ᠂ ᠲᠥᠯᠥᠪᠯᠡᠭᠡ ᠪᠠ ᠲᠥᠰᠥᠪ ᠤᠨ ᠬᠦᠢᠴᠡᠳᠬᠡᠯᠳᠡ᠂ ᠬᠢᠨᠠᠨ ᠪᠣᠳᠣᠯᠲᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠵᠡᠷᠭᠡ ᠠᠵᠢᠯ ᠳᠤ ᠴᠢᠭᠯᠡᠭᠦᠯᠦᠨ᠂ ᠡᠳ᠋ ᠤᠨ ᠵᠠᠰᠠᠭ ᠠᠵᠤ ᠠᠬᠤᠢ ᠶᠢᠨ ᠬᠢᠨᠠᠯᠲᠠ ᠶᠢ ᠰᠢᠰᠲ᠋ᠧᠮ ᠲᠠᠢ ᠪᠠᠷ ᠲᠦᠯᠬᠢᠨ ᠠᠬᠢᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠥᠰᠥᠪ ᠢ ᠨᠠᠶᠢᠷᠠᠭᠤᠯᠤᠨ ᠵᠣᠬᠢᠶᠠᠬᠤ ᠳᠤ ᠣᠷᠣᠯᠴᠠᠬᠤ ᠵᠠᠭᠪᠤᠷ ᠢ ᠲᠤᠷᠰᠢᠨ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠰᠥᠪ ᠢ ᠰᠦᠯᠵᠢᠶᠡᠨ ᠳᠡᠭᠡᠷ᠎ᠡ ᠬᠢᠨᠠᠯᠲᠠ ᠲᠠᠯᠪᠢᠬᠤ ᠰᠢᠰᠲ᠋ᠧᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠢ ᠶᠢᠨ ᠠᠵᠢᠯᠯᠠᠭᠠᠨ ᠪᠠ ᠲᠥᠰᠥᠪ ᠢ ᠭᠦᠢᠴᠡᠳᠬᠡᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠤᠯᠤᠨ᠎ᠠ᠃ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ︽ᠬᠠᠤᠯᠢ ᠴᠠᠭᠠᠵᠠ ᠶᠢᠨ ᠲᠣᠭᠤᠷᠢᠨ ᠪᠠᠶᠢᠴᠠᠭᠠᠬᠤ︾ ᠦᠢᠯᠡᠳᠦᠯ ᠢ ᠭᠦᠢᠴᠡᠳ ᠪᠠᠳᠠᠷᠠᠭᠤᠯᠵᠤ᠂ ᠠᠶᠤᠯ ᠦᠭᠡᠢ ᠦᠢᠯᠡᠳᠪᠦᠷᠢᠯᠡᠯ ᠤᠨ ︽ᠨᠢᠭᠡ ᠬᠠᠤᠯᠢ ᠨᠢᠭᠡ ᠳᠦᠷᠢᠮ︾᠂ ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ᠂ ᠥᠪᠡᠷᠲᠡᠭᠡᠨ ᠵᠠᠰᠠᠬᠤ ᠣᠷᠣᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ ᠢ ᠭᠦᠨᠵᠡᠭᠡᠢ ᠪᠥᠭᠡᠳ ᠪᠦᠲᠦᠮᠵᠢᠲᠡᠶ ᠬᠡᠷᠡᠭᠵᠢᠭᠦᠯᠬᠦ ᠶᠢ ᠠᠬᠢᠭᠤᠯᠤᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠬᠤ᠂ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠦᠯᠳᠡ᠂ ᠲᠥᠪ ᠭᠤᠣᠯᠴᠢ ᠪᠠᠷ ᠬᠠᠤᠯᠢ ᠬᠡᠷᠡᠭᠵᠢᠭᠦᠯᠬᠦ᠂ ᠪᠦᠬᠦ ᠠᠷᠠᠳ ᠢᠶᠠᠷ ᠢᠶᠠᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠳᠤ ᠬᠢᠨᠠᠯᠲᠠ ᠲᠠᠯᠪᠢᠬᠤ ᠶᠢ ᠬᠦᠴᠦᠲᠡᠢ ᠴᠢᠩᠭᠠᠳᠬᠠᠵᠤ᠂ ᠵᠠᠰᠠᠭ ᠵᠠᠬᠢᠷᠭᠠᠨ ᠤ ᠳᠠᠬᠢᠨ ᠵᠦᠪᠯᠡᠯᠭᠡ᠂ ᠬᠢᠨᠠᠨ ᠪᠠᠶᠢᠴᠠᠭᠠᠬᠤ ᠠᠵᠢᠯ ᠵᠡᠷᠭᠡ ᠪᠠᠶᠢᠳᠠᠯ ᠤᠨ ᠲᠤᠬᠠᠢ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠰᠢᠭᠦᠬᠦ ᠬᠤᠷᠢᠶᠠᠨ ᠤ ᠭᠦᠢᠴᠡᠳᠬᠡᠬᠦ ᠠᠵᠢᠯ ᠤᠨ ᠬᠢᠨᠠᠯᠲᠠ ᠶᠢ ᠦᠷᠭᠦᠯᠵᠢᠯᠡᠨ ᠳᠠᠭᠠᠵᠤ᠂ ᠢᠳᠡᠭᠡᠨ ᠤᠮᠳᠠᠭᠠᠨ ᠤ ᠠᠮᠤᠷ ᠲᠦᠪᠰᠢᠨ ᠤ ᠠᠵᠢᠯ ᠤᠨ ᠪᠠᠶᠢᠳᠠᠯ ᠤᠨ ᠲᠤᠬᠠᠢ ᠲᠤᠰᠬᠠᠢ ᠰᠡᠳᠦᠪᠲᠦ ᠯᠠᠪᠯᠠᠨ ᠠᠰᠠᠭᠤᠬᠤ ᠠᠵᠢᠯ ᠢ ᠥᠷᠨᠢᠭᠦᠯᠵᠦ᠂ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠ ︽ᠬᠤᠶᠠᠷ ᠲᠤᠰᠢᠶᠠᠯᠲᠠᠨ︾ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠢ ᠦᠨᠡᠯᠡᠨ ᠶᠠᠷᠢᠯᠴᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠠᠩᠰᠠᠯᠠᠨ ᠬᠢᠨᠠᠨ ᠪᠠᠶᠢᠴᠠᠭᠠᠬᠤ ᠠᠵᠢᠯ ᠢ ᠲᠡᠭᠦᠯᠳᠡᠷᠵᠢᠭᠦᠯᠵᠦ᠂ ᠬᠠᠤᠯᠢ ᠪᠠᠷ ᠵᠠᠰᠠᠬᠤ ᠰᠡᠳᠬᠢᠬᠦᠢ ᠪᠠᠷ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠤᠨ᠎ᠠ᠃ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠲᠠᠯ᠎ᠠ ᠪᠠᠷ ᠪᠣᠳᠠᠲᠤ ᠦᠷ᠎ᠡ ᠪᠦᠲᠦᠮᠵᠢ ᠤᠯᠤᠨ᠎ᠠ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠠᠴᠠ ᠬᠦᠰᠡᠨ ᠡᠷᠡᠮᠡᠯᠵᠡᠵᠦ ᠪᠠᠶᠢᠭ᠎ᠠ ᠠᠰᠠᠭᠤᠳᠠᠯ ᠠᠴᠠ ᠭᠠᠷᠳᠠᠵᠤ᠂ ︽ᠵᠢᠵᠢᠭ ᠬᠡᠷᠴᠢᠮ︾ ᠤᠨ ᠰᠠᠭᠤᠷᠢ ᠶᠢ ᠪᠠᠲᠤᠳᠬᠠᠬᠤ᠂ ᠳᠤᠲᠠᠭᠤᠳᠠᠯ ᠢ ᠨᠥᠬᠦᠪᠦᠷᠢᠯᠡᠬᠦ ᠶᠢ ᠬᠢᠨᠠᠯᠲᠠ ᠲᠠᠯᠪᠢᠨ ᠠᠬᠢᠭᠤᠯᠵᠤ᠂ ᠦᠵᠡᠰᠬᠦᠯᠡᠩᠲᠦ ᠰᠠᠶᠢᠬᠠᠨ ᠳ᠋ᠥᠩᠱᠧᠩ ᠤᠨ ᠪᠦᠲᠦᠭᠡᠨ ᠪᠠᠶᠢᠭᠤᠯᠤᠯᠲᠠ᠂ ᠬᠤᠳᠠ ᠬᠥᠳᠡᠭᠡ ᠶᠢᠨ ᠠᠭᠤᠰᠤᠯᠴᠠᠯ ᠬᠦᠭᠵᠢᠯᠲᠡ᠂ ᠠᠮᠢᠳᠤᠷᠠᠯ ᠤᠨ ᠴᠢᠨᠠᠷ ᠴᠢᠨᠰᠠᠭ᠎ᠠ ᠶᠢᠨ ᠳᠡᠭᠡᠭᠰᠢᠯᠡᠯᠲᠡ ᠶᠢ ᠠᠬᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠤᠨ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ᠂ ᠠᠵᠤ ᠠᠬᠤᠢ ᠨᠡᠶᠢᠭᠡᠮ ᠤᠨ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠨᠡᠩ ᠤᠯᠠᠨ ᠬᠦᠷᠲᠡᠭᠡᠬᠦ ᠶᠢ ᠠᠬᠢᠭᠤᠯᠤᠨ᠎ᠠ᠃ ᠣᠷᠴᠢᠨ ᠠᠬᠤᠢ ᠶᠢᠨ ᠬᠠᠮᠠᠭᠠᠯᠠᠯᠲᠠ ᠶᠢᠨ ᠠᠵᠢᠯ ᠵᠢᠴᠢ ᠣᠷᠴᠢᠨ ᠠᠬᠤᠢ ᠶᠢᠨ ᠬᠠᠮᠠᠭᠠᠯᠠᠯᠲᠠ ᠶᠢ ᠰᠢᠪᠠᠳᠠᠨ ᠪᠠᠶᠢᠴᠠᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠴᠤ ᠬᠢᠨᠠᠨ ᠶᠠᠷᠢᠯᠴᠠᠬᠤ ᠶᠢᠨ ᠬᠠᠮᠲᠤ ᠲᠤᠰᠬᠠᠢ ᠰᠡᠳᠦᠪᠲᠦ ᠯᠠᠪᠯᠠᠨ ᠠᠰᠠᠭᠤᠬᠤ ᠠᠵᠢᠯ ᠢ ᠥᠷᠨᠢᠭᠦᠯᠵᠦ᠂ ᠠᠮᠢ ᠠᠬᠤᠢ ᠶᠢᠨ ᠣᠷᠴᠢᠨ ᠨᠥᠬᠦᠴᠡᠯ ᠢ ᠶᠡᠷᠦᠩᠬᠡᠶᠢᠯᠡᠨ ᠵᠠᠰᠠᠬᠤ ᠠᠵᠢᠯ ᠢ ᠨᠡᠩ ᠡᠷᠴᠢᠮ ᠲᠠᠢ ᠪᠠᠷ ᠲᠦᠯᠬᠢᠨ ᠠᠬᠢᠭᠤᠯᠤᠨ᠎ᠠ᠃ ᠭᠤᠷᠪᠠᠨ ᠵᠢᠯ ᠳᠠᠷᠠᠭᠠᠯᠠᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠦᠯᠡᠳᠡᠭᠳᠡᠯ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠪᠠᠶᠢᠳᠠᠯ ᠳᠤ ᠮᠥᠷᠳᠡᠨ ᠬᠢᠨᠠᠯᠲᠠ ᠲᠠᠯᠪᠢᠵᠤ᠂ ᠬᠤᠲᠠ ᠶᠢᠨ ᠴᠡᠴᠡᠷᠯᠢᠭ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠢ ᠬᠠᠮᠲᠤ ᠪᠠᠷ ᠪᠠᠶᠢᠴᠠᠭᠠᠨ ᠦᠵᠡᠵᠦ᠂ ᠬᠤᠲᠠ ᠶᠢᠨ ᠴᠢᠨᠠᠷ ᠴᠢᠨᠰᠠᠭ᠎ᠠ ᠪᠠ ᠴᠢᠳᠠᠮᠵᠢ ᠶᠢ ᠠᠬᠢᠭᠤᠯᠤᠨ᠂ ᠬᠠᠲᠠᠭᠤ ᠪᠣᠳᠠᠲᠤ ᠬᠦᠴᠦᠨ ᠪᠠ ᠵᠥᠭᠡᠯᠡᠨ ᠪᠣᠳᠠᠲᠤ ᠬᠦᠴᠦᠨ ᠤ ︽ᠬᠤᠶᠠᠷ ᠢ ᠳᠡᠭᠡᠭᠰᠢᠯᠡᠭᠦᠯᠬᠦ︾ ᠶᠢ ᠪᠡᠶᠡᠯᠡᠬᠦᠯᠦᠨ᠎ᠡ᠃     ᠭᠤᠷᠪᠠ᠂ ᠬᠥᠭᠵᠢᠯᠲᠡ ᠶᠢᠨ ᠪᠦᠬᠦ ᠶᠠᠪᠤᠴᠠ ᠳᠠᠬᠢ ᠠᠷᠠᠳ ᠤᠨ ᠠᠷᠠᠳᠴᠢᠯᠠᠯ ᠤᠨ ᠮᠥᠨ ᠴᠢᠨᠠᠷ ᠤᠨ ᠱᠠᠭᠠᠷᠳᠠᠯᠭ᠎ᠠ ᠶᠢ ᠪᠠᠷᠢᠮᠲᠠᠯᠠᠵᠤ᠂ ᠨᠡᠩ ᠰᠢᠯᠢᠳᠡᠭ ᠦᠢᠯᠡᠴᠢᠯᠡᠭᠡ ᠪᠠᠷ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠲᠤᠯᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠷᠠᠳᠴᠢᠯᠠᠯ ᠤᠨ ᠰᠢᠨᠵᠢ ᠴᠢᠨᠠᠷ ᠢ ᠪᠠᠲᠤ ᠴᠡᠭᠡᠵᠢᠯᠡᠵᠦ᠂ ᠦᠨᠦ ᠵᠢᠯ ᠢ ︽ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠬᠦᠯᠬᠦ ᠣᠨ︾ ᠢᠶᠠᠷ ᠲᠣᠭᠲᠠᠭᠠᠵᠤ᠂ ᠲᠥᠯᠥᠭᠡᠯᠡᠭᠴᠢᠳ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠶᠢᠨ ᠬᠠᠮᠲᠤ ᠠᠷᠠᠳ ᠲᠦᠮᠡᠨ ᠤ ᠬᠦᠰᠡᠯ ᠵᠣᠷᠢᠭ ᠢ ᠨᠡᠩ ᠰᠠᠶᠢᠲᠤᠷ ᠢᠯᠡᠷᠡᠭᠦᠯᠵᠦ᠂ ᠠᠷᠠᠳ ᠲᠦᠮᠡᠨ ᠤ ᠠᠰᠢᠭ ᠲᠤᠰᠠ ᠶᠢ ᠬᠠᠮᠠᠭᠠᠯᠠᠵᠤ᠂ ᠨᠡᠶᠢᠭᠡᠮ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠥᠳᠡᠯᠭᠡᠬᠦ ᠬᠦᠴᠦᠨ ᠢ ᠳᠡᠭᠡᠭᠰᠢᠯᠡᠭᠦᠯᠪᠡ᠃ ᠲᠥᠯᠥᠭᠡᠯᠡᠭᠴᠢᠳ ᠤᠨ ᠪᠣᠯᠪᠠᠰᠤᠷᠠᠭᠤᠯᠤᠯ ᠤᠨ ᠠᠵᠢᠯ ᠢ ᠴᠢᠨᠠᠷ ᠰᠠᠶᠢᠲᠠᠢ ᠰᠠᠶᠢᠲᠤᠷ ᠬᠢᠵᠦ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠴᠢᠳᠠᠪᠤᠷᠢ ᠪᠠᠨ ᠳᠡᠭᠡᠭᠰᠢᠯᠡᠭᠦᠯᠬᠦ ᠪᠠ ᠪᠦᠬᠦ ᠶᠠᠪᠤᠴᠠ ᠳᠠᠬᠢ ᠠᠷᠠᠳ ᠤᠨ ᠠᠷᠠᠳᠴᠢᠯᠠᠯ ᠵᠡᠷᠭᠡ ᠠᠭᠤᠯᠭ᠎ᠠ ᠶᠢ ᠪᠣᠯᠪᠠᠰᠤᠷᠠᠭᠤᠯᠤᠯ ᠳᠤ ᠣᠷᠣᠭᠤᠯᠵᠤ᠂ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠭᠦᠨ᠎ᠡ᠃ ᠲᠥᠯᠥᠭᠡᠯᠡᠭᠴᠢᠳ ᠤᠨ ᠪᠠᠶᠢᠩᠭᠤ ᠶᠢᠨ ᠬᠤᠷᠢᠶᠠᠨ ᠤ ᠬᠤᠷᠠᠯᠳᠤᠭᠠᠨ ᠳᠤ ᠰᠤᠯᠠ ᠣᠷᠣᠯᠴᠠᠬᠤ᠂ ᠪᠠᠶᠢᠴᠠᠭᠠᠨ ᠦᠵᠡᠵᠦ ᠪᠠᠶᠢᠴᠠᠭᠠᠨ ᠰᠤᠳᠤᠯᠬᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ ᠵᠡᠷᠭᠡ ᠠᠵᠢᠯ ᠤᠨ ᠳᠦᠷᠢᠮ ᠢ ᠲᠡᠭᠦᠯᠳᠡᠷᠵᠢᠭᠦᠯᠵᠦ᠂ ᠲᠥᠯᠥᠭᠡᠯᠡᠭᠴᠢᠳ ᠤᠨ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠵᠦ ᠵᠠᠰᠠᠭ ᠤᠨ ᠶᠠᠪᠤᠳᠠᠯ ᠢ ᠬᠢᠨᠠᠨ ᠪᠠᠶᠢᠴᠠᠭᠠᠬᠤ ᠡᠷᠬᠡ ᠶᠢ ᠪᠠᠲᠤᠯᠠᠨ᠎ᠠ᠃ ᠦᠨᠳᠦᠰᠦᠨ ᠱᠠᠲᠤᠨ  ᠤ ᠨᠢᠭᠡᠴᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ︽ᠬᠠᠨᠢ᠂ ᠥᠷᠲᠡᠭᠡ᠂ ᠴᠡᠭ︾ ᠶᠢᠨ ᠴᠢᠳᠠᠮᠵᠢ ᠶᠢ ᠡᠮᠬᠢᠯᠡᠨ ᠨᠡᠶᠢᠯᠡᠭᠦᠯᠬᠦ᠂ ᠳᠠᠪᠬᠤᠴᠠᠭᠤᠯᠤᠨ ᠲᠠᠰ ᠳᠡᠪᠰᠢᠭᠦᠯᠬᠦ ᠶᠢ ᠭᠦᠨᠵᠡᠭᠡᠶᠢᠷᠡᠭᠦᠯᠵᠦ᠂ ᠣᠶᠤᠨᠴᠢᠯᠠᠭᠰᠠᠨ ᠬᠠᠮᠢᠶᠠᠷᠤᠯᠲᠠ ᠪᠠ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠲᠥᠯᠥᠭᠡᠯᠡᠭᠴᠢᠳ ᠤᠨ ᠠᠵᠢᠯᠯᠠᠭ᠎ᠠ ᠶᠢᠨ ᠳᠦᠷᠢᠮ ᠢ ᠪᠦᠷᠢᠨᠰᠢᠭᠦᠯᠵᠦ᠂ ᠲᠥᠯᠥᠭᠡᠯᠡᠭᠴᠢᠳ ᠤᠨ ᠭᠤᠣᠯ ᠰᠡᠳᠦᠪᠲᠦ ᠠᠵᠢᠯᠯᠠᠭ᠎ᠠ ᠶᠢ ᠪᠠᠶᠠᠯᠢᠭᠵᠢᠭᠤᠯᠤᠨ᠂ ᠪᠥᠬᠦ ᠲᠤᠭᠤᠷᠢᠭ ᠤᠨ ᠭᠤᠣᠯᠳᠠᠯᠭ᠎ᠠ ᠲᠠᠢ ᠠᠵᠢᠯ᠂ ᠠᠷᠠᠳ ᠤᠨ ᠠᠮᠢᠳᠤᠷᠠᠯ ᠤᠨ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠤᠨ ᠲᠣᠭᠤᠷᠢᠨ ᠳᠤ᠂ ᠠᠷᠠᠳ ᠤᠨ ᠰᠠᠨᠠᠯ ᠰᠠᠨᠠᠭᠤᠯᠭ᠎ᠠ ᠶᠢ ᠬᠤᠷᠢᠶᠠᠨ ᠴᠤᠭᠯᠠᠭᠤᠯᠬᠤ᠂ ᠶᠠᠷᠢᠯᠴᠠᠨ ᠰᠣᠯᠢᠯᠴᠠᠬᠤ᠂ ᠬᠠᠤᠯᠢ ᠪᠠᠷ ᠵᠠᠰᠠᠬᠤ ᠤᠬᠠᠭᠤᠯᠭ᠎ᠠ ᠵᠡᠷᠭᠡ ᠠᠵᠢᠯᠯᠠᠭ᠎ᠠ ᠶᠢ ᠥᠷᠨᠢᠭᠦᠯᠵᠦ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠳᠤ ᠬᠦᠴᠦᠨ ᠨᠡᠮᠡᠷᠢᠯᠡᠨ᠎ᠡ᠃ ᠠᠷᠠᠳᠴᠢᠯᠠᠭᠰᠠᠨ ᠦᠢᠯᠡᠳᠦᠯᠭᠡ ᠶᠢᠨ ᠠᠴᠢᠶᠠᠯᠠᠪᠤᠷᠢ ᠶᠢ ᠥᠷᠭᠡᠳᠬᠡᠨ᠎ᠡ᠃ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠨᠡᠩ ᠴᠢᠬᠤᠯᠠᠴᠢᠯᠠᠵᠤ᠂ ︽ᠠᠳᠠᠯᠢ ᠰᠡᠳᠦᠪ ᠲᠤ ᠬᠠᠮᠲᠤ ᠪᠠᠷ ᠬᠠᠷᠢᠭᠤᠯᠲᠠ ᠦᠭᠴᠦ ᠠᠳᠠᠯᠢ ᠴᠢᠭᠯᠡᠯ ᠢᠶᠠᠷ ᠬᠦᠴᠦᠯᠡᠬᠦ︾ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠴᠢᠩᠭᠠᠳᠬᠠᠵᠤ᠂ ᠲᠤᠰᠢᠶᠠᠨ ᠰᠢᠢᠳᠪᠦᠷᠢᠯᠡᠭᠦᠯᠬᠦ᠂ ᠭᠦᠢᠴᠡᠳᠬᠡᠨ ᠰᠢᠢᠳᠪᠦᠷᠢᠯᠡᠬᠦ᠂ ᠬᠠᠷᠢᠭᠤᠯᠲᠠ ᠥᠭᠬᠦ ᠡᠯ᠎ᠡ ᠭᠤᠭᠴᠤᠭ᠎ᠠ ᠳᠤ ᠢᠳᠡᠪᠬᠢᠲᠡᠢ ᠪᠠᠷ ᠬᠠᠮᠵᠢᠯᠴᠠᠵᠤ᠂ ᠰᠠᠨᠠᠭᠤᠯᠭ᠎ᠠ ᠶᠢ ᠰᠢᠢᠳᠪᠦᠷᠢᠯᠡᠬᠦ ᠶᠢ ᠦᠨᠡᠯᠡᠬᠦ ᠪᠠ ᠣᠨ ᠠᠯᠤᠰᠯᠠᠨ ᠵᠣᠯᠭᠠᠭᠤᠯᠬᠤ ᠲᠣᠭᠲᠠᠴᠠ ᠶᠢ ᠦᠷᠭᠦᠯᠵᠢᠯᠡᠨ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠠᠨᠠᠯ ᠰᠠᠨᠠᠭᠤᠯᠭ᠎ᠠ ᠶᠢᠨ ︽ᠰᠢᠢᠳᠪᠦᠷᠢᠯᠡᠬᠦ ᠨᠤᠷᠮ᠎ᠠ︾ ᠶᠢ ᠬᠦᠴᠦ ᠪᠠᠨ ᠬᠠᠮᠲᠤᠳᠬᠠᠨ ᠳᠡᠭᠡᠭᠰᠢᠯᠡᠭᠦᠯᠵᠦ᠂ ︽ᠠᠷᠠᠳ ᠤᠨ ᠰᠠᠨᠠᠭ᠎ᠠ︾ ᠶᠢ ︽ᠬᠠᠨᠤᠮᠵᠢᠲᠠᠶ︾ ᠪᠣᠯᠭᠠᠨ ᠬᠤᠪᠢᠷᠠᠭᠤᠯᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠪᠢᠯᠧᠲ ᠥᠭᠬᠦ ᠳᠦᠷᠢᠮ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠠᠶᠢᠩᠭᠤᠵᠢᠭᠤᠯᠤᠨ ᠴᠤᠭᠯᠠᠭᠤᠯᠬᠤ ᠠᠵᠢᠯ ᠢ ᠥᠷᠨᠢᠭᠦᠯᠵᠦ᠂ ᠲᠦᠷᠦᠯ ᠵᠦᠢᠯ ᠤᠨ ᠨᠥᠭᠡᠴᠡ ᠶᠢᠨ ᠬᠥᠮᠥᠷᠭᠡ ᠶᠢ ᠪᠠᠶᠢᠭᠤᠯᠵᠤ᠂ ᠠᠵᠢᠯ ᠤᠨ ᠪᠢᠲᠡᠭᠦᠦ ᠭᠤᠭᠴᠤᠭ᠎ᠠ ᠶᠢ ᠪᠦᠷᠢᠯᠳᠦᠭᠦᠯᠵᠦ᠂ ᠨᠢᠭᠡᠳ ᠨᠢᠭᠡ ᠪᠠᠷ ᠨᠠᠶᠢᠳᠠᠪᠤᠷᠢᠵᠢᠭᠤᠯᠤᠨ︽ᠵᠠᠩᠭᠢᠯᠠᠭ᠎ᠠ ᠶᠢᠨ ᠪᠠᠭ᠎ᠠ ᠶᠠᠪᠤᠳᠠᠯ︾ ᠢᠶᠠᠷ ᠲᠠᠰᠤᠷᠠᠯᠲᠠ ᠦᠭᠡᠢ ᠬᠤᠷᠠᠮᠳᠤᠭᠤᠯᠵᠤ ᠪᠠᠶᠢᠭᠠᠳ ᠦᠷ᠎ᠡ ᠪᠦᠲᠦᠮᠵᠢ ᠣᠯᠬᠤ᠂ ︽ᠵᠣᠯ ᠵᠢᠷᠭᠠᠯᠲᠤ ᠳᠤᠯᠠᠭᠠᠬᠠᠨ ᠶᠠᠪᠤᠳᠠᠯ︾ ᠪᠤᠯᠭᠠᠨ᠎ᠠ᠃  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ︽ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ︾ ᠬᠢᠨᠠᠯᠲᠠ ᠲᠠᠯᠪᠢᠬᠤ ᠳᠤ ᠣᠷᠣᠯᠴᠠᠬᠤ ᠠᠷᠭ᠎ᠠ ᠵᠠᠮ ᠢ ᠥᠷᠭᠡᠳᠬᠡᠵᠦ᠂ ᠤᠯᠠᠨ ᠨᠡᠶᠢᠲᠡ ᠶᠢᠨ ᠴᠢᠬᠤᠯᠠ ᠶᠡᠭᠡ ᠤᠴᠢᠷ ᠶᠠᠪᠤᠳᠠᠯ ᠢ ᠶᠠᠷᠢᠯᠴᠠᠨ ᠲᠣᠭᠲᠠᠭᠠᠬᠤ ᠳᠤ ᠣᠷᠣᠯᠴᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠠᠰᠠᠭ ᠤᠨ ᠶᠠᠪᠤᠳᠠᠯ ᠢ ᠵᠥᠪᠯᠡᠬᠦ ᠲᠥᠯᠥᠭᠡᠯᠡᠭᠴᠢᠳ ᠤᠨ ᠬᠤᠷᠠᠯ ᠤᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠦᠢᠯᠡᠳᠦᠯ ᠢ ᠨᠢ ᠪᠠᠳᠠᠷᠠᠭᠤᠯᠬᠤ ᠶᠢ ᠲᠦᠯᠬᠢᠨ ᠠᠬᠢᠭᠤᠯᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠦᠢᠯᠡᠳᠦᠯᠭᠡ ᠶᠢᠨ ᠠᠭᠤᠯᠤᠭᠳᠠᠬᠤᠨ ᠢ ᠲᠠᠰᠤᠷᠠᠯᠳᠠ ᠦᠭᠡᠢ ᠪᠠᠶᠠᠯᠢᠭᠵᠢᠭᠤᠯᠤᠨ᠎ᠠ᠃     ᠳᠥᠷᠪᠡ᠂ ︽ᠲᠦᠷᠪᠡᠨ ᠪᠠᠶᠢᠭᠤᠯᠭ᠎ᠠ︾ ᠭᠡᠬᠦ ᠬᠠᠷᠠᠯᠲᠠ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠨᠡᠩ ᠥᠨᠳᠥᠷ ᠱᠠᠭᠠᠷᠳᠠᠯᠭ᠎ᠠ ᠪᠠᠷ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠎ᠠ᠃ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠤ ᠵᠣᠬᠢᠴᠠᠭᠤᠯᠤᠨ᠂ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠤ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ᠂ ᠰᠠᠬᠢᠯᠭ᠎ᠠ ᠪᠠᠲᠤ ᠶᠢᠨ ᠪᠠ ᠳᠦᠷᠢᠮ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠲᠤᠭᠤᠷᠢᠭ ᠤᠨ ᠨᠠᠮ ᠤᠨ ᠬᠤᠷᠢᠶ᠎ᠠ ᠶᠢ ᠰᠠᠨᠠᠭ᠎ᠠ ᠠᠮᠤᠷ᠂ ᠣᠯᠠᠨ ᠲᠦᠮᠡᠨ ᠢ ᠰᠡᠳᠬᠢᠯ ᠬᠠᠨᠤᠮᠵᠢᠲᠠᠶ ᠪᠣᠯᠭᠠᠬᠤ ︽ᠳᠥᠷᠪᠡᠨ ᠪᠠᠶᠢᠭᠤᠯᠭ᠎ᠠ︾ ᠶᠢ ᠴᠢᠷᠮᠠᠶᠢᠨ ᠪᠠᠶᠢᠭᠤᠯᠤᠨ᠎ᠠ᠃ ᠤᠯᠤᠰ ᠲᠦᠷᠦ ᠪᠠᠷ ᠬᠦᠴᠦᠷᠬᠡᠭ ᠡᠩᠨᠡᠭᠡ ᠶᠢ ᠬᠥᠲᠥᠯᠥᠨ ᠳᠠᠭᠠᠭᠤᠯᠤᠨ᠎ᠠ᠃ ᠪᠠᠶᠢᠩᠭᠤ ᠶᠢᠨ ᠬᠤᠷᠢᠶᠠᠨ ᠤ ᠪᠦᠷᠢᠯᠳᠦᠭᠦᠨ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠺᠠᠳ᠋ᠷᠴᠤᠳ ᠤᠨ ᠦᠵᠡᠯ ᠰᠠᠨᠠᠭᠠᠨ ᠤ ᠪᠣᠯᠪᠠᠰᠤᠷᠠᠯ᠂ ᠤᠯᠤᠰ ᠲᠦᠷᠦ ᠶᠢᠨ ᠪᠣᠯᠪᠠᠰᠤᠷᠠᠯ᠂ ᠦᠢᠯᠡᠳᠦᠯᠭᠡ ᠶᠢᠨ ᠪᠣᠯᠪᠠᠰᠤᠷᠠᠯ ᠢ ᠲᠠᠰᠤᠷᠠᠯᠲᠠ ᠦᠭᠡᠢ ᠴᠢᠩᠭᠠᠳᠬᠠᠵᠤ᠂ ᠤᠯᠤᠰ ᠲᠦᠷᠦ ᠶᠢᠨ ᠵᠤᠭᠰᠤᠴᠠ ᠡᠷᠡᠰ ᠪᠠᠲᠤ᠂ ᠠᠷᠠᠳ ᠲᠦᠮᠡᠨ ᠳᠤ ᠦᠢᠯᠡᠴᠢᠯᠡᠵᠦ᠂ ᠬᠠᠤᠯᠢ ᠪᠠᠷ ᠵᠠᠰᠠᠬᠤ ᠶᠢ ᠡᠷᠬᠢᠮᠯᠡᠳᠡᠭ᠂ ᠠᠷᠠᠳᠴᠢᠯᠠᠯ ᠢ ᠪᠠᠳᠠᠷᠠᠭᠤᠯᠵᠦ᠂ ᠬᠢᠴᠢᠶᠡᠨ ᠴᠢᠷᠮᠠᠶᠢᠵᠤ ᠬᠠᠷᠢᠭᠤᠴᠠᠯᠭ᠎ᠠ ᠪᠠᠨ ᠭᠦᠢᠴᠡᠳᠬᠡᠳᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠩᠨᠡᠭᠡ ᠶᠢ ᠴᠢᠷᠮᠠᠶᠢᠨ ᠪᠠᠶᠢᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ︽ᠤᠶᠤᠨ ᠤ ᠬᠥᠮᠥᠷᠭᠡ︾ ᠶᠢᠨ ᠬᠠᠮᠢᠶᠠᠷᠤᠯᠲᠠ ᠶᠢᠨ ᠠᠷᠭ᠎ᠠ ᠶᠢ ᠲᠡᠭᠦᠯᠳᠡᠷᠵᠢᠭᠦᠯᠵᠦ᠂ ︽ᠤᠶᠤᠨ ᠤ ᠬᠥᠮᠥᠷᠭᠡ︾ ᠶᠢᠨ ᠠᠵᠢᠯᠲᠠᠨ ᠢ ᠴᠠᠭ ᠲᠤᠬᠠᠢ ᠳᠤᠨᠢ ᠰᠤᠯᠢᠨ ᠰᠢᠨᠡᠳᠬᠡᠵᠦ᠂ ᠬᠢᠨᠠᠯᠲᠠ ᠲᠠᠯᠪᠢᠵᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢᠨ ᠠᠷᠠᠳᠴᠢᠯᠠᠭᠰᠠᠨ ᠬᠢᠷᠢ ᠬᠡᠮᠵᠢᠶ᠎ᠡ᠂ ᠰᠢᠨᠵᠢᠯᠡᠬᠦ ᠤᠬᠠᠭᠠᠨᠴᠢᠯᠠᠭᠰᠠᠨ ᠬᠢᠷᠢ ᠲᠦᠪᠰᠢᠨ ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠰᠠᠬᠢᠯᠭ᠎ᠠ ᠪᠠᠲᠤ ᠶᠢ ᠴᠢᠩᠳᠠᠯᠠᠵᠤ ᠰᠤᠷᠲᠠᠯ ᠢ ᠴᠢᠩᠭᠠᠳᠬᠠᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠢ ᠭᠦᠢᠴᠡᠳᠬᠡᠵᠦ᠂ ᠪᠠᠶᠢᠩᠭᠤ ᠶᠢᠨ ᠬᠤᠷᠢᠶᠠᠨ ᠤ ᠬᠡᠷᠡᠭ ᠵᠥᠪᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠳᠦᠷᠢᠮ ᠤᠨ ᠬᠡᠷᠡᠭᠵᠢᠭᠦᠯᠬᠦ ᠬᠦᠴᠦᠨ ᠢ ᠴᠢᠩᠭᠠᠷᠠᠭᠤᠯᠤᠨ᠎ᠠ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠤᠷᠳᠤ ᠬᠤᠭᠤᠴᠠᠭ᠎ᠠ ᠪᠠᠷ ᠨᠠᠶᠢᠳᠠᠪᠤᠷᠢᠵᠢᠭᠤᠯᠬᠤ ᠪᠠ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠪᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠣᠭᠲᠠᠭᠠᠯ ᠪᠣᠯᠭᠠᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠵᠤ᠂ ᠰᠤᠷᠲᠠᠯ ᠢᠶᠠᠨ ᠬᠤᠪᠢᠷᠠᠭᠤᠯᠵᠤ᠂ ᠰᠢᠨ᠎ᠡ ᠬᠡᠪ ᠪᠠᠶᠢᠳᠠᠯ ᠢ ᠪᠤᠢ ᠪᠤᠯᠭᠠᠨ᠎ᠠ᠃ ᠳᠡᠭᠡᠳᠦ ᠳᠣᠣᠷᠠᠳᠤ ᠱᠠᠲᠤ ᠪᠠᠷ ᠢᠶᠠᠨ ᠬᠠᠮᠵᠢᠯᠴᠠᠨ ᠰᠠᠭᠤᠷᠢ  ᠪᠠᠨ ᠪᠠᠲᠤᠵᠢᠭᠤᠯᠤᠨ᠎ᠠ᠃ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠢᠯᠣᠭᠤᠳᠤᠯᠭ᠎ᠠ ᠶᠢ ᠤᠬᠠᠮᠰᠠᠷ ᠠᠴᠠ ᠪᠠᠨ ᠬᠦᠯᠢᠶᠡᠵᠦ᠂ ᠡᠯ᠎ᠡ ᠭᠠᠵᠠᠷ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠯᠤᠭ᠎ᠠ ᠶᠢᠨ ᠨᠡᠪᠲᠡᠷᠡᠯᠴᠡᠭᠡ ᠰᠣᠯᠢᠯᠴᠠᠭ᠎ᠠ ᠪᠠᠨ ᠴᠢᠩᠭᠠᠳᠬᠠᠵᠤ᠂ ᠳ᠋ᠦᠩᠱᠧᠩ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠨᠦᠯᠦᠭᠡᠯᠡᠬᠦ ᠬᠦᠴᠦᠨ ᠢ ᠴᠢᠩᠭᠠᠳᠬᠠᠨ᠎ᠠ᠃ ᠪᠠᠯᠭᠠᠰᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠯᠤᠭ᠎ᠠ ᠶᠢᠨ ᠬᠠᠷᠢᠯᠴᠠᠭ᠎ᠠ ᠪᠠᠨ ᠨᠢᠭᠲᠠᠷᠠᠭᠤᠯᠵᠤ᠂ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠦᠢᠯᠡᠳᠦᠯᠭᠡ ᠶᠢᠨ ᠳᠤᠮᠳᠠᠬᠢ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠳ᠋ᠦᠩᠨᠡᠨ ᠳᠡᠯᠭᠡᠷᠡᠭᠦᠯᠵᠦ᠂ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠣᠨᠴᠠᠯᠢᠭ ᠲᠠᠢ ᠨᠠᠷᠠᠲᠤ ᠲᠥᠷᠥᠯ ᠲᠡᠮᠳᠡᠭᠲᠦ ᠶᠢ ᠬᠦᠴᠦᠯᠡᠨ ᠪᠣᠶ ᠪᠣᠯᠭᠠᠵᠤ᠂ ᠪᠥᠬᠦ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠦᠬᠦᠯᠢ ᠴᠣᠭᠴᠠ ᠶᠢᠨ ᠠᠵᠢᠯ ᠤᠨ ᠬᠢᠷᠢ ᠲᠦᠪᠰᠢᠨ ᠢ ᠳᠡᠭᠡᠭᠰᠢᠯᠡᠬᠦᠯᠦᠨ᠎ᠡ᠃     ᠲᠥᠯᠥᠭᠡᠯᠡᠭᠴᠢᠳ ᠠ᠋᠂ ᠭᠡᠷᠡᠯ ᠭᠢᠯᠪᠠᠭ᠎ᠠ ᠪᠠᠨ ᠪᠠᠳᠠᠷᠠᠭᠤᠯᠤᠨ ᠠᠶᠠᠯᠠᠬᠤᠶ᠎ᠠ᠂ ᠠᠯᠤᠰ ᠤᠨ ᠠᠶᠠᠨ ᠳᠤ ᠲᠡᠮᠡᠴᠡᠨ ᠬᠦᠷᠦᠮᠤᠢ᠃ ︽ᠭᠤᠷᠪᠠᠨ ᠲᠤᠭᠤᠷᠢᠭ ᠳᠥᠷᠪᠡᠨ ᠬᠤᠲᠠ︾ ᠶᠢᠨ ᠰᠠᠶᠢᠨ ᠰᠠᠶᠢᠬᠠᠨ ᠭᠡᠷ ᠣᠷᠣᠨ ᠢ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠳᠤ᠂ ᠬᠥᠮᠥᠨ ᠨᠢᠭᠡᠪᠦᠷᠢ ᠴᠥᠮ ᠭᠤᠣᠯ ᠲᠣᠭᠯᠠᠭᠴᠢ ᠪᠣᠯᠵᠤ᠂ ᠦᠵᠡᠬᠦᠯᠬᠦ ᠬᠤᠪᠢ ᠨᠡᠮᠡᠷᠢ ᠪᠦᠷᠢ ᠨᠢ ᠴᠥᠮ ᠲᠤᠶᠢᠯ ᠤᠨ ᠡᠷᠬᠢᠮ ᠨᠠᠨᠳᠢᠨ ᠪᠠᠶᠢᠳᠠᠭ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠨᠡᠩ ᠣᠷᠭᠢᠯᠤᠮ᠎ᠠ ᠬᠠᠯᠠᠭᠤᠨ ᠤᠯᠤᠰ ᠲᠦᠷᠦ ᠶᠢᠨ ᠬᠠᠯᠠᠭᠤᠨ ᠰᠡᠳᠬᠢᠯᠭᠡ᠂ ᠨᠡᠩ ᠴᠢᠩᠭ᠎ᠠ ᠡᠭᠦᠷᠭᠡ ᠬᠠᠷᠢᠭᠤᠴᠠᠯᠭ᠎ᠠ ᠪᠠᠷ ᠲᠥᠪ ᠭᠤᠣᠯᠴᠢ ᠪᠠᠷ ᠰᠢᠨ᠎ᠡ ᠶᠢ ᠡᠭᠦᠳᠴᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠷᠠᠯᠲᠠ ᠲᠡᠰᠢ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠶᠢᠨ ᠳ᠋ᠦᠩᠱᠧᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ᠨᠡᠷ᠎ᠡ ᠲᠤᠮᠢᠶ᠎ᠠ ᠶᠢᠨ ᠲᠠᠶᠢᠯᠪᠤᠷᠢ     1. ︽ᠲᠦᠷᠪᠡᠨ ᠪᠠᠶᠢᠭᠤᠯᠭ᠎ᠠ︾᠄ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ︽ᠲᠦᠷᠪᠡᠨ ᠪᠠᠶᠢᠭᠤᠯᠭ᠎ᠠ︾ ᠭᠡᠳᠡᠭ ᠨᠢ ᠤᠯᠤᠰ ᠲᠦᠷᠦ ᠶᠢᠨ ᠪᠠᠶᠢᠭᠤᠯᠭ᠎ᠠ᠂ ᠡᠷᠬᠡᠲᠦ ᠪᠠᠶᠢᠭᠤᠯᠭ᠎ᠠ᠂ ᠠᠵᠢᠯ ᠤᠨ ᠪᠠᠶᠢᠭᠤᠯᠭ᠎ᠠ ᠪᠠ ᠲᠥᠯᠥᠭᠡᠯᠡᠬᠦ ᠪᠠᠶᠢᠭᠤᠯᠭ᠎ᠠ ᠶᠢ ᠵᠢᠭᠠᠵᠤ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠳᠡᠭᠡᠷ᠎ᠡ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠳᠤ ᠴᠢᠬᠤᠯᠠ ᠪᠠᠶᠢᠷᠢ ᠲᠣᠭᠲᠠᠭᠠᠯᠲᠠ ᠬᠢᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠮᠥᠨ ᠴᠢᠨᠠᠷ ᠤᠨ ᠰᠢᠨᠵᠢ ᠴᠢᠨᠠᠷ ᠪᠣᠯᠣᠨ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢ ᠢᠯᠡ ᠲᠣᠳᠣᠷᠬᠠᠢ ᠢᠯᠡᠷᠡᠭᠦᠯᠦᠭᠰᠡᠨ ᠪᠠᠶᠢᠨ᠎ᠠ᠃     2.︽ᠭᠤᠷᠪᠠᠨ ᠳᠥᠷᠪᠡ︾ ᠶᠢᠨ ᠠᠵᠢᠯ ᠤᠨ ᠡᠭᠦᠷᠭᠡ᠄ ᠡᠨᠧᠷᠭᠢ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠰᠢᠨ᠎ᠡ ᠡᠨᠧᠷᠭᠢ᠂ ᠢᠮᠠᠭᠠᠨ ᠨᠤᠤᠯᠤᠭᠤᠷ ᠵᠡᠷᠭᠡ ᠳᠥᠷᠪᠡᠨ ᠳᠡᠯᠡᠬᠡᠶ ᠶᠢᠨ ᠲᠠᠰ ᠤᠨ ᠠᠵᠤ ᠦᠢᠯᠡᠰ ᠢ ᠴᠤᠭᠴᠠᠯᠠᠬᠤ︔ ᠠᠮᠢ ᠠᠬᠤᠶ ᠶᠢᠨ ᠵᠠᠰᠠᠯᠲᠠ᠂ ᠪᠣᠯᠪᠠᠰᠤᠨ ᠬᠤᠲᠠ᠂ ᠬᠠᠮᠲᠤ ᠪᠠᠷ ᠴᠢᠨᠡᠭᠡᠯᠢᠭᠵᠢᠬᠦ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠵᠡᠷᠭᠡ ᠤᠯᠤᠰ ᠤᠨ ᠳᠥᠷᠪᠡᠨ ᠬᠡᠪ ᠳᠠᠭᠤᠷᠢᠶᠠᠯ ᠢ ᠪᠠᠶᠢᠭᠤᠯᠬᠤ︔ ᠲᠡᠷᠢᠭᠦᠨ ᠤ ᠰᠢᠨ᠎ᠡ ᠶᠢ ᠡᠭᠦᠳᠬᠦ ᠠᠮᠢ ᠠᠬᠤᠶ᠂ ᠲᠡᠷᠢᠭᠦᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ᠂ ᠲᠡᠷᠢᠭᠦᠨ ᠤ ᠬᠤᠲᠠ ᠶᠢᠨ ᠳᠦᠷᠢ ᠲᠥᠷᠬᠦ᠂ ᠲᠡᠷᠢᠭᠦᠨ ᠤ ᠺᠠᠳ᠋ᠷ ᠤᠨ ᠡᠩᠨᠡᠭᠡ ᠵᠡᠷᠭᠡ ᠪᠦᠬᠦ ᠤᠯᠤᠰ ᠤᠨ ᠳᠦᠷᠪᠡᠨ ᠲᠡᠷᠢᠭᠦᠨ ᠢ ᠡᠬᠦᠳᠬᠦ ᠶᠢ ᠵᠢᠭᠠᠨ᠎ᠠ᠃    3.︽ᠭᠤᠷᠪᠠᠨ ᠲᠤᠭᠤᠷᠢᠭ ᠳᠥᠷᠪᠡᠨ ᠬᠤᠲᠠ︾ ᠶᠢᠨ ᠪᠦᠲᠦᠭᠡᠨ ᠪᠠᠶᠢᠭᠤᠯᠤᠯᠲᠠ᠄ ᠲᠤᠭᠤᠷᠢᠭ ᠤᠨ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠵᠢᠴᠢ ᠪᠥᠬᠦ ᠲᠤᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ︽ᠠᠵᠤ ᠦᠢᠯᠡᠳᠪᠦᠷᠢ ᠶᠢᠨ ᠬᠦᠴᠦᠷᠬᠡᠭ ᠲᠤᠭᠤᠷᠢᠭ︾ ᠢ ᠪᠥᠬᠦ ᠬᠦᠴᠦᠨ ᠢᠶᠠᠷ ᠴᠣᠭᠴᠠᠯᠠᠨ ᠪᠠᠶᠢᠭᠤᠯᠵᠤ᠂ ︽ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠥᠪᠯᠡᠷᠡᠭᠰᠡᠨ ᠲᠤᠭᠤᠷᠢᠭ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠵᠤ᠂ ︽ᠴᠢᠨᠠᠷ ᠰᠠᠶᠢᠲᠠᠢ ᠦᠢᠯᠡᠴᠢᠯᠡᠭᠡᠨ ᠤ ᠣᠷᠴᠢᠨ ᠲᠣᠭᠤᠷᠢᠨ ᠤ ᠵᠢᠱᠢᠶ᠎ᠡ ᠦᠵᠡᠭᠦᠯᠬᠦ ᠲᠤᠭᠤᠷᠢᠭ︾ ᠢ ᠪᠥᠬᠦ ᠲᠠᠯ᠎ᠠ ᠪᠠᠷ ᠴᠣᠭᠴᠠᠯᠠᠨ ᠪᠠᠶᠢᠭᠤᠯᠵᠤ᠂ ︽ᠠᠮᠢ ᠠᠬᠤᠢ ᠶᠢᠨ ᠬᠤᠲᠠ᠂ ᠴᠢᠨᠠᠷ ᠴᠢᠨᠰᠠᠭᠠᠳᠤ ᠬᠤᠲᠠ᠂ ᠠᠮᠤᠷ ᠠᠮᠤᠭᠤᠯᠠᠩ ᠬᠤᠲᠠ᠂ ᠵᠣᠯ ᠵᠢᠷᠭᠠᠯᠲᠤ ᠬᠤᠲᠠ︾ ᠶᠢ ᠬᠦᠴᠦᠯᠡᠨ ᠪᠦᠲᠦᠭᠡᠨ ᠪᠠᠶᠢᠭᠤᠯᠤᠨ᠎ᠠ ᠭᠡᠵᠤ ᠳᠤᠷᠠᠳᠤᠨ ᠭᠠᠷᠭᠠᠪᠠ᠃     4. ︽ᠬᠤᠶᠠᠷ ᠲᠤ ᠮᠡᠳᠡᠬᠦᠯᠬᠦ ᠬᠤᠶᠠᠷ ᠲᠤ ᠦᠢᠯᠡᠴᠢᠯᠡᠬᠦ ᠬᠤᠶᠠᠷ ᠲᠤ ᠠᠭᠤᠰᠤᠯᠴᠠᠬᠤ︾᠄ ᠪᠣᠳᠠᠲᠠᠢ ᠪᠠᠷ ᠬᠡᠯᠡᠪᠡᠯ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠨᠢ ᠬᠤᠯᠪᠤᠭᠠᠯᠠᠨ ᠪᠠᠶᠢᠭᠤᠯᠬᠤ ᠨᠡᠶᠢᠭᠡᠮ ᠲᠣᠭᠤᠷᠢᠭ ᠲᠤ ᠣᠴᠢᠵᠤ ᠨᠡᠷ᠎ᠡ ᠪᠠᠨ ᠮᠡᠳᠡᠭᠦᠯᠬᠦ᠂ ᠠᠵᠢᠯ ᠳᠤ ᠪᠠᠶᠢᠭ᠎ᠠ ᠨᠠᠮ ᠤᠨ ᠭᠡᠰᠢᠭᠦᠨ ᠰᠠᠭᠤᠭ᠎ᠠ ᠭᠠᠵᠠᠷ ᠤᠨ ᠢᠶᠠᠨ ᠨᠡᠶᠢᠭᠡᠮ ᠲᠣᠭᠤᠷᠢᠭ ᠲᠤ ᠣᠴᠢᠵᠤ ᠨᠡᠷ᠎ᠡ ᠪᠠᠨ ᠮᠡᠳᠡᠭᠦᠯᠬᠦ︔ ᠪᠠᠶᠢᠭᠤᠯᠭ᠎ᠠ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠨᠢ ᠨᠡᠶᠢᠭᠡᠮ ᠲᠣᠭᠤᠷᠢᠭ ᠤᠨ ᠪᠠᠶᠢᠭᠤᠯᠤᠯᠲᠠ ᠳᠤ ᠦᠢᠯᠡᠴᠢᠯᠡᠵᠦ᠂ ᠠᠵᠢᠯ ᠳᠤ ᠪᠠᠶᠢᠭ᠎ᠠ ᠨᠠᠮ ᠤᠨ ᠭᠡᠰᠢᠭᠦᠨ ᠰᠠᠭᠤᠭ᠎ᠠ ᠭᠠᠵᠠᠷ ᠤᠨ ᠢᠶᠠᠨ ᠨᠡᠶᠢᠭᠡᠮ ᠲᠣᠭᠤᠷᠢᠭ ᠲᠤ ᠣᠴᠢᠵᠤ ᠰᠠᠶᠢᠨ ᠳᠤᠷ᠎ᠠ ᠶᠢᠨ ᠦᠢᠯᠡᠴᠢᠯᠡᠭᠡ ᠶᠢᠨ ᠠᠵᠢᠯ ᠬᠢᠬᠦ︔ ᠪᠠᠶᠢᠭᠤᠯᠭ᠎ᠠ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠨᠢ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠬᠠᠮᠲᠤ ᠶᠢᠨ ᠪᠠᠶᠢᠭᠤᠯᠤᠯᠲᠠ ᠳᠤ ᠠᠭᠤᠰᠤᠯᠴᠠᠵᠤ᠂ ᠠᠵᠢᠯ ᠳᠤ ᠪᠠᠶᠢᠭ᠎ᠠ ᠨᠠᠮ ᠤᠨ ᠭᠡᠰᠢᠭᠦᠨ ᠨᠢ ᠣᠷᠣᠨ ᠰᠠᠭᠤᠴᠠ ᠶᠢᠨ ᠪᠠᠶᠢᠭ᠎ᠠ ᠭᠠᠵᠠᠷ ᠤᠨ ᠰᠦᠯᠵᠢᠶᠡᠴᠢᠯᠡᠯ ᠤᠨ ᠵᠠᠰᠠᠯᠲᠠ ᠶᠢᠨ ᠠᠵᠢᠯ ᠳᠤ ᠠᠭᠤᠰᠤᠯᠴᠠᠬᠤ︔ ᠣᠷᠳᠣᠰ ᠬᠤᠳᠠ ᠶᠢᠨ ᠠᠯᠪᠠᠨ ᠪᠠᠶᠢᠭᠤᠯᠭ᠎ᠠ ᠨᠢᠭᠡᠴᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠠᠵᠢᠯ ᠳᠤ ᠪᠠᠶᠢᠭ᠎ᠠ ᠨᠠᠮ ᠤᠨ ᠭᠡᠰᠢᠭᠦᠨ ᠤ ᠦᠨᠳᠦᠰᠦᠨ ᠱᠠᠲᠤᠨ ᠤ ᠵᠠᠰᠠᠯᠲᠠ ᠶᠢᠨ ᠳᠤᠮᠳᠠ ᠦᠢᠯᠡᠳᠦᠯ ᠢᠶᠠᠨ ᠪᠠᠳᠠᠷᠠᠭᠤᠯᠬᠤ ᠶᠢ ᠢᠳᠡᠪᠬᠢᠲᠡᠢ ᠰᠦᠪᠡᠭᠴᠢᠯᠡᠬᠦ ᠪᠦᠲᠦᠮᠵᠢᠲᠡᠢ ᠠᠷᠭ᠎ᠠ ᠵᠠᠮ ᠪᠣᠯᠣᠨ᠎ᠠ᠃     5. ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠠᠰᠠᠭ ᠤᠨ ᠶᠠᠪᠤᠳᠠᠯ ᠢ ᠵᠥᠪᠯᠡᠬᠦ ᠲᠥᠯᠥᠭᠡᠯᠡᠭᠴᠢᠳ ᠤᠨ ᠬᠤᠷᠠᠯ ᠤᠨ ᠳᠦᠷᠢᠮ᠄ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠠᠰᠠᠭ ᠤᠨ ᠶᠠᠪᠤᠳᠠᠯ ᠢ ᠵᠥᠪᠯᠡᠬᠦ ᠲᠥᠯᠥᠭᠡᠯᠡᠭᠴᠢᠳ ᠤᠨ ᠬᠤᠷᠠᠯ ᠤᠨ ᠳᠦᠷᠢᠮ ᠤᠨ ᠵᠣᠷᠢᠯᠭ᠎ᠠ ᠨᠢ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠡᠭᠡᠯᠢ ᠭᠤᠳᠤᠮᠵᠢ ᠶᠢᠨ ᠬᠡᠷᠡᠭ ᠡᠷᠭᠢᠯᠡᠬᠦ ᠭᠠᠵᠠᠷ ᠤᠨ ᠠᠵᠢᠯ ᠤᠨ ᠰᠢᠨᠵᠢᠯᠡᠬᠦ ᠤᠬᠠᠭᠠᠨᠴᠢᠯᠠᠭᠰᠠᠨ᠂ ᠠᠷᠠᠳᠴᠢᠯᠠᠭᠰᠠᠨ᠂ ᠲᠦᠷᠢᠮᠵᠢᠭᠰᠡᠨ ᠵᠢᠷᠤᠮᠵᠢᠭᠰᠠᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ ᠶᠤᠮ᠃ ᠲᠤᠰ ᠳᠦᠷᠢᠮ ᠢ ᠬᠡᠷᠡᠭᠵᠢᠬᠦᠯᠬᠦ ᠨᠢ ᠦᠨᠳᠦᠰᠦᠨ ᠱᠠᠲᠤᠨ ᠤ ᠤᠯᠠᠨ ᠲᠦᠮᠡᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ ᠪᠠ ᠬᠢᠨᠠᠯᠲᠠ ᠲᠠᠯᠪᠢᠬᠤ ᠡᠷᠬᠡ ᠶᠢ ᠪᠦᠲᠦᠮᠵᠢᠲᠡᠶ ᠪᠠᠲᠤᠯᠠᠵᠤ ᠴᠢᠳᠠᠨ᠎ᠠ᠃ 2023 ᠣᠨ ᠳᠤ᠂ ᠯᠢᠨ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠ ᠪᠦᠲᠦᠭᠡᠨ ᠪᠠᠶᠢᠭᠤᠯᠤᠯᠲᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠲᠤᠷᠰᠢᠨ ᠬᠡᠷᠡᠭᠵᠢᠬᠦᠯᠪᠡ᠂ ᠣᠳᠣᠬᠠᠨ ᠳᠤ 12 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ  ᠲᠤ ᠪᠦᠬᠦᠨ ᠢ ᠬᠡᠷᠡᠭᠵᠢᠬᠦᠯᠪᠡ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ