2024 ᠣᠨ ᠤ 1 — 11 ᠰᠠᠷ᠎ᠠ ᠳᠤ᠂ ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ | ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 193.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.7% ᠪᠠᠷ ᠨᠡᠮᠡᠭᠳᠡᠨ᠂ | ᠶᠡᠷᠦᠩᠬᠡᠢ ᠬᠡᠮᠵᠢᠶ᠎ᠡ ᠨᠢ ᠪᠥᠬᠦ ᠬᠤᠲᠠ ᠶᠢᠨ ᠨᠢᠭᠡᠳᠦᠭᠡᠷ ᠲᠤ ᠣᠷᠣᠵᠤ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠬᠤᠶᠠᠳᠤᠭᠠᠷ ᠲᠤ ᠣᠷᠣᠵᠤ᠂ | ᠬᠥᠳᠡᠯᠭᠡᠬᠦ ᠬᠦᠴᠦᠨ ᠨᠡᠮᠡᠭᠳᠡᠬᠦ ᠬᠠᠨᠳᠤᠰᠢ ᠲᠠᠢ ᠪᠣᠯᠵᠤ᠂ ᠭᠤᠷᠪᠠᠳᠤᠭᠠᠷ ᠤᠯᠠᠷᠢᠯ ᠤᠨ ᠬᠢ ᠠᠴᠠ 6.2 ᠵᠠᠭᠤᠨ ᠤ ᠬᠤᠪᠢ ᠳᠡᠭᠡᠭᠰᠢᠯᠡᠵᠡᠢ᠃ ᠡᠭᠦᠨ ᠳᠤ ᠠᠷᠠᠳ | ᠠᠴᠠ ᠡᠵᠡᠩᠨᠡᠭᠰᠡᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢ 67.6 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢᠨ 35% ᠶᠢ | ᠡᠵᠡᠯᠡᠪᠡ᠃ | ᠠᠵᠢᠯ ᠲᠥᠷᠥᠯ ᠢᠶᠠᠷ ᠬᠤᠪᠢᠶᠠᠪᠠᠯ᠂ 10 ᠠᠵᠢᠯ ᠲᠥᠷᠥᠯ ᠤᠨ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢᠨ ︽7 ᠨᠢ ᠳᠡᠭᠡᠭᠰᠢᠯᠡᠵᠦ | 3 ᠨᠢ ᠪᠠᠭᠤᠷᠠᠪᠠ︾᠃ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 8.0% ᠪᠠᠷ ᠨᠡᠮᠡᠭᠳᠡᠪᠡ︔ | ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ︵ᠭᠡᠷ ᠪᠠᠶᠢᠰᠢᠩ ᠭᠠᠵᠠᠷ ᠬᠥᠷᠥᠩᠭᠡ ᠶᠢᠨ ᠡᠵᠡᠩᠨᠡᠯᠲᠡ ᠶᠢ ᠪᠠᠭᠲᠠᠭᠠᠬᠤ ᠦᠭᠡᠢ︶ ᠠᠳᠠᠯᠢ ᠬᠤᠭᠤᠴᠠᠭᠠᠨ ᠤ | ᠬᠢ ᠠᠴᠠ 12.9% ᠪᠠᠷ ᠨᠡᠮᠡᠭᠳᠡᠪᠡ︔ ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢᠯᠡᠴᠢᠯᠡᠭᠡᠨ ᠤ ᠦᠢᠯᠡᠰ᠂ ᠡᠷᠡᠭᠦᠯ | ᠬᠠᠮᠠᠭᠠᠯᠠᠯ ᠪᠠ ᠨᠡᠶᠢᠭᠡᠮ ᠤᠨ ᠠᠵᠢᠯ᠂ ᠰᠣᠶᠣᠯ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ᠂ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ | ᠦᠢᠯᠡᠴᠢᠯᠡᠭᠡᠨ ᠤ ᠦᠢᠯᠡᠰ᠂ ᠮᠡᠳᠡᠭᠡ ᠵᠠᠩᠭᠢ ᠳᠠᠮᠵᠢᠭᠤᠯᠬᠤ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ | ᠡᠵᠡᠩᠨᠡᠯᠲᠡ ᠶᠢᠨ ᠣᠷᠣᠯᠭ᠎ᠠ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠣᠰ ᠲᠣᠰ 43.9%᠂ 21.6%᠂ 10.6%᠂ 7.4%᠂ 4.2% ᠪᠣᠯᠪᠠ︔ | ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠤᠰᠤᠨ ᠠᠰᠢᠭᠯᠠᠯᠲᠠ᠂ ᠣᠷᠴᠢᠨ ᠠᠬᠤᠢ ᠪᠠ ᠣᠯᠠᠨ ᠨᠡᠶᠢᠲᠡ ᠶᠢᠨ | ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ᠂ ᠰᠤᠷᠭᠠᠨ ᠬᠥᠮᠦᠵᠢᠯ ᠤᠨ ᠨᠡᠮᠡᠭᠳᠡᠯ ᠤᠨ ᠬᠤᠷᠳᠤᠴᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ | 13.9%᠂ 8.1%᠂ 7.1% ᠪᠠᠷ ᠪᠠᠭᠤᠷᠠᠪᠠ᠃ | | | |