ᠦᠢᠷ᠎ᠠ ᠶᠢᠨ ᠡᠳᠤᠷ᠂ ᠳ᠋ᠦᠩᠱᠧᠩ ᠳᠤᠭᠤᠷᠢᠭ ᠤᠨ ︽ᠤᠷᠢᠬᠠᠨ ᠰᠠᠯᠬᠢ ᠠᠵᠢᠯᠯᠠᠭ᠎ᠠ︾ ᠳᠤᠰᠬᠠᠢ ᠳᠠᠯᠠᠪᠠᠢ | ᠶᠢᠨ ᠠᠵᠢᠯᠳᠠᠨ ᠡᠯᠰᠡᠬᠦ ᠴᠤᠭᠯᠠᠭᠠᠨ ᠳ᠋ᠦᠩᠱᠧᠩ ᠳᠤᠭᠤᠷᠢᠭ ᠤᠨ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ | ᠲᠦᠪ ᠲᠤ ᠶᠪᠤᠭᠳᠠᠪᠠ᠃ | ᠳᠤᠰ ᠤᠳᠠᠭᠠᠨ ᠤ ᠠᠵᠢᠯᠳᠠᠨ ᠡᠯᠰᠡᠬᠦ ᠴᠤᠭᠯᠠᠭᠠᠨ ᠳᠤ ᠡᠩ ᠤᠨ ᠠᠵᠢᠯᠳᠠᠨ ᠠᠴᠠ ᠳᠤᠰᠬᠠᠢ ᠮᠡᠷᠬᠡᠵᠢᠯ | ᠤᠨ ᠴᠢᠳᠠᠪᠤᠷᠢᠳᠠᠨ ᠢ ᠡᠯᠰᠡᠬᠦ ᠬᠦᠷᠳᠡᠯ᠎ᠡ ᠡᠯ᠎ᠡ ᠲᠦᠷᠦᠯ ᠤᠨ ᠠᠵᠢᠯ ᠤᠨ ᠪᠠᠶᠢᠷᠢ ᠶᠢ ᠴᠦᠮ ᠬᠠᠮᠤᠷᠴᠤ᠂ 340 | ᠠᠵᠤ ᠠᠬᠤᠶᠢᠯᠠᠯ ᠠᠴᠠ 8340 ᠭᠠᠷᠤᠢ ᠠᠵᠢᠯ ᠤᠨ ᠪᠠᠶᠢᠷᠢ ᠬᠠᠩᠭᠠᠵᠤ᠂ ᠠᠵᠢᠯ ᠡᠷᠢᠭᠰᠡᠳ ᠲᠤ ᠨᠡᠩ ᠤᠯᠠᠨ | ᠠᠵᠢᠯ ᠤᠯᠭᠤᠯᠳᠠ ᠶᠢᠨ ᠰᠤᠩᠭᠤᠯᠳᠠ ᠶᠢ ᠤᠯᠭᠤᠵᠠᠢ᠃ | ᠠᠵᠢᠯᠳᠠᠨ ᠡᠯᠰᠡᠬᠦ ᠴᠤᠭᠯᠠᠭᠠᠨ ᠨᠢ ᠠᠳᠠᠯᠢ ᠪᠤᠰᠤ ᠠᠵᠢᠯ ᠲᠦᠷᠦᠯ ᠤᠨ ᠬᠡᠯᠪᠡᠷᠢ ᠮᠠᠶ᠋ᠢᠭ ᠢ ᠦᠨᠳᠤᠰᠤᠯᠡᠨ | ᠳᠤᠰᠬᠠᠢ ᠳᠤᠭᠤᠷᠢᠭ ᠤᠨ ᠳᠤᠰᠬᠠᠢ ᠠᠵᠢᠯ ᠤᠨ ᠪᠠᠶᠢᠷᠢ ᠶᠢ ᠳᠤᠬᠢᠷᠠᠭᠤᠯᠤᠭᠰᠠᠨ ᠢᠶᠠᠷ ᠪᠠᠷᠠᠬᠤ ᠦᠬᠡᠢ ᠪᠠᠰᠠ | ᠰᠦᠯᠵᠢᠶᠡᠨ ᠳᠡᠬᠡᠷᠡᠬᠢ ᠰᠢᠭᠤᠳ ᠨᠡᠪᠳᠡᠷᠡᠬᠦᠯᠬᠡ ᠶᠢᠨ ᠬᠡᠯᠪᠡᠷᠢ ᠶᠢ ᠠᠰᠢᠭᠯᠠᠵᠤ᠂ ᠠᠵᠢᠯ ᠡᠷᠢᠭᠰᠡᠳ ᠠᠴᠠ ᠠᠵᠢᠯᠳᠠᠨ | ᠡᠯᠰᠡᠬᠦ ᠴᠤᠭᠯᠠᠭᠠᠨ ᠤ ᠳᠤᠬᠠᠢ ᠶᠢᠨ ᠳᠠᠯᠠᠪᠠᠢ ᠳᠤ ᠠᠵᠤ ᠠᠬᠤᠶᠢᠯᠠᠯ ᠲᠠᠢ ᠨᠢᠭᠤᠷᠳᠠᠨ ᠶᠠᠷᠢᠯᠴᠠᠵᠤ ᠪᠤᠯᠬᠤ | ᠮᠦᠷᠳᠡᠬᠡᠨ ᠪᠠᠰᠠ ︽ᠳ᠋ᠦᠩᠱᠧᠩ ᠤᠨ ᠠᠵᠢᠯ ᠤᠯᠭᠤᠯᠳᠠ︾ ᠵᠡᠷᠬᠡ ᠰᠢᠭᠤᠳ ᠨᠡᠪᠳᠡᠷᠡᠬᠦᠯᠬᠡ ᠶᠢᠨ ᠳᠠᠪᠴᠠᠩ ᠠᠴᠠ | ᠠᠵᠢᠯ ᠤᠨ ᠪᠠᠶᠢᠷᠢ ᠶᠢᠨ ᠳᠠᠨᠢᠯᠴᠠᠭᠤᠯᠭ᠎ᠠ ᠶᠢ ᠦᠵᠡᠵᠤ᠂ ᠴᠠᠭ ᠭᠠᠵᠠᠷ ᠤᠷᠤᠨ ᠤ ᠬᠢᠵᠠᠭᠠᠷᠯᠠᠯ ᠦᠬᠡᠢ ᠪᠠᠷ ᠠᠵᠢᠯ | ᠤᠨ ᠪᠠᠶᠢᠷᠢ ᠶᠢᠨ ᠮᠡᠳᠡᠭᠡ ᠵᠠᠩᠬᠢ ᠶᠢ ᠦᠢᠯᠠᠭᠠᠵᠤ᠂ ᠰᠠᠨᠠᠭᠠᠨ ᠳᠤ ᠳᠠᠭᠠᠷᠠᠭᠰᠠᠨ ᠠᠵᠢᠯ ᠤᠯᠬᠤ ᠳᠤ ᠲᠦᠬᠦᠮ | ᠦᠵᠡᠬᠦᠯᠵᠡᠢ᠃ | ︽ᠡᠨᠡ ᠤᠳᠠᠭᠠᠨ ᠤ ᠠᠵᠢᠯᠳᠠᠨ ᠡᠯᠰᠡᠬᠦ ᠴᠤᠭᠯᠠᠭᠠᠨ ᠤ ᠠᠬᠤᠢ ᠳᠠᠯᠠᠪᠠᠢ ᠳᠤ ᠠᠵᠢᠯ ᠡᠷᠢᠭᠰᠡᠳ ᠮᠠᠰᠢ | ᠤᠯᠠᠨ ᠢᠷᠡᠭᠰᠡᠨ ᠢᠶᠠᠷ ᠪᠠᠷᠠᠬᠤ ᠦᠬᠡᠢ ᠠᠵᠤ ᠠᠬᠤᠶᠢᠯᠠᠯ ᠴᠤ ᠤᠨᠴᠠᠭᠠᠢ ᠤᠯᠠᠨ ᠪᠠᠶᠢᠵᠤ᠂ ᠠᠵᠢᠯ ᠡᠷᠢᠭᠰᠡᠳ ᠲᠤ | ᠬᠠᠩᠭᠠᠭᠰᠠᠨ ᠠᠵᠢᠯ ᠤᠨ ᠪᠠᠶᠢᠷᠢ ᠶᠢᠨ ᠲᠦᠷᠦᠯ ᠵᠦᠢᠯ ᠨᠢ ᠴᠤ ᠮᠠᠰᠢ ᠪᠠᠶᠠᠯᠢᠭ ᠤᠴᠢᠷ ᠠᠴᠠ ᠮᠢᠨᠤ ᠬᠤᠪᠢ ᠳᠤ | ᠡᠨᠡ ᠪᠤᠯ ᠨᠢᠬᠡ ᠤᠳᠠᠭᠠᠨ ᠤ ᠤᠨᠴᠠᠭᠠᠢ ᠰᠠᠶᠢᠨ ᠳᠤᠬᠢᠶᠠᠯ ᠪᠤᠯᠤᠨ᠎ᠠ︾ ᠬᠡᠵᠤ ᠳᠤᠰ ᠤᠳᠠᠭᠠᠨ ᠤ ᠠᠵᠢᠯᠳᠠᠨ | ᠡᠯᠰᠡᠬᠦ ᠴᠤᠭᠯᠠᠭᠠᠨ ᠳᠤ ᠠᠵᠢᠯ ᠡᠷᠢᠬᠦ ᠪᠠᠷ ᠢᠷᠡᠭᠰᠡᠨ ᠯᠢᠤ ᠬᠤᠤ ᠰᠢᠤᠸᠠᠨ ᠶᠠᠷᠢᠵᠤ ᠪᠠᠶᠢᠯ᠎ᠠ᠃ | ᠦᠢᠯᠠᠭᠠᠭᠰᠠᠨ ᠢᠶᠠᠷ᠂ 2025 ᠤᠨ ᠤ ᠳ᠋ᠦᠩᠱᠧᠩ ᠳᠤᠭᠤᠷᠢᠭ ᠤᠨ ︽ᠤᠷᠢᠬᠠᠨ ᠰᠠᠯᠬᠢ ᠠᠵᠢᠯᠯᠠᠭ᠎ᠠ︾ | ᠳᠤᠰᠬᠠᠢ ᠳᠠᠯᠠᠪᠠᠢ ᠶᠢᠨ ᠠᠵᠢᠯᠳᠠᠨ ᠡᠯᠰᠡᠬᠦ ᠴᠤᠭᠯᠠᠭᠠᠨ ᠨᠢ ᠠᠵᠢᠯ ᠤᠯᠭᠤᠯᠳᠠ ᠶᠢᠨ ᠳᠠᠪᠴᠠᠩ ᠪᠠᠶᠢᠭᠤᠯᠬᠤ ᠪᠠᠷ | ᠳᠠᠮᠵᠢᠭᠤᠯᠤᠨ᠂ ᠠᠵᠢᠯ ᠡᠷᠢᠭᠰᠡᠳ ᠪᠠ ᠬᠦᠮᠦᠨ ᠬᠡᠷᠡᠭᠯᠡᠬᠦ ᠪᠠᠶᠢᠭᠤᠯᠭ᠎ᠠ ᠨᠢᠬᠡᠴᠢ ᠶᠢᠨ ᠪᠦᠳᠦᠮᠵᠢᠳᠡᠢ ᠵᠤᠯᠭᠠᠯᠴᠠᠭ᠎ᠠ | ᠶᠢ ᠠᠬᠢᠭᠤᠯᠵᠤ᠂ ᠳ᠋ᠦᠩᠱᠧᠩ ᠳᠤᠭᠤᠷᠢᠭ ᠤᠨ ᠠᠵᠤ ᠠᠬᠤᠢ ᠨᠡᠶᠢᠬᠡᠮ ᠤᠨ ᠴᠢᠨᠠᠷ ᠰᠠᠶᠢᠳᠠᠢ ᠬᠦᠭᠵᠢᠯᠳᠡ ᠶᠢ | ᠰᠠᠶᠢᠳᠤᠷ ᠠᠬᠢᠭᠤᠯᠤᠭᠰᠠᠨ ᠪᠠᠶᠢᠨ᠎ᠠ᠃ | ᠪᠦᠷᠢᠳᠬᠡᠯ ᠠᠴᠠ ᠦᠵᠡᠪᠡᠯ᠂ ᠳᠤᠰ ᠤᠳᠠᠭᠠᠨ ᠤ ᠠᠵᠢᠯᠳᠠᠨ ᠡᠯᠰᠡᠬᠦ ᠴᠤᠭᠯᠠᠭᠠᠨ ᠳᠤ 2830 ᠬᠦᠮᠦᠨ | ᠠᠵᠢᠯ ᠤᠯᠬᠤ ᠡᠷᠡᠮᠡᠯᠵᠡᠯ ᠲᠠᠢ ᠪᠤᠯᠵᠤ᠂ ᠰᠢᠭᠤᠳ ᠨᠡᠪᠳᠡᠷᠡᠬᠦᠯᠬᠡ ᠪᠠᠷ ᠠᠵᠢᠯ ᠤᠨ ᠪᠠᠶᠢᠷᠢ ᠶᠢ ᠳᠠᠨᠢᠯᠴᠠᠭᠤᠯᠬᠤ | ᠠᠵᠢᠯᠯᠠᠭ᠎ᠠ ᠶᠢ ᠦᠵᠡᠭᠰᠡᠨ ᠬᠦᠮᠦᠨ ᠤ ᠳᠤᠭ᠎ᠠ 14806 ᠬᠦᠮᠦᠨ ᠤᠳᠠᠭ᠎ᠠ ᠳᠤ ᠬᠦᠷᠴᠤ᠂ ᠳᠤᠬᠠᠢ ᠶᠢᠨ ᠳᠠᠯᠠᠪᠠᠢ | ᠳᠤ ᠤᠴᠢᠭᠰᠠᠨ ᠠᠵᠢᠯ ᠡᠷᠢᠭᠰᠡᠳ ᠤᠨ ᠳᠤᠭ᠎ᠠ 3 ᠲᠦᠮᠡ ᠭᠠᠷᠤᠢ ᠬᠦᠮᠦᠨ ᠤᠳᠠᠭ᠎ᠠ ᠪᠤᠯᠵᠠᠢ᠃ | | | |