ᠲᠦᠷᠬᠡᠨ ᠬᠦᠷᠬᠡᠯᠳᠡ ᠶᠢᠨ ︽ᠰᠡᠬᠦᠯᠴᠢ ᠶᠢᠨ ᠨᠢᠬᠡ ᠺᠢᠯᠤᠮᠧᠲᠷ︾ ᠤᠨ ᠠᠰᠠᠭᠤᠳᠠᠯ ᠢ ᠰᠠᠶᠢᠳᠤᠷ | ᠰᠢᠢᠳᠪᠤᠷᠢᠯᠡᠬᠦ ᠶᠢᠨ ᠲᠦᠯᠦᠬᠡ ᠳ᠋ᠦᠩᠱᠧᠩ ᠳᠤᠭᠤᠷᠢᠭ ᠳᠤᠯᠠᠭᠠᠨ ᠬᠤᠳᠠ ᠶᠢᠨ ᠤᠯᠠᠭ᠎ᠠ ᠦᠷᠳᠡᠭᠡ ᠶᠢ 62 | ᠪᠠᠶᠢᠭᠤᠯᠵᠤ᠂ ᠡᠳᠤᠷ ᠪᠦᠷᠢ ᠶᠢᠨ ᠳᠤᠮᠳᠠᠴᠢ ᠲᠦᠷᠬᠡᠨ ᠬᠦᠷᠬᠡᠯᠳᠡ ᠶᠢᠨ ᠬᠡᠮᠵᠢᠶ᠎ᠡ ᠨᠢ ᠪᠠᠷᠤᠭ 100000 | ᠬᠤᠪᠢ ᠬᠦᠷᠴᠤ ᠪᠠᠶᠢᠨ᠎ᠠ᠃ | 2023 ᠤᠨ ᠳᠤ ᠳ᠋ᠦᠩᠱᠧᠩ ᠳᠤᠭᠤᠷᠢᠭ ᠤᠨ ᠲᠦᠷᠬᠡᠨ ᠬᠦᠷᠬᠡᠯᠳᠡ ᠶᠢᠨ ᠳᠤᠬᠢᠷᠠᠭᠤᠯᠤᠯᠳᠠ ᠬᠦᠷᠬᠡᠬᠦ | ᠳᠤᠤᠷ ᠴᠢᠭ ᠨᠢ 323 ᠪᠠᠶᠢᠵᠤ᠂ ᠪᠦᠷᠬᠦᠴᠡ ᠶᠢᠨ ᠨᠤᠷᠮ᠎ᠠ ᠨᠢ ᠵᠦᠪᠬᠡᠨ 50 % ᠪᠠᠶᠢᠵᠤ᠂ ᠲᠦᠷᠬᠡᠨ | ᠬᠦᠷᠬᠡᠯᠳᠡ ᠶᠢᠨ ᠬᠡᠮᠵᠢᠶ᠎ᠡ ᠶᠡᠭᠡ ᠪᠠᠷ ᠨᠡᠮᠡᠭᠳᠡᠵᠤ ᠪᠠᠶᠢᠬᠤ ᠪᠠ ᠰᠠᠭᠤᠷᠢ ᠲᠦᠬᠦᠬᠡᠷᠦᠮᠢ ᠢᠵᠢ ᠪᠦᠷᠢᠳᠦᠭᠰᠡᠨ ᠨᠢ | ᠳᠡᠬᠦᠯᠳᠡᠷ ᠪᠤᠰᠤ ᠠᠴᠠ ᠪᠤᠯᠵᠤ ᠲᠦᠷᠬᠡᠨ ᠬᠦᠷᠬᠡᠯᠳᠡ ᠶᠢ ᠢᠯᠭᠠᠬᠤ ᠲᠦᠪ ᠠᠴᠠ ᠭᠠᠷᠭᠠᠭᠰᠠᠨ ᠤ ᠳᠠᠷᠠᠭ᠎ᠠ᠂ | ᠬᠠᠳᠠᠭᠠᠯᠠᠬᠤ ᠶᠢᠨ ᠠᠷᠭ᠎ᠠ ᠦᠬᠡᠢ ᠪᠤᠶᠤ ᠬᠠᠳᠠᠭᠠᠯᠠᠬᠤ ᠭᠠᠵᠠᠷ ᠨᠢ ᠬᠦᠷᠦᠯᠴᠡᠬᠦ ᠦᠬᠡᠢ᠂ ᠡᠪᠡᠳᠡᠷᠡᠵᠤ ᠰᠦᠢᠳᠦᠬᠦ | ᠪᠠᠶᠢᠳᠠᠯ ᠳᠤᠪᠤᠶᠢᠮ᠎ᠠ ᠪᠠᠶᠢᠵᠠᠢ᠃ ᠬᠤᠳᠠ ᠶᠢᠨ ᠠᠷᠠᠳ ᠲᠦᠷᠬᠡᠨ ᠬᠦᠬᠡᠯᠳᠡ ᠶᠢ ᠬᠤᠷᠢᠶᠠᠵᠤ ᠠᠪᠬᠤ ᠳᠤ ᠲᠦᠬᠦᠮ | ᠦᠵᠡᠬᠦᠯᠬᠦ ᠶᠢᠨ ᠲᠦᠯᠦᠬᠡ᠂ ᠳ᠋ᠦᠩᠱᠧᠩ ᠳᠤᠭᠤᠷᠢᠭ 2023 ᠤᠨ ᠤ 9 ᠰᠠᠷ᠎ᠠ ᠠᠴᠠ ᠡᠬᠢᠯᠡᠨ ᠳᠤᠯᠠᠭᠠᠨ ᠬᠤᠳᠠ | ᠶᠢᠨ ᠤᠯᠠᠭ᠎ᠠ ᠦᠷᠳᠡᠭᠡ ᠶᠢ ᠪᠠᠶᠢᠭᠤᠯᠤᠭᠠᠳ ᠤᠳᠤ ᠨᠢᠬᠡᠨᠳᠡ 62 ᠦᠷᠳᠡᠭᠡ ᠴᠢᠭ ᠢ ᠪᠠᠶᠢᠭᠤᠯᠤᠨ ᠳᠠᠭᠤᠰᠬᠠᠵᠤ᠂ | ᠡᠳᠤᠷ ᠪᠦᠷᠢ ᠶᠢᠨ ᠳᠤᠮᠳᠠᠴᠢ ᠲᠦᠷᠬᠡᠨ ᠬᠦᠷᠬᠡᠵᠤ ᠰᠢᠢᠳᠪᠤᠷᠢᠯᠡᠬᠦ ᠬᠡᠮᠵᠢᠶ᠎ᠡ ᠨᠢ ᠪᠠᠷᠤᠭ 100000 ᠬᠤᠪᠢ | ᠪᠤᠯᠪᠠ᠃ | 2025 ᠤᠨ ᠤ ᠴᠠᠭᠠᠨ ᠰᠠᠷ᠎ᠠ ᠶᠢᠨ ᠬᠤᠭᠤᠴᠠᠭᠠᠨ ᠳᠤ ᠳ᠋ᠦᠩᠱᠧᠩ ᠳᠤᠭᠤᠷᠢᠭ ᠤᠨ ᠲᠦᠷᠬᠡᠨ ᠬᠦᠷᠬᠡᠯᠳᠡ | ᠡᠳᠤᠷ ᠪᠦᠷᠢ ᠳᠤᠮᠳᠠᠴᠢ ᠪᠠᠷ ᠪᠠᠷᠤᠭ 350000 ᠬᠤᠪᠢ ᠬᠦᠷᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ | ᠠᠴᠠ 175% ᠪᠠᠷ ᠨᠡᠮᠡᠭᠳᠡᠵᠤ᠂ ᠳᠤᠯᠠᠭᠠᠨ ᠬᠤᠳᠠ ᠶᠢᠨ ᠤᠯᠠᠭ᠎ᠠ ᠦᠷᠳᠡᠭᠡ ᠨᠢ ᠲᠦᠷᠬᠡᠨ ᠬᠦᠷᠬᠡᠯᠳᠡ ᠶᠢᠨ | ᠰᠡᠬᠦᠯᠴᠢ ᠶᠢᠨ ᠬᠤᠷᠢᠶᠠᠨ ᠬᠠᠳᠠᠭᠠᠯᠠᠬᠤ ᠶᠡᠷᠦᠩᠬᠡᠢ ᠬᠡᠮᠵᠢᠶᠡᠨ ᠤ 28.57% ᠶᠢᠨ ᠡᠬᠦᠷᠬᠡ ᠶᠢ ᠡᠬᠦᠷᠬᠡᠯᠡᠵᠤ᠂ | ᠲᠦᠷᠬᠡᠨ ᠬᠦᠷᠬᠡᠯᠳᠡ ᠶᠢᠨ ᠤᠷᠬᠢᠯ ᠬᠤᠭᠤᠴᠠᠭᠠᠨ ᠳᠠᠬᠢ ᠬᠦᠷᠬᠡᠬᠦ ᠦᠢᠯᠡᠴᠢᠯᠡᠭᠡ ᠶᠢ ᠦᠨᠳᠤᠷ ᠦᠷ᠎ᠡ ᠪᠦᠳᠦᠮᠵᠢᠳᠡᠢ | ᠪᠠᠷ ᠤᠷᠤᠭᠰᠢᠳᠠᠢ ᠪᠡᠶᠡᠯᠡᠬᠦᠯᠪᠡ᠃ | | | |