【ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠡᠳᠦᠷ】ᠳ᠋ᠦᠩᠱᠧᠩ ᠲᠣᠭᠤᠷᠢᠭ ᠤᠨ ︽3 .15︾  ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠡᠳᠦᠷ ᠤᠨ ᠠᠵᠢᠯᠯᠠᠭ᠎ᠠ ᠠᠮᠵᠢᠯᠳᠠ ᠲᠠᠢ ᠥᠨᠳᠥᠷᠯᠡᠵᠡᠢ
ᠨᠡᠶᠢᠲᠡᠯᠡᠭᠰᠡᠨ ᠴᠠᠭ᠄
2025/3/17
     ︽3 · 15︾  ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠡᠳᠦᠷ ᠲᠤ᠂ ᠳ᠋ᠦᠩᠱᠧᠩ ᠲᠣᠭᠤᠷᠢᠭ ᠤᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠲᠥᠪ ᠲᠤ ︽ᠵᠠᠰᠠᠭ ᠠᠷᠠᠳ ᠬᠠᠷᠢᠯᠴᠠᠨ ᠬᠥᠳᠡᠯᠦᠯᠴᠡᠬᠦ︾ ᠬᠠᠯᠠᠭᠤᠨ ᠥᠷᠨᠢᠯᠲᠡ ᠭᠠᠷᠪᠠ᠃ ︽ᠬᠠᠨᠤᠮᠵᠢᠲᠠᠢ ᠬᠡᠷᠡᠭᠯᠡᠭᠡ ᠶᠢ ᠬᠠᠮᠲᠤᠪᠠᠷ ᠪᠠᠶᠢᠭᠤᠯᠤᠨ᠎ᠠ — 2025 ᠬᠡᠷᠡᠭᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠭᠤᠷᠪᠠᠨ ᠵᠢᠯ ᠤᠨ ᠠᠵᠢᠯᠯᠠᠭ᠎ᠠ︾ ᠵᠢᠩᠬᠢᠨᠢ ᠪᠠᠷ ᠡᠬᠢᠯᠡᠵᠤ᠂ ᠳ᠋ᠦᠩᠱᠧᠩ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ︽ᠵᠠᠰᠠᠭ ᠤᠨ ᠶᠠᠪᠤᠳᠠᠯ ᠤᠨ ᠰᠠᠶᠢᠨ ᠲᠤᠷᠠᠴᠤᠤᠯ︾ ᠤᠨ ᠪᠦᠯᠬᠦᠮ ᠤᠨ ᠬᠢᠨ ᠦᠢᠯᠡᠴᠢᠯᠡᠭᠡ ᠶᠢᠨ ᠰᠢᠨ᠎ᠠ ᠡᠬᠦᠳᠦᠯᠳᠠ ᠪᠠᠷ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯᠯᠠᠭ᠎ᠠ ᠳᠤ ᠬᠤᠪᠢ ᠨᠡᠮᠡᠷᠢ ᠦᠵᠡᠬᠦᠯᠪᠠ᠃
1.jpg
ᠦᠢᠯᠡᠴᠢᠯᠡᠭᠡ ᠶᠢᠨ ᠠᠬᠤᠢ ᠲᠠᠯᠠᠪᠠᠢ    01 ᠲᠥᠷᠥ ᠶᠢᠨ ᠪᠣᠳᠣᠯᠭ᠎ᠠ ᠶᠢᠨ ᠪᠡᠯᠡᠭ ᠤᠨ ᠪᠣᠭᠴᠣ ᠶᠢ ᠨᠠᠷᠢᠯᠢᠭ ᠤᠨᠤᠪᠴᠢᠳᠠᠢ ᠪᠠᠷ ᠬᠦᠷᠬᠡᠪᠠ᠄ 800 ᠭᠠᠷᠤᠢ ᠬᠤᠪᠢ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠭᠠᠷ ᠳᠡᠪᠲᠡᠷ ᠢ ᠲᠠᠷᠬᠠᠭᠠᠵᠤ᠂ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠲᠦᠬᠦᠮ ᠦᠵᠡᠬᠦᠯᠪᠠ᠃    02 ᠬᠠᠯᠠᠮᠰᠢᠯ ᠠᠰᠠᠭᠤᠳᠠᠯ ᠢ ᠠᠬᠤᠢ ᠲᠠᠯᠠᠪᠠᠢ ᠳᠤ ᠨᠢ ᠰᠢᠢᠳᠪᠤᠷᠢᠯᠠᠪᠠ᠄ 120 ᠭᠠᠷᠤᠢ ᠬᠥᠮᠥᠨ ᠤᠳᠠᠭ᠎ᠠ ᠶᠢᠨ ᠯᠠᠪᠯᠠᠯᠲᠠ ᠶᠢᠨ ᠳᠤᠮᠳᠠ᠂ ᠬᠡᠷᠡᠴᠢ ᠦᠨᠡᠮᠯᠠᠯ ᠢ ᠬᠠᠮᠳᠤ ᠪᠠᠷ ᠰᠢᠢᠳᠪᠤᠷᠢᠯᠡᠬᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠵᠡᠷᠭᠡ ᠶᠢ ᠨᠢᠭᠡᠳ ᠨᠢᠭᠡ ᠪᠠᠷ ᠲᠠᠶᠢᠯᠪᠤᠷᠢᠯᠠᠪᠠ᠃
2.jpg
ᠠᠷᠠᠳ ᠤᠨ ᠠᠮᠢᠳᠤᠷᠠᠯ ᠤᠨ ᠤᠶᠢᠯᠡᠴᠢᠯᠡᠬᠡᠨ ᠤ ᠪᠣᠳᠠᠲᠤ ᠲᠡᠮᠳᠡᠭᠯᠡᠯ      ᠤᠶᠤᠨᠴᠢ ᠵᠠᠰᠠᠭ ᠤᠨ ᠶᠠᠪᠤᠳᠠᠯ ︽ᠡᠭᠦᠳᠡ ᠪᠠᠨ ᠬᠠᠭᠠᠬᠤ ᠦᠭᠡᠢ︾᠄ 98% ᠶᠢᠨ ᠬᠡᠷᠡᠭ ᠶᠠᠪᠤᠳᠠᠯ ᠢ ︽ᠰᠦᠯᠵᠢᠶᠡᠨ ᠳᠡᠭᠡᠷ᠎ᠡ ᠰᠢᠢᠳᠪᠦᠷᠢᠯᠡᠵᠦ︾᠂ 95% ᠶᠢᠨ ᠬᠡᠷᠡᠭ ᠶᠠᠪᠤᠳᠠᠯ ᠢ ︽ᠨᠢᠬᠡ ᠯᠠ ᠤᠳᠠᠭ᠎ᠠ ᠲᠡᠬᠡᠷ᠎ᠡ︾ ᠪᠡᠶᠡᠯᠡᠬᠦᠯᠵᠤ᠂ 24 ᠴᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠨᠢ︽ᠰᠥᠨᠢ ᠶᠢᠨ ᠦᠢᠯᠡᠴᠢᠯᠡᠭᠡᠨ ᠤ ᠰᠢᠨ᠎ᠡ ᠭᠠᠵᠡᠷ︾ ᠪᠤᠯᠪᠠ᠃     ᠡᠨᠡ ᠵᠢᠯ ᠠᠴᠠ ᠨᠠᠰᠢ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ︽ᠴᠠᠭ ᠢ ᠤᠷᠲᠤᠳᠬᠠᠵᠤ ᠰᠢᠢᠳᠪᠦᠷᠢᠯᠡᠬᠦ︾ ︽ᠳᠤᠲᠠᠭᠤ ᠶᠢ ᠪᠠᠭᠲᠠᠭᠠᠬᠤ︾ ᠵᠡᠷᠭᠡ ᠣᠨᠴᠠᠯᠢᠭᠲᠤ ᠦᠢᠯᠡᠴᠢᠯᠡᠭᠡ ᠶᠢ ᠨᠡᠶᠢᠲᠡ 320  ᠤᠳᠠᠭ᠎ᠠ ᠬᠠᠩᠭᠠᠵᠤ᠂ ᠣᠯᠠᠨ ᠲᠦᠮᠡᠨ ᠤ ᠬᠠᠨᠤᠮᠵᠢ ᠶᠢᠨ ᠲᠦᠷᠦᠭᠳᠠᠯ ᠢ 99.6% ᠳᠤ ᠬᠦᠷᠬᠡᠵᠡᠢ᠃
3.jpg
ᠢᠷᠡᠭᠡᠳᠦᠢ ᠶᠢᠨ ᠪᠠᠷᠠᠯᠠᠯ     ︽ᠨᠢᠭᠤᠷᠳᠠᠨ︾ ᠤᠶᠢᠯᠡᠴᠢᠯᠡᠬᠦ ᠠᠴᠠ ︽ᠰᠦᠯᠵᠢᠶᠠᠨ ᠲᠡᠬᠡᠷ᠎ᠡ︾ ᠤᠶᠢᠯᠡᠴᠢᠯᠡᠬᠦ ᠬᠦᠷᠲᠡᠯ᠎ᠡ᠂ ᠳ᠋ᠦᠩᠱᠧᠩ ᠲᠣᠭᠤᠷᠢᠭ ᠤᠨ ᠵᠠᠰᠠᠭ ᠤᠨ ᠶᠠᠪᠤᠳᠠᠯ ᠤᠨ ᠲᠣᠪᠴᠢᠶ᠎ᠠ ᠶᠢᠨ ᠬᠢᠨ ᠬᠢᠲᠤᠭ᠎ᠠ ᠶᠢᠨ ᠢᠷ ᠢ ᠳᠣᠲᠣᠭᠰᠢ ᠪᠠᠨ ᠬᠠᠨᠳᠤᠭᠤᠯᠬᠤ ᠥᠭᠡᠷᠡᠴᠢᠯᠡᠯᠲᠡ ᠶᠢᠨ ᠰᠥᠰᠥ ᠵᠣᠷᠢᠭ ᠢᠶᠠᠷ ︽ᠬᠢᠨᠠᠨ ᠵᠥᠪᠰᠢᠶᠡᠷᠡᠬᠦ ᠨᠢ ᠨᠡᠩ ᠲᠦᠷᠭᠡᠨ᠂ ᠦᠢᠯᠡᠴᠢᠯᠡᠭᠡ ᠨᠢ ᠨᠡᠩ ᠰᠢᠯᠢᠳᠡᠭ᠂ ᠣᠷᠴᠢᠨ ᠠᠬᠤᠢ ᠨᠢ ᠨᠡᠩ ᠲᠠᠭᠠᠳᠠᠢ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠷᠦᠯ ᠲᠡᠮᠳᠡᠭ ᠢ ᠦᠷᠭᠦᠯᠵᠢᠯᠡᠨ ᠭᠢᠯᠠᠷᠠᠭᠤᠯᠵᠤ ᠪᠠᠶᠢᠨ᠎ᠠ᠃ ᠲᠤᠰ ᠤᠳᠠᠭᠠᠨ ᠤ ᠠᠵᠢᠯᠯᠠᠭ᠎ᠠ ᠤᠭ ᠰᠠᠨᠠᠭ᠎ᠠ ᠪᠠᠷ ᠢᠶᠠᠨ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠦᠢᠯᠡ ᠠᠵᠢᠯᠯᠠᠭ᠎ᠠ ᠪᠠᠷ ᠢᠶᠠᠨ ᠡᠭᠦᠷᠭᠡ ᠬᠠᠷᠢᠭᠤᠴᠠᠯᠭ᠎ᠠ ᠪᠠᠨ ᠪᠢᠴᠢᠭᠯᠡᠵᠦ᠂ ᠦᠨᠡᠨᠴᠢ ᠢᠲᠡᠭᠡᠮᠵᠢᠲᠡᠢ ᠳ᠋ᠦᠩᠱᠧᠩ᠂ ᠬᠠᠨᠤᠮᠵᠢᠲᠠᠢ ᠳ᠋ᠦᠩᠱᠧᠩ ᠢ ᠴᠣᠭᠴᠠᠯᠠᠨ ᠪᠠᠶᠢᠭᠤᠯᠬᠤ ᠳᠤ ᠵᠠᠰᠠᠭ ᠤᠨ ᠶᠠᠪᠤᠳᠠᠯ ᠤᠨ ᠬᠦᠴᠦᠨ ᠴᠢᠳᠠᠯ ᠢᠶᠠᠨ ᠡᠷᠬᠦᠵᠡᠢ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ