3 ᠰᠠᠷ᠎ᠠ ᠶᠢᠨ 18 ᠤ ᠡᠳᠤᠷ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶ᠎ᠠ ᠶᠢᠨ ᠲᠡᠳ᠋ ᠱᠦᠵᠢ᠂ ᠲᠤᠭᠤᠷᠢᠭ ᠤᠨ ᠲᠠᠷᠤᠭ᠎ᠠ ᠬᠠᠨ ᠲᠤᠤ ᠲᠦᠩᠴᠤᠸᠠᠠ | ᠪᠠᠯᠭᠠᠰᠤ ᠶᠢᠨ ᠲᠠᠸᠠᠷ ᠤᠨ ᠪᠧᠲ᠋ᠤᠨ ᠤ ᠭᠦᠷᠢᠶᠠᠯᠠᠩ ᠲᠤᠭᠤᠷᠢᠭ ᠵᠢᠴᠢ ᠤᠢᠢᠷ᠎ᠠ ᠬᠠᠪᠢ ᠳᠤ ᠭᠦᠨᠵᠡᠭᠡᠶᠢᠷᠡᠨ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ | ᠪᠠ ᠤᠷᠴᠢᠨ ᠲᠤᠭᠤᠷᠢᠨ ᠢ ᠶᠡᠷᠦᠩᠭᠡᠶᠢᠯᠡᠨ ᠴᠡᠭᠴᠡᠯᠡᠨ ᠵᠠᠰᠠᠬᠤ ᠬᠠᠮᠢᠶ᠎ᠠ ᠪᠦᠭᠦᠢ ᠪᠠᠶᠢᠳᠠᠯ ᠢ ᠤᠢᠢᠯᠠᠭᠠᠵᠤ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠢ | ᠵᠠᠳᠠᠯᠤᠨ᠂ ᠠᠬᠤᠢ ᠲᠠᠯᠠᠪᠠᠢ ᠳᠤ ᠠᠵᠢᠯᠯᠠᠨ ᠰᠢᠢᠳᠪᠤᠷᠢᠯᠡᠭᠦ ᠲᠦᠰᠦᠯ ᠢ ᠵᠦᠪᠳᠠᠵᠤ᠂ ᠪᠤᠳᠠᠳᠠᠢ ᠪᠠᠷ ᠰᠢᠢᠳᠪᠤᠷᠢᠯᠡᠭᠦ ᠠᠷᠭ᠎ᠠ ᠪᠠᠷᠢᠯ ᠢ ᠰᠤᠳᠤᠯᠤᠨ᠂ ᠴᠡᠭᠴᠡᠯᠡᠨ | ᠵᠠᠰᠠᠬᠤ ᠠᠵᠢᠯ ᠢ ᠡᠷᠴᠢᠮᠳᠠᠢ ᠪᠦᠳᠦᠮᠵᠢᠳᠠᠢ ᠦᠷᠨᠢᠭᠦᠯᠭᠦ ᠪᠠᠷ ᠴᠢᠷᠮᠠᠶᠢᠵᠤ᠂ ᠭᠠᠵᠠᠷ ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠶᠠᠰᠤ ᠴᠢᠨᠠᠷ ᠢ | ᠦᠷᠭᠦᠯᠵᠢᠯᠡᠨ ᠲᠡᠭᠡᠭᠰᠢᠯᠡᠭᠦᠯᠪᠠ᠃ | ᠬᠠᠨ ᠲᠤᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠴᠢᠨᠠᠭᠰᠢᠳᠠ | ᠴᠢᠩᠭᠠᠳᠬᠠᠨ᠂ ᠳᠡᠭᠡᠳᠦ ᠬᠡᠮᠵᠢᠶᠠᠨ ᠤ ᠬᠠᠷᠢᠭᠤᠴᠠᠬᠤ ᠣᠪᠣᠷ ᠪᠣᠯᠤᠨ ᠦᠨᠡᠨᠬᠦ ᠪᠦᠲᠦᠮᠵᠢᠲᠡᠢ ᠠᠷᠭ᠎ᠠ ᠬᠡᠮᠵᠢᠶ᠎ᠡ ᠪᠠᠷ ᠣᠷᠴᠢᠨ ᠲᠣᠭᠤᠷᠢᠨ ᠢ ᠶᠡᠷᠦᠩᠬᠡᠶᠢᠯᠡᠨ | ᠴᠡᠭᠴᠡᠯᠡᠨ ᠵᠠᠰᠠᠬᠤ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ | ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ᠃ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠬᠦᠷᠢᠶᠡᠯᠡᠩ ᠲᠣᠭᠤᠷᠢᠭ | ᠵᠢᠴᠢ ᠡᠷᠬᠢᠨ ᠲᠣᠭᠤᠷᠢᠨ ᠳᠤ ᠣᠷᠣᠰᠢᠵᠤ ᠪᠠᠶᠢᠭ᠎ᠠ ᠲᠠᠸᠠᠷ ᠤᠨ ᠪᠧᠲ᠋ᠤᠨ ᠤ ᠤᠬᠢᠶᠠᠳᠠᠰᠤ ᠶᠢ ᠳᠤᠷ᠎ᠠ ᠪᠠᠷ ᠴᠢᠳᠬᠤᠬᠤ᠂ ᠪᠣᠳᠠᠰ ᠮᠠᠲ᠋ᠧᠷᠢᠶᠠᠯ ᠢ ᠳᠤᠷ᠎ᠠ ᠪᠠᠷ ᠢᠶᠠᠨ | ᠣᠪᠣᠭᠠᠯᠠᠵᠤ ᠲᠠᠯᠪᠢᠬᠤ᠂ ᠵᠠᠮ ᠤᠨ ᠬᠤᠭ ᠲᠣᠭᠤᠰᠣ ᠳᠡᠭᠳᠡᠬᠦ ᠵᠡᠷᠭᠡ ᠲᠠᠯ᠎ᠠ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠠᠴᠠ ᠵᠦᠢᠴᠢᠯᠡᠵᠦ | ᠨᠦᠬᠦᠭᠡ ᠶᠢ ᠮᠡᠳᠡᠨ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠵᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠡᠷᠭᠡᠪᠡᠷ ᠵᠠᠰᠠᠵᠤ᠂ ᠣᠷᠴᠢᠨ ᠲᠣᠭᠤᠷᠢᠨ ᠢ | ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠮᠢᠶ᠎ᠠ ᠪᠦᠬᠦᠢ ᠠᠰᠠᠭᠤᠳᠠᠯ ᠢ ᠦᠳᠲᠡᠷ ᠲᠦᠷᠭᠡᠨ ᠴᠡᠭᠴᠡᠯᠡᠨ | ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ ᠠᠵᠤ ᠦᠢᠯᠡᠳᠪᠦᠷᠢ ᠶᠢᠨ ᠰᠠᠯᠠᠭ᠎ᠠ᠂ ᠬᠤᠲᠠ ᠶᠢᠨ | ᠬᠠᠮᠢᠶᠠᠷᠤᠯᠲᠠ᠂ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠰᠠᠯᠠᠭ᠎ᠠ ᠮᠥᠴᠢᠷ ᠤᠨ ᠵᠣᠬᠢᠴᠠᠯᠳᠤᠨ ᠬᠠᠮᠵᠢᠯᠴᠠᠬᠤ ᠶᠢ ᠴᠢᠩᠭᠠᠳᠬᠠᠵᠤ᠂ ᠵᠠᠰᠠᠭ ᠵᠠᠬᠢᠷᠭᠠᠨ ᠤ | ᠲᠤᠰᠬᠠᠢ ᠵᠦᠢᠯ ᠤᠨ ᠬᠢᠨᠠᠯᠲᠠ ᠬᠠᠮᠢᠶᠠᠷᠤᠯᠲᠠ᠂ ᠠᠵᠢᠯ ᠲᠥᠷᠥᠯ ᠤᠨ ᠨᠡᠶᠢᠭᠡᠮᠯᠢᠭ ᠤᠨ ᠬᠢᠵᠠᠭᠠᠷᠯᠠᠯ ᠵᠡᠷᠭᠡ ᠬᠠᠮᠢᠶᠠᠷᠤᠯᠲᠠ ᠶᠢᠨ ᠳᠦᠷᠢᠮ ᠢ ᠰᠦᠪᠡᠭᠴᠢᠯᠡᠨ | ᠪᠠᠶᠢᠭᠤᠯᠵᠤ᠂ ᠪᠠᠶᠢᠩᠭᠤᠵᠢᠭᠰᠠᠨ ᠵᠠᠰᠠᠯᠲᠠ ᠶᠢᠨ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠵᠢᠯ ᠲᠥᠷᠥᠯ ᠤᠨ ᠬᠦᠷᠢᠶᠡᠨ ᠳᠠᠬᠢ ᠵᠢᠷᠤᠮᠵᠢᠭᠰᠠᠨ | ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ | ᠳᠡᠭᠡᠭᠰᠢᠯᠡᠬᠦᠯᠦᠨ᠂ ᠬᠠᠮᠲᠤᠷᠠᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠲᠠᠸᠠᠷ ᠤᠨ ᠪᠧᠲ᠋ᠤᠨ ᠤ ᠬᠦᠷᠢᠶᠡᠯᠡᠩ ᠲᠣᠭᠤᠷᠢᠭ ᠵᠢᠴᠢ ᠡᠷᠬᠢᠨ ᠲᠣᠭᠤᠷᠢᠨ ᠤ | ᠭᠤᠣᠯ ᠵᠠᠮ ᠳᠠᠭᠠᠤ ᠶᠢᠨ ᠣᠷᠴᠢᠨ ᠲᠣᠭᠤᠷᠢᠨ ᠤ ᠬᠥᠳᠡᠯᠦᠩᠭᠦᠢ ᠲᠣᠭᠤᠷᠢᠨ ᠪᠠᠶᠢᠴᠠᠭᠠᠯᠲᠠ ᠶᠢ ᠴᠢᠩᠭᠠᠳᠬᠠᠨ᠂ ᠬᠤᠳᠠ ᠶᠢᠨ ᠬᠤᠭ ᠨᠣᠪᠰᠢ ᠶᠢ ᠰᠢᠢᠳᠪᠦᠷᠢᠯᠡᠵᠦ | ᠡᠬᠢ ᠪᠠᠶᠠᠯᠢᠭᠵᠢᠭᠤᠯᠤᠨ ᠠᠰᠢᠭᠯᠠᠬᠤ ᠶᠢ ᠦᠷᠭᠦᠯᠵᠢᠯᠡᠨ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠦᠷ᠎ᠡ ᠪᠦᠲᠦᠮᠵᠢ ᠶᠢ | ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠢᠵᠢ ᠪᠦᠷᠢᠳᠦᠭᠦᠯᠬᠦ ᠦᠢᠯᠡᠴᠢᠯᠡᠭᠡ ᠶᠢ ᠰᠢᠯᠢᠳᠡᠭᠵᠢᠭᠦᠯᠵᠦ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠪᠣᠯᠤᠨ | ᠡᠷᠬᠢᠨ ᠲᠣᠭᠤᠷᠢᠨ ᠤ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ | ᠪᠦᠰᠡ ᠶᠢᠨ ᠰᠠᠭᠤᠷᠢ ᠲᠥᠬᠦᠭᠡᠷᠦᠮᠵᠢ ᠪᠣᠯᠤᠨ ᠤᠯᠠᠨ ᠨᠡᠶᠢᠲᠡ ᠶᠢᠨ ᠦᠢᠯᠡᠴᠢᠯᠡᠭᠡ ᠶᠢ ᠢᠵᠢ ᠪᠦᠷᠢᠳᠦᠭᠦᠯᠬᠦ ᠶᠢ ᠤᠯᠠᠮ ᠴᠢᠨᠠᠭᠰᠢᠳᠠ ᠪᠦᠷᠢᠨᠰᠢᠬᠦᠯᠦᠨ | ᠲᠡᠭᠦᠯᠳᠡᠷᠵᠢᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠳᠠ ᠦᠭᠡᠢ ᠰᠠᠶᠢᠵᠢᠷᠠᠭᠤᠯᠬᠤ ᠬᠡᠷᠡᠭᠲᠡᠢ᠃ ᠴᠡᠭᠴᠡᠯᠡᠨ | ᠵᠠᠰᠠᠬᠤ ᠠᠬᠢᠴᠠ ᠶᠢ ᠲᠦᠷᠭᠡᠳᠬᠡᠵᠦ᠂ ᠭᠤᠣᠯᠳᠠᠯᠭ᠎ᠠ ᠲᠠᠢ ᠬᠦᠷᠢᠶ᠎ᠡ ᠴᠠᠷ᠎ᠠ᠂ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠣᠷᠣᠨ ᠪᠦᠰᠡ᠂ | ᠭᠤᠣᠯᠳᠠᠯᠭ᠎ᠠ ᠲᠠᠢ ᠲᠠᠯᠠᠪᠤᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠤᠨ᠂ ᠴᠡᠭᠴᠡᠯᠡᠨ | ᠵᠠᠰᠠᠬᠤ ᠪᠠᠷᠢᠮᠵᠢᠶ᠎ᠠ ᠪᠣᠯᠤᠨ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠴᠢᠩᠳᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠣᠷᠴᠢᠨ | ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠥᠨᠳᠥᠷ ᠪᠦᠲᠦᠮᠵᠢᠲᠡᠢ ᠠᠬᠢᠭᠤᠯᠤᠨ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠵᠤ᠂ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ | ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠭᠡᠵᠤ ᠵᠢᠭᠠᠵᠤ ᠭᠠᠷᠭᠠᠪᠠ᠃ | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠬᠤᠢ | ᠳᠠᠯᠠᠪᠠᠢ ᠳᠤ ᠵᠢᠭᠠᠨ ᠵᠢᠯᠣᠭᠤᠳᠴᠤ᠂ ᠲᠣᠭᠤᠷᠢᠭ ᠤᠨ ᠤᠳᠤᠷᠢᠳᠤᠯᠭ᠎ᠠ ᠸᠠᠩ ᡁᠢ ᠵᠢᠴᠢ ᠲᠣᠭᠤᠷᠢᠭ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠳᠠᠳ ᠣᠷᠣᠯᠴᠠᠵᠠᠶ᠃ |