| ᠳ᠋ᠦᠩᠱᠧᠩ ᠲᠣᠭᠤᠷᠢᠭ ᠤᠨ ᠨᠢᠭᠡᠳᠦᠭᠡᠷ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠲᠤᠷᠰᠢᠯᠲᠠ ᠶᠢᠨ ᠬᠢᠴᠢᠶᠡᠯ ᠤᠨ ᠭᠡᠷ ᠲᠤ ᠰᠢᠨᠵᠢᠯᠡᠬᠦ ᠤᠬᠠᠭᠠᠨ ᠤ ᠪᠠᠭᠰᠢ ᠠᠴᠠ ᠭᠠᠳᠠᠨ᠎ᠠ᠂ ᠠᠳᠡ ᠪᠠᠰᠠ ᠨᠢᠭᠡᠨ | ᠣᠨᠴᠠᠭᠠᠶ AI ᠮᠠᠰᠢᠨ ᠪᠠᠭᠰᠢ ᠪᠣᠶ᠃ ᠲᠤᠮᠤ ᠦᠬᠡ ᠬᠡᠯᠡᠨ ᠤ ᠰᠢᠰᠲ᠋ᠧᠮ ᠵᠠᠯᠭᠠᠭᠰᠡᠨ ᠡᠨᠡ ᠬᠦ ᠰᠢᠨ᠎ᠡ ᠪᠠᠭᠰᠢ | ᠲᠤᠩ ᠭᠠᠶᠢᠬᠠᠯᠳᠠᠢ ᠪᠠᠶᠢᠵᠤ᠂ ᠬᠡᠯᠡ ᠪᠢᠴᠢᠭ ᠲᠣᠭᠠᠨ ᠤ ᠤᠬᠠᠭᠠᠨ ᠠᠴᠠ ᠤᠳᠤᠨ ᠣᠷᠣᠨ ᠤ ᠭᠠᠵᠠᠷ ᠵᠦᠢ ᠶᠢᠨ | ᠤᠬᠠᠭᠠᠨ ᠬᠦᠷᠲᠡᠯ᠎ᠡ ᠲᠡᠭᠦᠨ ᠢ ᠬᠦᠴᠢᠷᠳᠡᠭᠦᠯᠬᠦ ᠠᠰᠠᠭᠤᠳᠠᠯ ᠬᠡᠵᠤ ᠪᠠᠶᠢᠬᠤ ᠦᠭᠡᠢ ᠶᠤᠮ᠃ ᠰᠢᠨᠵᠢᠯᠡᠬᠦ ᠤᠬᠠᠭᠠᠨ ᠤ | ᠪᠠᠭᠰᠢ ᠪᠠ AI ᠮᠠᠰᠢᠨ ᠪᠠᠭᠰᠢ ᠶᠢᠨ ᠬᠠᠮᠳᠤ ᠶᠢᠨ ᠠᠮᠢᠳᠤᠯᠢᠭ ᠵᠢᠭᠠᠨ ᠰᠤᠷᠭᠠᠯᠳᠠ ᠪᠠᠷ᠂ ᠬᠡᠦᠬᠡᠳ ᠤᠳ | ᠳᠣᠣᠷ᠎ᠠ ᠪᠠᠨ ︽ᠤᠶᠤᠨᠴᠢ ᠮᠠᠰᠢᠨ ᠬᠥᠮᠥᠨ︾ ᠤ ᠦᠨᠳᠦᠰᠦᠨ ᠫᠷᠣᠭ᠍ᠷᠠᠮ ᠨᠠᠶᠢᠷᠠᠭᠤᠯᠬᠤ ᠤᠭ ᠶᠣᠰᠣ ᠶᠢ ᠡᠵᠡᠮᠰᠢᠪᠡ᠃ | | | | | | ︽ᠣᠨᠣᠯ ᠤᠨ ᠬᠢᠴᠢᠶᠡᠯ ᠢ ᠰᠤᠷᠴᠤ ᠪᠠᠷᠠᠭᠰᠠᠨ ᠤ ᠳᠠᠷᠠᠭ᠎ᠠ ᠪᠢᠳᠡ ᠥᠪᠡᠷ ᠢᠶᠠᠨ ᠭᠠᠷ ᠬᠥᠳᠡᠯᠦᠨ ᠮᠠᠰᠢᠨ | ᠬᠥᠮᠥᠨ ᠤ ᠭᠠᠳᠠᠷ ᠳᠦᠷᠰᠦ ᠶᠢ ᠵᠤᠬᠢᠶᠠᠵᠤ ᠪᠤᠯᠬᠤ ᠪᠥᠭᠡᠳ ᠪᠠᠰᠠ ᠫᠷᠣᠭ᠍ᠷᠠᠮ ᠨᠠᠶᠢᠷᠠᠭᠤᠯᠬᠤ ᠲᠠᠪᠴᠠᠩ ᠢᠶᠠᠷ ᠮᠠᠰᠢᠨ | ᠬᠥᠮᠥᠨ ᠤ ᠬᠦᠳᠡᠯᠦᠯ ᠢ ᠡᠵᠡᠮᠳᠡᠵᠦ ᠪᠣᠯᠣᠨ᠎ᠠ︾᠃ | — ᠳ᠋ᠦᠩᠱᠧᠩ ᠲᠣᠭᠤᠷᠢᠭ ᠤᠨ ᠨᠢᠭᠡᠳᠦᠭᠡᠷ ᠪᠠᠭ᠎ᠠ ᠰᠤᠷᠭᠠᠭᠤᠯᠢ ᠶᠢᠨ ᠰᠤᠷᠤᠭᠴᠢ ᠵᠦ ᠬᠤᠢ ᠳ᠋ᠦᠩ | | | | | ᠣᠶᠢᠷ᠎ᠠ ᠶᠢᠨ ᠵᠢᠯ ᠤᠳ ᠲᠤ᠂ ᠳ᠋ᠦᠩᠱᠧᠩ ᠲᠣᠭᠤᠷᠢᠭ ᠤᠨ ᠨᠢᠭᠡᠳᠦᠭᠡᠷ ᠪᠠᠭ᠎ᠠ ᠰᠤᠷᠭᠠᠭᠤᠯᠢ ᠵᠣᠬᠢᠶᠠᠮᠠᠯ ᠤᠶᠤᠨ ᠤ | ᠮᠡᠷᠭᠡᠵᠢᠯ ᠬᠢᠭᠡᠳ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠭᠦᠨᠵᠡᠭᠡᠢ ᠠᠭᠤᠰᠤᠯᠴᠠᠯ ᠢ ᠢᠳᠡᠪᠬᠢᠲᠡᠢ | ᠠᠬᠢᠭᠤᠯᠵᠤ᠂ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠤᠷᠤᠯᠳᠤᠭᠠᠨ ᠳᠤ | ᠢᠳᠡᠪᠬᠢᠲᠡᠢ ᠣᠷᠣᠯᠴᠠᠬᠤ᠂ ᠲᠣᠭᠠᠴᠢᠯᠠᠭᠰᠠᠨ ᠤᠶᠤᠨᠴᠢ ᠲᠤᠷᠰᠢᠯᠲᠠ ᠶᠢ ᠣᠷᠣᠭᠤᠯᠤᠨ ᠠᠪᠴᠢᠷᠠᠬᠤ᠂ ᠵᠣᠬᠢᠶᠠᠮᠠᠯ | ᠤᠶᠤᠨ ᠤ ᠮᠠᠰᠢᠨ ᠬᠥᠮᠥᠨ ᠢ ᠣᠷᠣᠭᠤᠯᠤᠨ ᠠᠪᠴᠢᠷᠠᠬᠤ ᠵᠡᠷᠭᠡ ᠠᠷᠭ᠎ᠠ ᠬᠡᠮᠵᠢᠶ᠎ᠡ ᠪᠠᠷ ᠲᠠᠮᠵᠢᠨ᠂ AI ᠰᠤᠷᠭᠠᠨ | ᠬᠥᠮᠦᠵᠢᠯ ᠤᠨ ᠠᠮᠢ ᠠᠬᠤᠢ ᠶᠢ ᠠᠯᠬᠤᠮ ᠠᠯᠬᠤᠮ ᠢᠶᠠᠷ ᠪᠣᠶ ᠪᠣᠯᠭᠠᠪᠠ᠃ 2024 ᠣᠨ ᠳᠤ ᠳ᠋ᠦᠩᠱᠧᠩ | ᠲᠣᠭᠤᠷᠢᠭ ᠤᠨ ᠨᠢᠭᠡᠳᠦᠭᠡᠷ ᠪᠠᠭ᠎ᠠ ᠰᠤᠷᠭᠠᠭᠤᠯᠢ ᠶᠢᠨ ᠰᠤᠷᠤᠭᠴᠢᠳ ᠨᠢ ᠤᠯᠤᠰ ᠤᠨ ᠲᠠᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠬᠦᠳᠦᠭᠰᠡᠨ ᠱᠠᠩᠨᠠᠯ ᠢ 28 ᠲᠦᠷᠦᠯ᠂ ᠥᠪᠡᠷᠲᠡᠭᠡᠨ ᠵᠠᠰᠠᠬᠤ ᠣᠷᠣᠨ ᠤ ᠲᠠᠰ ᠤᠨ | ᠱᠠᠩᠨᠠᠯ ᠢ 75 ᠲᠦᠷᠦᠯ᠂ ᠬᠤᠲᠠ ᠶᠢᠨ ᠲᠠᠰ ᠤᠨ ᠱᠠᠩᠨᠠᠯ ᠢ 68 ᠲᠦᠷᠦᠯ ᠭᠥᠷᠳᠡᠪᠡ︔ ᠨᠠᠩ ᠢᠯᠠᠩᠭᠤᠶ᠎ᠠ | 2025 ᠣᠨ ᠤ ᠡᠬᠢ ᠪᠠᠷ ᠳᠡᠯᠡᠬᠡᠢ ᠶᠢᠨ ᠮᠠᠰᠢᠨ ᠬᠥᠮᠥᠨ ᠤ ᠶᠡᠭᠡ ᠤᠷᠤᠯᠳᠤᠭᠠᠨ ᠤ ᠬᠤᠶᠠᠳᠤᠭᠠᠷ ᠳᠡᠰ ᠤᠨ | ᠱᠠᠩᠨᠠᠯ ᠪᠠ ᠭᠤᠷᠪᠠᠳᠤᠭᠠᠷ ᠳᠡᠰ ᠤᠨ ᠱᠠᠩᠨᠠᠯ ᠢ ᠲᠤᠰᠴᠤ᠂ ᠳᠣᠯᠣᠳᠤᠭᠠᠷ ᠬᠤᠭᠤᠴᠠᠭᠠᠨ ᠤ ᠪᠦᠬᠦ ᠤᠯᠤᠰ ᠤᠨ | ᠰᠢᠨᠵᠢᠯᠡᠬᠦ ᠤᠬᠠᠭᠠᠨ ᠤ ᠦᠵᠡᠬᠦᠯᠬᠡ ᠶᠢᠨ ᠲᠣᠭᠯᠠᠯᠲᠠ ᠶᠢᠨ ᠠᠵᠢᠯᠯᠠᠭ᠎ᠠ ᠳᠤ ᠨᠢᠭᠡᠳᠦᠭᠡᠷ ᠳᠡᠰ ᠤᠨ ᠱᠠᠩᠨᠠᠯ ᠵᠢᠴᠢ | ᠰᠢᠯᠢᠳᠡᠭ ᠬᠦᠷᠢᠶᠡᠯᠡᠯ ᠤᠨ ᠱᠠᠩᠨᠠᠯ ᠢ ᠬᠦᠷᠳᠡᠵᠤ᠂ AI ᠰᠤᠷᠭᠠᠨ ᠬᠥᠮᠦᠵᠢᠯ ᠤᠨ ᠠᠮᠢ ᠠᠬᠤᠢ ᠶᠢᠨ ᠡᠯᠪᠡᠭ ᠪᠠᠶᠠᠯᠢᠭ | ᠦᠷ᠎ᠡ ᠪᠦᠲᠦᠭᠡᠯ ᠢ ᠳᠡᠯᠭᠡᠨ ᠦᠵᠡᠭᠦᠯᠵᠡᠢ᠃ | | | | ︽ᠥᠩᠭᠡᠷᠡᠭᠰᠡᠨ ᠳᠤ ᠪᠠᠭᠰᠢ ᠨᠠᠷ ᠰᠣᠷᠣᠭᠴᠢ ᠨᠢᠭᠡᠪᠦᠷᠢ ᠶᠢ ᠬᠠᠮᠲᠤ ᠳᠤᠨᠢ ᠠᠩᠬᠠᠷᠬᠤ ᠳᠤ ᠮᠠᠰᠢ ᠪᠡᠷᠬᠡ ᠪᠠᠶᠢᠪᠠ᠂ | ᠣᠲᠣ AI ᠪᠠᠷ ᠲᠠᠮᠵᠢᠨ ᠰᠤᠷᠤᠭᠴᠢᠳ ᠤᠨ ᠬᠢᠴᠢᠶᠡᠯ ᠤᠨ ᠲᠠᠩᠬᠢᠮ ᠤᠨ ᠢᠯᠡᠷᠡᠯ᠂ ᠳᠠᠰᠬᠠᠯ ᠤᠨ ᠲᠤᠭ᠎ᠠ | ᠪᠠᠷᠢᠮᠲᠠ ᠶᠢ ᠵᠠᠳᠠᠯᠤᠨ ᠰᠢᠨᠵᠢᠯᠡᠵᠦ᠂ ᠦᠪᠡᠷᠮᠢᠴᠡ ᠤᠨᠴᠠᠯᠢᠭ ᠲᠠᠢ ᠰᠤᠷᠤᠯᠴᠠᠯᠭ᠎ᠠ ᠶᠢᠨ ᠵᠢᠷᠤᠭ ᠢ ᠪᠣᠶ ᠪᠣᠯᠭᠠᠵᠤ᠂ | ᠪᠠᠭᠰᠢ ᠶᠢ ᠬᠠᠪᠰᠤᠷᠤᠨ ᠲᠡᠰ ᠬᠤᠪᠢᠶᠠᠨ ᠵᠢᠭᠠᠨ ᠰᠤᠷᠭᠠᠬᠤ ᠲᠥᠰᠥᠯ ᠢ ᠲᠣᠭᠲᠠᠭᠠᠵᠤ᠂ ︿ᠨᠢᠭᠡ ᠰᠤᠷᠤᠭᠴᠢ ᠳᠤ | ᠨᠢᠭᠡ ᠠᠷᠭ᠎ᠠ ᠪᠣᠳᠣᠯᠭ᠎ᠠ ᠬᠡᠷᠡᠭᠵᠢᠬᠦᠯᠬᠦ﹀ ᠶᠢ ᠪᠡᠶᠡᠯᠡᠭᠦᠯᠵᠦ ᠪᠣᠯᠣᠨ᠎ᠠ︾᠃ | — ᠳ᠋ᠦᠩᠱᠧᠩ ᠲᠣᠭᠤᠷᠢᠭ ᠤᠨ ᠨᠢᠭᠡᠳᠦᠭᠡᠷ ᠪᠠᠭ᠎ᠠ ᠰᠤᠷᠭᠠᠭᠤᠯᠢ ᠶᠢᠨ ᠪᠠᠭᠰᠢ ᠳ᠋ᠦ᠋ ᠢ ᠲᠢᠩ | | | | | |