ᠲᠦᠩ ᠰᠢᠨ ᠶᠤᠸᠠᠨ ︽ᠪᠦᠬᠦᠯᠢ ᠦᠬᠡᠷ ᠤᠨ ᠳᠠᠶᠢᠯᠠᠯᠭ᠎ᠠ︾ ᠶᠢᠨ ᠪᠡᠯᠡᠨ ᠵᠠᠭᠤᠰᠢ 铜鑫缘“全牛宴”预制菜
ᠨᠡᠶᠢᠲᠡᠯᠡᠭᠰᠡᠨ ᠴᠠᠭ᠄
2025/3/31
    ᠲᠦᠩ ᠰᠢᠨ ᠶᠤᠸᠠᠨ ︽ᠪᠦᠬᠦᠯᠢ ᠦᠬᠡᠷ ᠤᠨ ᠳᠠᠶᠢᠯᠠᠯᠭ᠎ᠠ︾ ᠶᠢᠨ ᠪᠡᠯᠡᠨ ᠵᠠᠭᠤᠰᠢ ᠪᠣᠯ ᠲᠦᠩᠴᠤᠸᠠᠨ ᠲᠣᠰᠬᠤᠨ ᠤ 2025 ᠣᠨ ᠳᠤ ᠰᠢᠨ᠎ᠡ ᠪᠠᠷ ᠡᠬᠢᠯᠡᠭᠦᠯᠦᠭᠰᠡᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠠᠵᠤ ᠦᠢᠯᠡᠰ ᠤᠨ ᠲᠦᠷᠦᠯ ᠵᠦᠢᠯ ᠪᠣᠯᠣᠨ᠎ᠠ᠃ ᠲᠦᠩ ᠰᠢᠨ ᠶᠤᠸᠠᠨ ︽ᠪᠦᠬᠦᠯᠢ ᠦᠬᠡᠷ ᠤᠨ ᠳᠠᠶᠢᠯᠠᠯᠭ᠎ᠠ︾ ᠶᠢᠨ ᠪᠡᠯᠡᠭ ᠤᠨ ᠬᠠᠶᠢᠷᠴᠠᠭ ᠲᠤ ᠴᠢᠨᠠᠭᠰᠠᠨ ᠦᠬᠡᠷ ᠤᠨ ᠬᠠᠪᠢᠷᠭ᠎ᠠ᠂ ᠴᠢᠨᠠᠭᠰᠠᠨ ᠦᠬᠡᠷ ᠤᠨ ᠮᠢᠬ᠎ᠠ᠂ ᠲᠥᠪᠡᠳ ᠬᠠᠰᠢ ᠲᠠᠢ ᠦᠬᠡᠷ ᠤᠨ ᠮᠢᠬ᠎ᠠ᠂ ᠭᠤᠱᠤᠭᠤᠨ ᠬᠦᠵᠡᠭᠡ ᠵᠡᠷᠭᠡ ᠳᠥᠷᠪᠡᠨ ᠲᠥᠷᠥᠯ ᠤᠨ ᠨᠣᠭᠤᠭ᠎ᠠ ᠪᠠᠭᠲᠠᠨ᠎ᠠ᠃ ᠤᠶᠤᠨᠴᠢᠯᠠᠯᠳᠠ᠂ ᠪᠠᠷᠢᠮᠵᠢᠶᠠᠵᠢᠯᠳᠠ᠂ ᠬᠡᠪᠴᠢᠶᠠᠵᠢᠯᠳᠠ ᠪᠠᠷ ᠭᠤᠤᠯᠯᠠᠵᠤ᠂ ᠲᠣᠰ ᠭᠠᠵᠠᠷ ᠤᠨ ᠲᠡᠵᠢᠭᠡᠨ ᠦᠷᠡᠵᠢᠭᠦᠯᠦᠭᠰᠡᠨ ᠰᠢᠷ᠎ᠠ ᠦᠬᠡᠷ ᠢᠶᠠᠷ ᠲᠦᠭᠦᠬᠡᠢ ᠮᠠᠲ᠋ᠧᠷᠢᠶᠠᠯ ᠪᠣᠯᠭᠠᠨ᠂ ᠲᠡᠷᠢᠭᠦᠨ ᠤ ᠲᠥᠬᠦᠭᠡᠷᠦᠮᠵᠢ ᠪᠠ ᠮᠡᠷᠭᠡᠵᠢᠯ ᠢᠶᠠᠷ ᠲᠤᠯᠭᠠᠭᠤᠷᠢᠯᠠᠭᠤᠯᠵᠤ᠂ ᠲᠣᠰ ᠭᠠᠵᠠᠷ ᠤᠨ ᠨᠠᠷᠠᠲᠤ ᠠᠵᠤ ᠠᠬᠤᠶᠢᠯᠠᠯ ᠶᠠᠨ ᠯᠢᠦ ᠰᠢᠶᠠᠩ ᠺᠤᠮᠫᠠᠨᠢ ᠣᠷᠣᠯᠠᠨ ᠤᠶᠢᠯᠡᠳᠪᠦᠷᠢᠯᠡᠵᠤ᠂ ᠶᠠᠮᠠᠷ ᠴᠤ ᠨᠡᠮᠡᠯᠲᠡ ᠡᠳ᠋ ᠥᠯᠥ ᠢᠯᠵᠢᠷᠡᠭᠦᠯᠦᠭᠴᠢ ᠨᠡᠮᠡᠬᠦ ᠦᠭᠡᠢ᠂ ᠤᠷᠤᠨ ᠨᠤᠳᠤᠭ ᠤᠨ ᠴᠢᠨᠠᠬᠤ ᠠᠷᠭ᠎ᠠ ᠪᠠᠷ ᠬᠢᠵᠦ ᠪᠤᠯᠭᠤᠭᠠᠨ᠎ᠠ᠃ ᠪᠦᠲᠦᠭᠡᠭᠳᠡᠬᠦᠨ ᠤ ᠲᠡᠮᠳᠡᠭ ᠲᠤ ᠲᠣᠳᠣᠷᠬᠠᠶᠢᠯᠠᠭᠰᠠᠨ ᠬᠠᠳᠠᠭᠠᠯᠠᠬᠤ᠂ ᠲᠡᠭᠡᠭᠡᠪᠦᠷᠢᠯᠡᠬᠦ ᠵᠢᠴᠢ ᠪᠣᠷᠣᠯᠠᠭᠤᠯᠬᠤ ᠨᠥᠬᠦᠴᠡᠯ ᠳᠤ ᠨᠡᠶᠢᠴᠡᠵᠤ᠂ ᠬᠠᠯᠠᠭᠤᠯᠤᠮᠠᠭᠴᠠ ᠳᠠᠷᠣᠢ ᠢᠳᠡᠵᠦ ᠪᠣᠯᠳᠠᠭ᠃
1.1.jpg
1.2.jpg
1.3.jpg
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ