ᠭᠤᠤ ᠢ ᠳ᠋ᠦᠩ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2025/4/11
     4 ᠰᠠᠷ᠎ᠠ ᠶᠢᠨ 10 ᠤ ᠡᠳᠥᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠤᠷᠢᠳ ᠬᠤᠵᠢᠳ ᠬᠠᠨᠳᠠᠢ ᠪᠠᠯᠭᠠᠰᠤ᠂ ᠦᠨᠳᠦᠰᠦᠲᠡᠨ ᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠦᠩᠴᠤᠸᠠᠨ ᠪᠠᠯᠭᠠᠰᠤ᠂ ᠰᠢᠩ ᠹᠦ᠋ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠡᠷᠭᠡ ᠭᠠᠵᠠᠷ ᠲᠤ ᠬᠦᠷᠴᠦ᠂ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ᠂ ᠨᠡᠭᠦᠷᠡᠰᠦ ᠵᠥᠭᠡᠭᠡᠪᠦᠷᠢᠯᠡᠬᠦ ᠵᠠᠮ ᠳᠠᠭᠠᠤ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠤᠭ ᠨᠣᠪᠰᠢ ᠰᠢᠢᠳᠪᠦᠷᠢᠯᠡᠬᠦ ᠦᠢᠯᠡᠳᠪᠦᠷᠢ ᠶᠢᠨ ᠠᠵᠢᠯᠯᠠᠭᠠᠨ ᠵᠡᠷᠭᠡ ᠠᠵᠢᠯ ᠢ ᠬᠢᠨᠠᠨ ᠵᠢᠯᠤᠭᠤᠳᠴᠤ ᠪᠠᠶᠢᠴᠠᠭᠠᠬᠤ ᠶᠢᠨ ᠬᠠᠮᠲᠤ ᠣᠷᠣᠰᠢᠵᠤ ᠪᠠᠶᠢᠭ᠎ᠠ ᠠᠰᠠᠭᠤᠳᠠᠯ ᠢ ᠠᠬᠤᠢ ᠳᠠᠯᠠᠪᠠᠢ ᠳᠤᠨᠢ ᠰᠤᠳᠤᠯᠤᠨ ᠰᠢᠢᠳᠪᠦᠷᠢᠯᠡᠪᠡ᠃     ᠭᠤᠤ ᠢ ᠳ᠋ᠦᠩ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠮᠢ ᠠᠬᠤᠢ ᠶᠢ ᠲᠡᠷᠢᠭᠦᠨ ᠳᠤ ᠳᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠲᠠᠯ᠎ᠠ ᠪᠠᠷ ᠦᠷᠨᠢᠬᠦᠯᠦᠨ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠰᠠᠶᠢᠲᠤᠷ ᠪᠡᠶᠡᠯᠡᠭᠦᠯᠬᠦ ᠬᠡᠷᠡᠭᠲᠡᠢ᠃ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ  ᠶᠢ ᠳᠡᠭᠡᠭᠰᠢᠯᠡᠭᠦᠯᠵᠦ᠂ ᠬᠠᠮᠲᠤᠷᠠᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠂ ᠬᠤᠳᠠᠯᠳᠤᠭᠠᠨ ᠤ ᠪᠧᠲ᠋ᠤᠨ ᠤ ᠬᠦᠷᠢᠶᠡᠯᠡᠩ ᠲᠣᠭᠤᠷᠢᠭ᠂ ᠨᠡᠭᠦᠷᠡᠰᠦ ᠵᠥᠭᠡᠭᠡᠪᠦᠷᠢᠯᠡᠬᠦ ᠵᠠᠮ ᠵᠢᠴᠢ ᠵᠠᠮ ᠳᠠᠭᠠᠤ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠥᠳᠡᠯᠦᠩᠭᠦᠢ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠠᠮᠢ ᠠᠬᠤᠶ ᠶᠢ ᠰᠡᠷᠭᠦᠭᠡᠬᠦ ᠰᠢᠨᠵᠢᠯᠡᠬᠦ ᠤᠬᠠᠭᠠᠨᠴᠢ ᠴᠢᠨᠠᠷ ᠪᠠ ᠠᠵᠤ ᠠᠬᠤᠶ ᠶᠢᠨ ᠴᠢᠨᠠᠷ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠨᠥᠬᠦᠴᠡᠯ ᠪᠥᠷᠢᠳᠦᠭᠰᠡᠨ ᠰᠡᠷᠭᠦᠭᠡᠨ ᠵᠠᠰᠠᠬᠤ ᠣᠷᠣᠨ ᠪᠦᠰᠡ ᠳᠤ ︽ᠬᠡᠷᠡᠯ ᠢᠶᠠᠷ ᠴᠠᠬᠢᠯᠭᠠᠨ ᠭᠠᠷᠭᠠᠬᠤ ᠪᠠ ᠤᠢ ᠰᠢᠭᠤᠢ ᠶᠢᠨ ᠤᠶᠢᠯᠡᠰ ᠢ ᠨᠡᠭᠡᠭᠡᠨ ᠬᠦᠭᠵᠢᠬᠦᠯᠬᠦ ᠬᠠᠷᠢᠯᠴᠠᠨ ᠨᠦᠬᠦᠪᠤᠷᠢᠯᠡᠯᠴᠡᠬᠦ︾᠂ ︽ᠡᠪᠡᠰᠤ ᠳᠠᠷᠢᠬᠤ ᠤᠶᠢᠯᠡᠰ ᠪᠠ ᠨᠠᠷᠠᠨ ᠡᠨᠧᠷᠬᠢ ᠪᠠᠷ ᠴᠠᠬᠢᠯᠭᠠᠨ ᠭᠠᠷᠭᠠᠬᠤ ᠬᠠᠷᠢᠯᠴᠠᠨ ᠨᠦᠬᠦᠪᠤᠷᠢᠯᠡᠯᠴᠡᠬᠦ︾ ᠵᠡᠷᠭᠡ ᠨᠡᠭᠡᠭᠡᠨ ᠠᠰᠢᠭᠯᠠᠬᠤ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ ᠠᠮᠢ ᠠᠬᠤᠶ ᠶᠢᠨ ᠦᠷ᠎ᠡ ᠠᠰᠢᠭ᠂ ᠠᠵᠤ ᠠᠬᠤᠶ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠤᠨ ᠨᠢᠭᠡᠳᠦᠯ ᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠴᠢᠩᠭᠠᠳᠬᠠᠨ᠂ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠬᠤᠳᠠᠯᠳᠤᠭᠠᠨ ᠤ ᠦᠢᠯᠡᠰ ᠤᠨ ᠡᠵᠡᠩᠨᠡᠯᠲᠡ ᠶᠢᠨ ᠬᠡᠯᠪᠡᠷᠢ ᠶᠢ ᠲᠡᠰ ᠳᠡᠪᠰᠢᠭᠦᠯᠵᠦ᠂ ᠦᠯᠡᠳᠡᠭᠳᠡᠯ ᠠᠰᠠᠭᠤᠳᠠᠯ ᠢ ᠰᠢᠢᠳᠪᠤᠷᠢᠯᠡᠨ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠳᠠ ᠦᠭᠡᠢ ᠰᠠᠶᠢᠵᠢᠷᠠᠭᠤᠯᠬᠤ ᠬᠡᠷᠡᠭᠲᠡᠢ᠃ ᠣᠷᠣᠨ ᠪᠦᠰᠡ ᠶᠢᠨ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡ ᠶᠢ ᠢᠵᠢ ᠪᠦᠷᠢᠳᠦᠭᠦᠯᠬᠦ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠤᠳᠠ ᠶᠢᠨ ᠬᠤᠭ ᠨᠣᠪᠰᠢ ᠶᠢ ᠰᠢᠢᠳᠪᠦᠷᠢᠯᠡᠬᠦ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠦᠷᠭᠦᠯᠵᠢᠯᠡᠨ ᠴᠢᠩᠭᠠᠳᠬᠠᠵᠤ᠂ ᠬᠤᠳᠠ ᠶᠢᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠰᠠᠬᠢᠵᠤ᠂ ᠨᠡᠭᠦᠷᠡᠰᠦᠨ ᠠᠭᠤᠷᠬᠠᠢ ᠶᠢᠨ ᠤᠶᠤᠨᠴᠢᠯᠠᠭᠰᠠᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠡᠭᠦᠷᠡᠰᠦᠨ ᠠᠭᠤᠷᠬᠠᠢ ᠶᠢ ᠨᠡᠭᠡᠭᠡᠨ ᠮᠠᠯᠲᠠᠬᠤ ᠠᠵᠢᠯ ᠤᠨ ᠤᠶᠤᠨᠴᠢᠯᠠᠬᠤ ᠶᠢ ᠠᠬᠢᠭᠤᠯᠵᠤ᠂ ᠨᠡᠭᠦᠷᠡᠰᠦᠨ ᠠᠭᠤᠷᠬᠠᠢ ᠶᠢᠨ ᠬᠦᠷᠢᠶᠡᠨ ᠳᠠᠬᠢ ᠮᠥᠨ ᠴᠢᠨᠠᠷ ᠤᠨ ᠠᠮᠤᠷ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ᠃     ᠲᠣᠭᠤᠷᠢᠭ ᠤᠨ ᠤᠳᠤᠷᠢᠳᠤᠯᠭ᠎ᠠ ᠭᠤᠤ ᠮᠢᠩ᠂ ᠳ᠋ᠦ᠋ ᠵᠢᠢ ᠺᠤᠸᠠᠨ᠂ ᠸᠠᠩ ᡁᠢ ᠵᠢᠴᠢ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠣᠷᠣᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ