ᠨᠢᠭᠡ᠂ ᠪᠠᠶᠢᠭᠤᠯᠤᠮᠵᠢ ᠶᠢᠨ ᠳᠤᠰᠢᠶᠠᠯ ᠴᠢᠳᠠᠪᠬᠢ | ︵ᠨᠢᠭᠡ︶ ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠪᠠ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ | ᠬᠡᠷᠡᠭᠵᠢᠭᠦᠯᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠲᠣᠭᠤᠷᠢᠭ ᠤᠨ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠠᠵᠢᠯ ᠤᠨ ᠲᠣᠬᠢᠷᠠᠭᠤᠯᠤᠯᠲᠠ ᠶᠢ ᠨᠠᠶᠢᠳᠠᠪᠤᠷᠢᠵᠢᠭᠤᠯᠵᠤ᠂ ᠲᠣᠰ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢ ᠶᠢ ᠬᠡᠷᠡᠭᠵᠢᠭᠦᠯᠵᠦ᠂ ᠳᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠲᠥᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ᠎ᠠ᠃ | ︵ᠬᠤᠶᠠᠷ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠪᠠ ᠲᠣᠭᠤᠷᠢᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠲᠤᠰ ᠵᠠᠰᠠᠭ ᠵᠠᠬᠢᠷᠭᠠᠨ ᠤ | ᠣᠷᠣᠨ ᠤ ᠪᠠᠨ ᠳᠣᠲᠣᠷᠠᠬᠢ ᠨᠡᠶᠢᠭᠡᠮ ᠵᠢᠷᠤᠮ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠲᠥᠷᠥ ᠶᠢᠨ ᠪᠠᠶᠢᠭᠤᠯᠤᠯᠲᠠ᠂ ᠰᠣᠶᠣᠯ ᠤᠨ | ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠨᠠᠮ ᠤᠨ ᠪᠠᠶᠢᠭᠤᠯᠤᠯᠲᠠ ᠵᠢᠴᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠤᠨ ᠴᠢᠬᠤᠯᠠ ᠶᠡᠭᠡ ᠠᠰᠠᠭᠤᠳᠠᠯ ᠢ ᠶᠠᠷᠢᠯᠴᠠᠨ ᠲᠣᠭᠲᠠᠭᠠᠨ᠎ᠠ᠃ | ︵ᠭᠤᠷᠪᠠ︶ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠤᠬᠠᠭᠤᠯᠭ᠎ᠠ᠂ ᠦᠵᠡᠯ ᠤᠬᠠᠮᠰᠠᠷ ᠤᠨ ᠬᠡᠯᠪᠡᠷᠢ᠂ ᠣᠶᠤᠨ ᠤ ᠪᠣᠯᠪᠠᠰᠤᠨ ᠵᠡᠷᠭᠡ ᠠᠵᠢᠯ ᠢ ᠬᠠᠷᠢᠭᠤᠴᠠᠨ᠎ᠠ︔ | ᠬᠠᠷᠢᠶ᠎ᠠ ᠣᠷᠣᠨ ᠤ ᠡᠯ᠎ᠡ ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ ᠨᠠᠮ ᠤᠨ ᠭᠡᠰᠢᠭᠦᠨ ᠡᠯᠰᠡᠬᠦ | ᠠᠵᠢᠯ ᠢ ᠬᠠᠷᠢᠭᠤᠴᠠᠨ ᠰᠠᠶᠢᠲᠤᠷ ᠬᠢᠵᠦ᠂ ᠬᠠᠷᠢᠶ᠎ᠠ ᠣᠷᠣᠨ ᠤ ᠨᠡᠶᠢᠭᠡᠮ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠢ | ᠵᠣᠬᠢᠴᠠᠭᠤᠯᠤᠨ ᠵᠢᠯᠣᠭᠤᠳᠴᠤ ᠪᠠᠶᠢᠭᠠᠳ ᠤᠯᠤᠰ ᠲᠥᠷᠥ ᠰᠣᠶᠣᠯ ᠤᠨ ᠠᠮᠢᠳᠤᠷᠠᠯ ᠳᠤ ᠢᠳᠡᠪᠬᠢᠲᠡᠶ ᠤᠷᠤᠯᠴᠠᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠵᠡᠷᠭᠡ ᠤᠴᠢᠷ ᠶᠠᠪᠤᠳᠠᠯ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ︔ ᠬᠠᠷᠢᠶᠠᠯᠠᠯ ᠤᠨ ᠬᠡᠪᠴᠢᠶᠡᠨ ᠳᠠᠬᠢ | ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠵᠡᠷᠭᠡ ᠪᠤᠰᠤᠳ ᠡᠯ᠎ᠡ ᠲᠦᠷᠦᠯ ᠤᠨ ᠵᠣᠬᠢᠶᠠᠨ ᠪᠠᠶᠢᠭᠤᠯᠤᠯᠲᠠ ᠶᠢ ᠬᠠᠤᠯᠢ ᠶᠣᠰᠣᠭᠠᠷ ᠵᠢᠯᠣᠭᠤᠳᠤᠨ | ᠵᠢᠷᠤᠮᠵᠢᠭᠤᠯᠤᠨ᠎ᠠ᠃ | ︵ᠲᠦᠷᠪᠡ︶ ᠨᠡᠶᠢᠭᠡᠮ ᠤᠨ ᠠᠮᠤᠷ ᠲᠦᠪᠰᠢᠨ᠂ ᠶᠡᠷᠦᠩᠬᠡᠶᠢᠯᠡᠨ ᠵᠠᠰᠠᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠵᠡᠷᠭᠡ ᠠᠵᠢᠯ ᠢ | ᠬᠠᠷᠢᠭᠤᠴᠠᠨ᠎ᠠ᠃ ︽ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠬᠠᠷᠢᠭᠤᠴᠠᠬᠤ᠂ ᠨᠡᠶᠢᠭᠡᠮ ᠤᠨ ᠬᠢᠨ ᠬᠠᠮᠵᠢᠯᠴᠠᠬᠤ᠂ ᠣᠯᠠᠨ ᠨᠡᠶᠢᠲᠡ ᠪᠠᠷ ᠢᠶᠠᠨ | ᠣᠷᠣᠯᠴᠠᠬᠤ᠂ ᠬᠠᠤᠯᠢ ᠪᠠᠷ ᠵᠠᠰᠠᠬᠤ ᠶᠢ ᠪᠠᠲᠤᠯᠠᠬᠤ︾ ᠶᠡᠷᠦᠩᠬᠡᠶ ᠱᠠᠭᠠᠷᠳᠠᠯᠭ᠎ᠠ ᠶᠣᠰᠣᠭᠠᠷ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ | ᠡᠶᠡᠳᠡᠭᠦᠯᠦᠨ ᠰᠢᠢᠳᠪᠤᠷᠢᠯᠡᠬᠦ ᠲᠣᠭᠲᠠᠴᠠ ᠶᠢ ᠨᠠᠶᠢᠳᠠᠪᠤᠷᠢᠵᠢᠭᠤᠯᠤᠨ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠵᠦ᠂ ᠬᠠᠷ᠎ᠠ | ᠬᠠᠷᠭᠢᠰ ᠬᠦᠴᠦᠨ᠂ ᠤᠭᠰᠠᠭᠠᠳᠤ ᠬᠠᠷᠭᠢᠰ ᠬᠦᠴᠦᠨ᠂ ᠱᠠᠰᠢᠨ ᠰᠤᠷᠲᠠᠬᠤᠨ ᠤ ᠬᠡᠲᠦᠷᠡᠮᠡᠬᠡᠢ ᠬᠦᠴᠦᠨ᠂ ︽ᠲᠣᠰᠬᠤᠨ ᠤ ᠡᠵᠡᠷᠬᠡᠭᠴᠢ︾ ᠵᠡᠷᠭᠡ ᠳᠤ ᠬᠠᠤᠯᠢ | ᠶᠣᠰᠣᠭᠠᠷ ᠴᠢᠩᠭ᠎ᠠ ᠴᠣᠬᠢᠯᠲᠠ ᠥᠭᠴᠦ᠂ ᠦᠨᠳᠦᠰᠦᠨ ᠱᠠᠲᠤᠨ ᠤ ᠺᠠᠳ᠋ᠷ ᠪᠣᠯᠤᠨ ᠦᠨᠳᠦᠰᠦᠨ ᠱᠠᠲᠤᠨ ᠤ ᠵᠠᠰᠠᠭ ᠤᠨ ᠡᠷᠬᠡ ᠶᠢ ᠬᠤᠬᠢᠷᠠᠭᠤᠯᠬᠤ ᠶᠢ ᠴᠢᠩᠭ᠎ᠠ | ᠰᠡᠷᠬᠡᠶᠢᠯᠡᠨ᠎ᠡ᠃ | ︵ᠲᠠᠪᠤ︶ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠣᠯᠠᠨ ᠲᠦᠮᠡᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠡᠯ᠎ᠡ ᠵᠦᠢᠯ ᠤᠨ ᠣᠯᠠᠨ | ᠨᠡᠶᠢᠲᠡ ᠶᠢᠨ ᠦᠢᠯᠡᠴᠢᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠠᠷᠠᠳ ᠤᠨ ᠶᠠᠪᠤᠳᠠᠯ᠂ ᠨᠡᠶᠢᠭᠡᠮ ᠤᠨ ᠪᠠᠲᠤᠯᠠᠭ᠎ᠠ᠂ ᠰᠤᠷᠭᠠᠨ ᠬᠥᠮᠦᠵᠢᠯ | ᠪᠡᠶ᠎ᠡ ᠶᠢᠨ ᠲᠠᠮᠢᠷ᠂ ᠰᠢᠨᠵᠢᠯᠡᠭᠡ ᠮᠡᠷᠭᠡᠵᠢᠯ ᠰᠣᠶᠣᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠬᠥᠳᠡᠯᠮᠦᠷᠢ ᠭᠦᠴᠦ ᠠᠵᠢᠯ ᠣᠯᠭᠤᠯᠲᠠ᠂ ᠴᠡᠷᠢᠭ ᠢᠶᠠᠨ ᠬᠦᠷᠢᠶᠡᠯᠡᠨ | ᠭᠡᠷ ᠪᠦᠯᠢ ᠶᠢ ᠨᠢ ᠬᠠᠷᠠᠭᠠᠯᠵᠠᠬᠤ᠂ ᠵᠡᠮᠳᠡᠭᠴᠦᠳ ᠢ ᠲᠤᠰᠠᠯᠠᠬᠤ᠂ ᠲᠤᠭ᠎ᠠ ᠪᠦᠷᠢᠳᠬᠡᠯ ᠬᠢᠬᠦ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ︽ᠨᠢᠭᠡ ᠯᠠ ᠤᠳᠠᠭ᠎ᠠ | ᠳᠡᠭᠡᠷ᠎ᠡ ᠬᠦᠢᠴᠡᠳᠬᠡᠬᠦ︾ ᠥᠭᠡᠷᠡᠴᠢᠯᠡᠯᠲᠡ ᠪᠠᠷ ᠤᠳᠤᠷᠢᠳᠤᠮᠵᠢ ᠪᠣᠯᠭᠠᠵᠤ᠂ ᠦᠨᠳᠦᠰᠦᠨ ᠱᠠᠲᠤᠨ ᠤ ᠠᠷᠠᠳ ᠲᠤ ᠳᠥᠭᠦᠮ ᠦᠵᠡᠭᠦᠯᠬᠦ ᠤᠶᠢᠯᠡᠴᠢᠯᠡᠭᠡ ᠶᠢ | ᠴᠢᠩᠭᠠᠷᠠᠭᠤᠯᠤᠨ᠎ᠠ᠃ | ︵ᠵᠢᠷᠭᠤᠭ᠎ᠠ︶ ᠨᠢᠭᠡᠳᠦᠮᠡᠯ ᠹᠷᠣᠨᠲ᠂ ᠦᠨᠳᠦᠰᠦᠲᠡᠨ ᠱᠠᠰᠢᠨ ᠰᠤᠷᠲᠠᠬᠤᠨ ᠵᠡᠷᠭᠡ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ︔ ᠱᠠᠰᠢᠨ ᠰᠤᠷᠲᠠᠬᠤᠨ ᠤ | ᠠᠵᠢᠯᠯᠠᠭᠠᠨ ᠤ ᠲᠠᠯᠠᠪᠤᠷ ᠢ ᠰᠠᠶᠢᠲᠤᠷ ᠬᠠᠮᠢᠶᠠᠷᠴᠤ᠂ ᠱᠠᠰᠢᠨ ᠰᠤᠷᠲᠠᠬᠤᠨ ᠢ ᠠᠰᠢᠭᠯᠠᠨ ᠦᠨᠳᠦᠰᠦᠨ ᠱᠠᠲᠤᠨ ᠤ ᠣᠯᠠᠨ ᠨᠡᠶᠢᠲᠡ ᠶᠢᠨ ᠬᠡᠷᠡᠭ ᠶᠠᠪᠤᠳᠠᠯ ᠳᠤ ᠭᠠᠷ | ᠳᠦᠷᠦᠬᠦ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠬᠤᠷᠢᠭᠯᠠᠨ ᠵᠣᠭᠰᠣᠭᠠᠵᠤ᠂ ᠬᠠᠤᠯᠢ ᠪᠤᠰᠤ ᠱᠠᠰᠢᠨ ᠰᠤᠷᠲᠠᠬᠤᠨ ᠤ ᠠᠵᠢᠯᠯᠠᠭ᠎ᠠ ᠪᠠ ᠬᠢᠯᠢ ᠶᠢᠨ ᠭᠠᠳᠠᠨᠠᠬᠢ | ᠬᠠᠷ᠎ᠠ ᠪᠦᠯᠦᠭᠳᠡᠨ ᠤᠯᠤᠰ ᠤᠨ ᠳᠤᠳᠤᠭᠠᠳᠤ ᠳᠤ ᠨᠡᠪᠴᠢᠨ ᠤᠷᠤᠬᠤ ᠠᠵᠢᠯᠯᠠᠭ᠎ᠠ ᠶᠢ ᠡᠷᠡᠰ ᠡᠰᠡᠷᠭᠦᠴᠡᠨ ᠬᠤᠷᠢᠭᠯᠠᠨ᠎ᠠ᠃ | ︵ᠳᠤᠯᠤᠭ᠎ᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠠᠷᠭ᠎ᠠ | ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ᠂ ᠠᠵᠤ ᠦᠢᠯᠡᠰ ᠤᠨ | ᠲᠥᠯᠥᠪᠵᠢᠭᠦᠯᠭᠡ ᠶᠢᠨ ᠬᠥᠭᠵᠢᠯᠲᠡ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ᠂ ᠠᠮᠢ ᠠᠬᠤᠢ ᠶᠢᠨ ᠣᠷᠴᠢᠨ ᠲᠣᠭᠤᠷᠢᠨ᠂ | ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠵᠢᠯ ᠢ ᠬᠠᠷᠢᠭᠤᠴᠠᠨ᠎ᠠ᠃ | ︵ᠨᠠᠢᠮᠠ︶ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠲᠠᠷᠢᠶᠠᠯᠠᠩ ᠤᠨ | ᠭᠠᠷᠤᠯᠳᠠ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠬᠠᠮᠠᠭᠠᠯᠠᠯᠲᠠ | ᠪᠠ ᠬᠠᠮᠢᠶᠠᠷᠤᠯᠲᠠ ᠵᠡᠷᠭᠡ ᠠᠵᠢᠯ ᠢ ᠬᠠᠮᠵᠢᠨ ᠰᠠᠶᠢᠲᠤᠷ ᠬᠢᠨ᠎ᠡ︔ ᠠᠮᠢᠳᠡᠠ ᠤ ᠬᠢᠵᠢᠭ ᠢ ᠰᠡᠷᠭᠡᠶᠢᠯᠡᠬᠦ ᠪᠠ ᠬᠦᠨᠳᠦ ᠶᠡᠭᠡ ᠬᠢᠵᠢᠭ ᠤᠨ ᠪᠠᠶᠢᠳᠠᠯ ᠢ ᠬᠢᠨᠠᠨ ᠡᠵᠡᠮᠳᠡᠬᠦ | ᠠᠵᠢᠯ ᠢ ᠬᠠᠷᠢᠭᠤᠴᠠᠨ ᠴᠢᠩᠭᠠᠳᠬᠠᠵᠤ᠂ ᠠᠮᠢᠳᠡᠠ ᠤ ᠬᠢᠵᠢᠭ ᠢ ᠰᠡᠷᠭᠡᠶᠢᠯᠡᠬᠦ ᠬᠠᠷᠢᠭᠤᠴᠠᠯᠭ᠎ᠠ ᠶᠢᠨ ᠳᠦᠷᠢᠮ ᠪᠠ ᠬᠢᠵᠢᠭ ᠡᠪᠡᠳᠴᠢᠨ ᠢ ᠱᠠᠲᠤ ᠬᠤᠪᠢᠶᠠᠨ | ᠬᠠᠮᠢᠶᠠᠷᠬᠤ ᠳᠦᠷᠢᠮ ᠢ ᠨᠠᠶᠢᠳᠠᠪᠤᠷᠢᠵᠢᠭᠤᠯᠤᠨ᠎ᠠ︔ ᠨᠤᠲᠤᠭ ᠪᠡᠯᠴᠢᠭᠡᠷ ᠤᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠪᠠ ᠠᠰᠢᠭᠯᠠᠯᠲᠠ ᠶᠢᠨ ᠪᠠᠶᠢᠳᠠᠯ ᠳᠤ ᠬᠢᠨᠠᠯᠲᠠ | ᠲᠠᠯᠪᠢᠬᠤ ᠵᠢᠴᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ | ᠰᠡᠷᠭᠦᠭᠡᠬᠦ᠂ ᠦᠨᠳᠦᠰᠦᠨ ᠬᠠᠳᠤᠯᠠᠩ ᠪᠡᠯᠴᠢᠭᠡᠷ᠂ ᠦᠨᠳᠦᠰᠦᠨ ᠲᠠᠷᠢᠶᠠᠨ ᠭᠠᠵᠠᠷ᠂ ᠲᠠᠷᠢᠶᠠᠨ ᠭᠠᠵᠠᠷ ᠤᠨ ᠬᠠᠮᠠᠭᠠᠯᠠᠯᠲᠠ ᠬᠠᠮᠢᠶᠠᠷᠤᠯᠲᠠ ᠶᠢᠨ ᠠᠵᠢᠯ ᠢ | ᠴᠢᠩᠭᠠᠳᠬᠠᠨ᠎ᠠ︔ ᠬᠠᠷᠢᠶ᠎ᠠ ᠣᠷᠣᠨ ᠤ ᠳᠣᠲᠣᠷᠠᠬᠢ ᠤᠢ ᠰᠢᠭᠤᠢ ᠶᠢᠨ ᠬᠠᠮᠢᠶᠠᠷᠤᠯᠲᠠ ᠶᠢ ᠴᠢᠩᠭᠠᠳᠬᠠᠨ᠎ᠠ︔ ᠲᠠᠷᠢᠶᠠᠯᠠᠩ ᠤᠨ ᠤᠰᠤᠨ ᠠᠰᠢᠭᠯᠠᠯᠲᠠ ᠶᠢᠨ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠥᠮᠥᠨ ᠮᠠᠯ ᠤᠨ ᠤᠤᠭᠤᠬᠤ ᠤᠰᠤᠨ ᠤ ᠨᠥᠬᠦᠴᠡᠯ ᠢ ᠰᠠᠶᠢᠵᠢᠷᠠᠭᠤᠯᠵᠤ᠂ ᠬᠥᠷᠥᠰᠥ | ᠰᠢᠷᠣᠢ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠢ ᠦᠷᠨᠢᠬᠦᠯᠦᠨ᠂ ᠬᠥᠷᠥᠰᠥ ᠰᠢᠷᠣᠢ ᠶᠢ ᠬᠠᠮᠠᠭᠠᠯᠠᠬᠤ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠵᠦ᠂ | ᠬᠥᠷᠥᠰᠥ ᠰᠢᠷᠣᠢ ᠶᠢᠨ ᠢᠳᠡᠭᠳᠡᠯ ᠢ ᠰᠡᠷᠭᠡᠶᠢᠯᠡᠨ ᠬᠤᠷᠢᠭᠯᠠᠨ᠎ᠠ᠃ | ︵ᠶᠢᠰᠦ︶ ᠬᠠᠷᠢᠶ᠎ᠠ ᠣᠷᠣᠨ ᠤ ᠣᠯᠠᠨ ᠨᠡᠶᠢᠲᠡ ᠶᠢᠨ ᠠᠮᠤᠷ ᠲᠦᠪᠰᠢᠨ ᠵᠢᠴᠢ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠵᠤ᠂ ᠣᠯᠠᠨ ᠨᠡᠶᠢᠲᠡ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠤᠭᠳᠠᠯᠴᠠᠭ᠎ᠠ ᠶᠢ ᠪᠠᠶᠢᠭᠤᠯᠤᠨ᠂ ᠭᠡᠨᠡᠳᠲᠡ ᠶᠢᠨ ᠪᠠᠴᠢᠮ ᠬᠡᠷᠡᠭ ᠢ ᠠᠷᠭᠠᠴᠠᠬᠤ | ᠪᠡᠯᠡᠳᠬᠡᠯ ᠲᠥᠰᠦᠯ ᠢ ᠪᠠᠶᠢᠭᠤᠯᠵᠤ᠂ ᠠᠶᠤᠯ ᠦᠭᠡᠢ ᠦᠢᠯᠡᠳᠪᠦᠷᠢᠯᠡᠯ᠂ ᠦᠶᠡᠷ ᠢ ᠰᠡᠷᠭᠡᠶᠢᠯᠡᠬᠦ᠂ ᠭᠠᠯ ᠢ ᠰᠡᠷᠭᠡᠶᠢᠯᠡᠬᠦ᠂ ᠬᠢᠵᠢᠭ ᠢ ᠰᠡᠷᠭᠡᠶᠢᠯᠡᠬᠦ ᠵᠡᠷᠭᠡ ᠭᠠᠮᠰᠢᠭ ᠢ | ᠰᠡᠷᠭᠡᠶᠢᠯᠡᠬᠦ ᠵᠢᠴᠢ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠵᠡᠷᠭᠡ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ᠃ | ︵ᠠᠷᠪᠠ︶ ᠬᠠᠷᠢᠶ᠎ᠠ ᠣᠷᠣᠨ ᠤ ᠳᠣᠲᠣᠷᠠᠬᠢ ᠪᠠᠯᠭᠠᠰᠤᠨ ᠤ ᠳᠦᠷᠰᠦ ᠪᠠᠶᠢᠳᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠠᠭᠤᠭᠠᠯᠢ ᠲᠣᠭᠤᠷᠢᠭ ᠤᠨ | ᠠᠳᠠᠯ ᠠᠬᠤᠶ᠂ ᠣᠯᠠᠨ ᠨᠡᠶᠢᠲᠡ ᠶᠢᠨ ᠳᠦᠬᠦᠭᠡᠷᠦᠮᠵᠢ ᠶᠢᠨ ᠬᠠᠮᠢᠶᠠᠷᠤᠯᠲᠠ ᠵᠡᠷᠭᠡ ᠠᠵᠢᠯ ᠢ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ᠃ | ︵ᠠᠷᠪᠠᠨ ᠨᠢᠭᠡ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠪᠠ ᠲᠣᠤᠷᠵᠢᠭᠤᠯᠤᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ ᠠᠬᠢᠭᠤᠯᠤᠨ᠎ᠠ︔ ᠨᠡᠶᠢᠭᠡᠮ ᠲᠣᠭᠤᠷᠢᠭ ᠤᠨ ᠬᠠᠮᠢᠶᠠᠷᠤᠯᠲᠠ ᠪᠠ ᠵᠢᠯᠣᠭᠤᠳᠤᠯᠭ᠎ᠠ ᠶᠢᠨ ᠠᠵᠢᠯ ᠢ ᠬᠠᠷᠢᠭᠤᠴᠠᠨ᠎ᠠ︔ ᠨᠠᠰᠤᠲᠠᠶᠢᠴᠤᠳ᠂ ᠡᠮᠡᠭᠲᠡᠶᠢᠴᠦᠳ᠂ | ᠨᠠᠰᠤᠨ ᠳᠤ ᠦᠯᠦ ᠬᠦᠷᠦᠭᠰᠡᠳ ᠪᠠ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠠᠵᠢᠯ ᠢ ᠰᠠᠶᠢᠳᠤᠷ ᠬᠢᠬᠦ ᠶᠢ ᠬᠠᠷᠢᠭᠤᠴᠠᠵᠤ᠂ | ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠬᠥᠷᠳᠡᠬᠦ ᠶᠢ ᠪᠠᠲᠤᠯᠠᠬᠤ ᠵᠡᠷᠭᠡ ᠠᠵᠢᠯ ᠢ ᠰᠠᠶᠢᠲᠤᠷ | ᠬᠢᠬᠦ ᠶᠢ ᠬᠠᠷᠢᠭᠤᠴᠠᠨ᠎ᠠ᠃ | ︵ᠠᠷᠪᠠᠨ ᠬᠤᠶᠠᠷ︶ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠰᠢᠶᠠᠩ ᠪᠠᠯᠭᠠᠰᠤᠨ ᠳᠤ ᠣᠯᠭᠤᠭᠰᠠᠨ ᠵᠠᠰᠠᠭ ᠵᠠᠬᠢᠷᠭᠠᠨ ᠤ | ᠡᠷᠬᠡ ᠶᠢᠨ ᠵᠦᠢᠯᠡᠰ ᠤᠨ ᠨᠠᠷᠢᠨ ᠬᠠᠭᠤᠳᠠᠰᠤ ᠶᠢ ᠦᠨᠳᠦᠰᠦᠯᠡᠨ᠂ ᠡᠯ᠎ᠡ ᠲᠤᠬᠠᠶᠢᠯᠠᠭᠰᠠᠨ ᠠᠵᠢᠯ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠵᠤᠬᠢᠴᠠᠯᠳᠤᠨ | ᠬᠠᠮᠵᠢᠯᠴᠠᠵᠤ ᠪᠠᠶᠢᠭᠠᠳ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ ᠰᠢᠳᠬᠡᠯ ᠥᠭᠬᠦ ᠵᠡᠷᠭᠡ ᠬᠠᠮᠢᠶ᠎ᠠ ᠪᠥᠬᠦᠶ | ᠡᠷᠬᠡ ᠶᠢ ᠬᠡᠷᠡᠭᠵᠢᠭᠦᠯᠦᠨ᠎ᠡ᠃ | ︵ᠠᠷᠪᠠᠨ ᠭᠤᠷᠪᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠬᠠᠷᠢᠶ᠎ᠠ ᠣᠷᠣᠨ ᠤ ᠳᠣᠲᠣᠷᠠᠬᠢ ᠬᠤᠲᠠ ᠪᠠᠯᠭᠠᠰᠤᠨ ᠤ ᠪᠦᠲᠦᠭᠡᠨ | ᠪᠠᠶᠢᠭᠤᠯᠤᠯᠲᠠ ᠶᠢᠨ ᠲᠥᠯᠥᠪᠵᠢᠭᠦᠯᠭᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠳᠦᠬᠦᠭᠡᠷᠦᠮᠵᠢ ᠶᠢᠨ ᠲᠥᠯᠥᠪᠵᠢᠭᠦᠯᠭᠡ ᠪᠣᠯᠤᠨ ᠬᠠᠷᠢᠶ᠎ᠠ ᠣᠷᠣᠨ ᠤ ᠳᠣᠲᠣᠷᠠᠬᠢ | ᠪᠠᠷᠢᠯᠭ᠎ᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ᠂ ᠰᠠᠭᠤᠭᠠᠯᠢ ᠲᠣᠭᠤᠷᠢᠭ ᠤᠨ ᠲᠥᠯᠥᠪᠵᠢᠭᠦᠯᠭᠡ ᠶᠢ ᠰᠢᠯᠭᠠᠨ ᠠᠪᠬᠤ ᠵᠡᠷᠭᠡ | ᠠᠵᠢᠯ ᠢ ᠰᠠᠶᠢᠲᠤᠷ ᠬᠢᠨ᠎ᠡ︔ ᠵᠠᠬ᠎ᠠ ᠳᠡᠯᠭᠡᠭᠦᠷ ᠤᠨ ᠬᠢᠨᠠᠯᠲᠠ ᠳᠠᠯᠪᠢᠯᠳᠠ᠂ ᠣᠷᠴᠢᠨ ᠲᠣᠭᠤᠷᠢᠨ ᠤ ᠬᠠᠮᠠᠭᠠᠯᠠᠯᠲᠠ᠂ ᠬᠠᠭᠤᠴᠢᠨ ᠰᠠᠭᠤᠭᠠᠯᠢ ᠲᠣᠭᠤᠷᠢᠭ ᠢ | ᠴᠡᠭᠴᠡᠯᠡᠨ ᠵᠠᠰᠠᠬᠤ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠠᠮᠢᠶᠠᠷᠤᠯᠲᠠ ᠵᠡᠷᠭᠡ ᠠᠵᠢᠯ ᠢ ᠬᠠᠮᠵᠢᠨ ᠥᠷᠨᠢᠭᠦᠯᠦᠨ᠎ᠡ᠃ | ︵ᠠᠷᠪᠠᠨ ᠳᠥᠷᠪᠡᠳᠦᠭᠡᠷ︶ ᠲᠤᠰ ᠬᠠᠷᠢᠶ᠎ᠠ ᠣᠷᠣᠨ ᠤ ᠨᠡᠶᠢᠭᠡᠮ ᠤᠨ ᠬᠦᠷᠢᠶ᠎ᠡ᠂ ᠠᠮᠢ ᠠᠬᠤᠶ ᠣᠷᠴᠢᠨ ᠲᠣᠭᠤᠷᠢᠨ ᠤ ᠬᠦᠷᠢᠶ᠎ᠡ᠂ ᠨᠠᠮ ᠤᠨ | ᠪᠠᠶᠢᠭᠤᠯᠤᠯᠲᠠ ᠶᠢᠨ ᠬᠦᠷᠢᠶ᠎ᠡ ᠵᠡᠷᠭᠡ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠬᠦ᠂ ᠵᠢᠭᠰᠠᠭᠠᠨ ᠪᠠᠶᠢᠴᠠᠭᠠᠬᠤ᠂ ᠨᠠᠮᠳᠠᠭᠤᠯᠬᠤ᠂ ᠨᠢᠭᠤᠴᠠ ᠶᠢ ᠬᠠᠮᠠᠭᠠᠯᠠᠬᠤ᠂ | ᠦᠵᠡᠯ ᠤᠬᠠᠮᠰᠠᠷ ᠤᠨ ᠬᠡᠯᠪᠡᠷᠢ᠂ ᠵᠠᠬᠢᠳᠠᠯ ᠰᠤᠷᠪᠤᠯᠵᠢᠯᠠᠭ᠎ᠠ ᠵᠡᠷᠭᠡ ᠠᠵᠢᠯ ᠢ ᠬᠠᠷᠢᠭᠤᠴᠠᠨ᠎ᠠ᠃ | ︵ᠠᠷᠪᠠᠨ ᠲᠠᠪᠤ︶ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠬᠤᠶᠠᠷ᠂ ᠳᠤᠳᠤᠭᠠᠳᠤ ᠪᠠᠶᠢᠭᠤᠯᠤᠮᠵᠢ | ︵ᠨᠢᠭᠡ︶ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ᠃ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠷ ᠲᠤᠲᠤᠮ ᠤᠨ | ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳᠦᠷ | ᠲᠤᠲᠤᠮ ᠤᠨ ᠠᠵᠢᠯ ᠢ ᠡᠭᠦᠷᠭᠡᠯᠡᠨ᠎ᠡ︔ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠱᠠᠯᠠᠪᠳᠠᠭᠤᠯᠤᠨ ᠪᠠᠶᠢᠴᠠᠭᠠᠬᠤ | ᠠᠵᠢᠯ ᠢ ᠬᠠᠷᠢᠭᠤᠴᠠᠨ᠎ᠠ︔ ᠠᠵᠢᠯᠲᠠᠨ ᠤ ᠶᠠᠪᠤᠳᠠᠯ᠂ ᠡᠳ᠋ ᠤᠨ ᠶᠠᠪᠤᠳᠠᠯ᠂ ᠨᠢᠭᠤᠴᠠ ᠶᠢ ᠬᠠᠮᠠᠭᠠᠯᠠᠬᠤ᠂ ᠨᠢᠭᠤᠴᠠ ᠴᠢᠬᠤᠯᠠ ᠶᠠᠪᠤᠳᠠᠯ ᠪᠠ ᠳᠠᠩᠰᠠ ᠡᠪᠬᠡᠮᠡᠯ ᠤᠨ | ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ | ︵ᠬᠤᠶᠠᠷ︶ ᠨᠠᠮ ᠤᠨ ᠪᠠᠶᠢᠭᠤᠯᠤᠯᠳᠠ ᠶᠢᠨ ᠠᠯᠪᠠᠨ ᠭᠡᠷ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ | ᠪᠣᠯᠤᠨᠨᠠᠮ ᠤᠨ ᠭᠡᠰᠢᠭᠦᠨ ᠢ ᠬᠥᠮᠥᠵᠢᠭᠦᠯᠦᠨ ᠬᠠᠮᠢᠶᠠᠷᠬᠤ ᠠᠵᠢᠯ ᠢ ᠬᠠᠷᠢᠭᠤᠴᠠᠨ᠎ᠠ︔ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠂ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠢ ᠬᠠᠷᠢᠭᠤᠴᠠᠨ᠎ᠠ︔ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠨᠢᠭᠡᠳᠦᠮᠡᠯ ᠹᠷᠣᠨᠲ᠂ | ᠦᠨᠳᠦᠰᠦᠲᠡᠨ ᠱᠠᠰᠢᠨ ᠰᠤᠷᠲᠠᠬᠤᠨ᠂ ᠣᠯᠠᠨ ᠲᠦᠮᠡᠨ ᠤ ᠪᠦᠯᠬᠦᠮ ᠵᠡᠷᠭᠡ ᠠᠵᠢᠯ ᠢ ᠬᠠᠷᠢᠭᠤᠴᠠᠨ᠎ᠠ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠱᠤᠭᠤᠮ ᠤᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠨ᠎ᠠ᠃ | ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ᠃ ᠳᠡᠭᠡᠳᠦ ᠱᠠᠲᠤᠨ ᠤ ᠲᠠᠷᠢᠶᠠᠯᠠᠩ᠂ ᠮᠠᠯ ᠠᠵᠤ ᠠᠬᠤᠶ᠂ ᠣᠶ ᠰᠢᠭᠤᠶ᠂ | ᠤᠰᠤᠨ ᠤ ᠶᠠᠪᠤᠳᠠᠯ ᠤᠨ ᠠᠵᠢᠯ ᠤᠨ ᠲᠠᠯ᠎ᠠ ᠪᠠᠷ ᠬᠢ ᠲᠥᠷᠥ ᠶᠢᠨ ᠪᠣᠳᠣᠯᠭ᠎ᠠ ᠪᠠ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠤᠯᠪᠣᠭᠳᠠᠯ ᠪᠦᠬᠦᠢ | ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠵᠡᠷᠭᠡ ᠠᠵᠢᠯ ᠢ ᠬᠠᠷᠢᠭᠤᠴᠠᠨ᠎ᠠ︔ ᠠᠮᠢ ᠠᠬᠤᠶ ᠶᠢᠨ ᠣᠷᠴᠢᠨ ᠲᠣᠭᠤᠷᠢᠨ᠂ ᠤᠢ ᠰᠢᠭᠤᠶ᠂ ᠤᠰᠤᠨ | ᠠᠰᠢᠭᠯᠠᠯᠲᠠ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ | ᠪᠠᠶᠢᠭᠤᠯᠤᠯᠲᠠ᠂ ᠬᠠᠷᠢᠶ᠎ᠠ ᠣᠷᠣᠨ ᠳᠠᠬᠢ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠡᠷᠭᠡ ᠠᠵᠢᠯ ᠢ ᠬᠠᠷᠢᠭᠤᠴᠠᠨ᠎ᠠ︔ ᠤᠢ ᠰᠢᠭᠤᠶ ᠨᠤᠲᠤᠭ | ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠢ ᠬᠠᠮᠵᠢᠨ ᠥᠷᠨᠢᠭᠦᠯᠦᠨ᠎ᠡ᠃ | ︵ᠳᠥᠷᠪᠡ︶ ᠨᠡᠶᠢᠭᠡᠮ ᠤᠨ ᠵᠠᠰᠠᠯᠲᠠ ᠶᠢᠨ ᠠᠯᠪᠠᠨ ᠭᠡᠷ ︵ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠯᠪᠠᠨ ᠭᠡᠷ ᠤᠨ ᠫᠠᠶᠢᠰᠠ ᠶᠢ ᠡᠯᠭᠦᠨ᠎ᠡ︶᠃ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠨᠡᠶᠢᠭᠡᠮ ᠤᠨ ᠠᠮᠤᠷ ᠲᠦᠪᠰᠢᠨ ᠢ | ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ︔ ᠪᠠᠯᠭᠠᠰᠤᠨ ᠤ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠠᠵᠢᠯ ᠢ ᠬᠠᠷᠢᠭᠤᠴᠠᠨ᠎ᠠ︔ | ᠲᠤᠤᠷᠴᠢᠯᠠᠯ ᠵᠡᠷᠭᠡ ᠠᠵᠢᠯ ᠢ ᠬᠠᠷᠢᠭᠤᠴᠠᠨ᠎ᠠ︔ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ᠂ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠵᠡᠷᠭᠡ ᠠᠵᠢᠯ ᠢ ᠬᠠᠷᠢᠭᠤᠴᠠᠨ᠎ᠠ᠃ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ ᠪᠡᠶ᠎ᠡ ᠶᠢᠨ ᠲᠠᠮᠢᠷ᠂ | ᠰᠢᠨᠵᠢᠯᠡᠬᠦ ᠤᠬᠠᠭᠠᠨ ᠮᠡᠷᠭᠡᠵᠢᠯ᠂ ᠵᠡᠮᠳᠡᠭᠴᠦᠳ ᠤᠨ ᠪᠠᠲᠤᠯᠠᠭ᠎ᠠ᠂ ᠲᠤᠭ᠎ᠠ ᠪᠦᠷᠢᠳᠬᠡᠯ᠂ ᠬᠥᠳᠡᠯᠮᠦᠷᠢ ᠬᠦᠴᠦ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ | ᠲᠥᠯᠥᠪᠯᠡᠭᠡᠲᠦ ᠦᠷᠡᠵᠢᠯ᠂ ᠨᠡᠶᠢᠭᠡᠮ ᠤᠨ ᠪᠦᠯᠬᠦᠮ ᠵᠡᠷᠭᠡ ᠨᠡᠶᠢᠭᠡᠮ ᠤᠨ ᠤᠴᠢᠷ ᠶᠠᠪᠤᠳᠠᠯ ᠤᠨ ᠴᠢᠨᠠᠷᠲᠠᠢ ᠠᠵᠢᠯ ᠢ ᠬᠠᠷᠢᠭᠤᠴᠠᠨ᠎ᠠ︔ ᠵᠠᠬ᠎ᠠ ᠳᠡᠯᠭᠡᠭᠦᠷ ᠤᠨ | ᠬᠢᠨᠠᠯᠳᠠ ᠳᠠᠯᠪᠢᠯᠳᠠ ᠵᠡᠷᠭᠡ ᠠᠵᠢᠯ ᠢ ᠬᠠᠮᠵᠢᠨ ᠦᠷᠨᠢᠬᠦᠯᠦᠨ᠎ᠡ᠃ | ︵ᠲᠠᠪᠤ︶ ᠠᠵᠤ ᠠᠬᠤᠢ ᠶᠢᠨ ᠬᠥᠭᠵᠢᠯᠲᠡ ᠪᠠ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ᠃ ᠪᠠᠯᠭᠠᠰᠤᠨ ᠤ ᠳᠣᠲᠣᠷᠠᠬᠢ ᠦᠢᠯᠡᠴᠢᠯᠡᠭᠡᠨ ᠤ ᠦᠢᠯᠡᠰ ᠤᠨ | ᠴᠢᠬᠤᠯᠠ ᠶᠡᠭᠡ ᠲᠥᠷᠥᠯ ᠵᠦᠢᠯ ᠪᠠ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠳᠤᠷᠠᠳᠬᠤ ᠶᠢᠨ ᠬᠠᠮᠲᠤ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ | ᠰᠠᠶᠢᠲᠤᠷ ᠠᠳᠬᠤᠵᠤ᠂ ᠦᠢᠯᠡᠴᠢᠯᠡᠭᠡᠨ ᠤ ᠦᠢᠯᠡᠰ ᠤᠨ ᠲᠥᠷᠥᠯ ᠵᠦᠢᠯ ᠤᠨ ᠨᠥᠭᠡᠴᠡᠯᠡᠬᠦ ᠬᠥᠮᠥᠷᠭᠡ ᠶᠢ ᠪᠠᠶᠢᠭᠤᠯᠤᠨ᠂ ᠦᠢᠯᠡᠴᠢᠯᠡᠭᠡᠨ ᠤ ᠦᠢᠯᠡᠰ ᠤᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠵᠣᠬᠢᠴᠠᠭᠤᠯᠤᠨ ᠰᠢᠮᠳᠠᠭᠤᠯᠤᠨ ᠬᠡᠷᠡᠭᠵᠢᠭᠦᠯᠦᠨ᠎ᠡ︔ ᠠᠵᠤ ᠦᠢᠯᠡᠰ ᠢ ᠲᠥᠯᠥᠪᠵᠢᠭᠦᠯᠦᠨ ᠬᠥᠭᠵᠢᠭᠦᠯᠬᠦ ᠠᠵᠢᠯ ᠢ | ᠬᠠᠷᠢᠭᠤᠴᠠᠨ᠎ᠠ︔ ᠪᠠᠯᠭᠠᠰᠤᠨ ᠤ ᠳᠣᠲᠣᠷᠠᠬᠢ ᠠᠵᠤ ᠠᠬᠤᠶᠢᠯᠠᠯ ᠤᠨ ᠲᠤᠭ᠎ᠠ ᠪᠦᠷᠢᠳᠬᠡᠯ᠂ ᠲᠥᠷᠥᠯ ᠵᠦᠢᠯ ᠢ ᠮᠡᠳᠡᠭᠦᠯᠦᠨ ᠵᠥᠪᠰᠢᠶᠡᠷᠡᠭᠦᠯᠬᠦ᠂ ᠠᠵᠤ | ᠠᠬᠤᠶᠢᠯᠠᠯ ᠤᠨ ᠦᠢᠯᠡᠴᠢᠯᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠬᠤᠳᠠᠯᠳᠤᠭᠠᠴᠢᠨ ᠤᠷᠢᠬᠤ | ᠦᠢᠯᠡᠴᠢᠯᠡᠭᠡ ᠪᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠠᠵᠢᠯ ᠢ ᠬᠠᠷᠢᠭᠤᠴᠠᠨ᠎ᠠ᠃ ᠬᠤᠲᠠ ᠬᠥᠳᠡᠭᠡ ᠶᠢᠨ ᠨᠢᠭᠡᠳᠦᠯᠲᠡᠢ | ᠲᠦᠯᠦᠪᠯᠡᠭᠡᠳᠤ ᠠᠵᠤ ᠠᠬᠤᠢ ᠶᠢᠨ ᠬᠥᠭᠵᠢᠯᠲᠡ᠂ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠲᠥᠯᠦᠪᠵᠢᠭᠦᠯᠭᠡ᠂ ᠬᠤᠲᠠ ᠶᠢᠨ ᠳᠦᠷᠢ ᠳᠦᠷᠬᠦ᠂ | ᠴᠡᠴᠡᠷᠯᠢᠭᠵᠢᠬᠦᠯᠦᠯᠳᠡ ᠨᠣᠭᠤᠭᠠᠷᠠᠭᠤᠯᠤᠯᠲᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠠᠭᠤᠭᠠᠯᠢ ᠲᠣᠭᠤᠷᠢᠭ ᠤᠨ ᠠᠳᠠᠯ ᠠᠬᠤᠢ᠂ ᠣᠯᠠᠨ ᠨᠡᠶᠢᠲᠡ ᠶᠢᠨ | ᠳᠦᠬᠦᠭᠡᠷᠦᠮᠵᠢ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ︔ ᠪᠠᠯᠭᠠᠰᠤᠨ ᠤ ᠳᠣᠲᠣᠷ᠎ᠠ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠲᠥᠰᠥᠪ ᠢ ᠬᠢᠨᠠᠨ ᠬᠠᠷᠭᠤᠭᠤᠯᠬᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠠᠵᠢᠯ ᠢ ᠬᠠᠷᠢᠭᠤᠴᠠᠨ᠎ᠠ︔ | ᠪᠣᠯᠪᠠᠰᠤᠨ ᠬᠤᠲᠠ᠂ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠵᠡᠷᠭᠡ ᠬᠠᠮᠢᠶ᠎ᠠ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ︔ ᠭᠠᠵᠠᠷ | ᠰᠢᠷᠣᠢ ︵ᠭᠡᠷ ᠪᠠᠶᠢᠰᠢᠩ︶ ᠶᠢ ᠲᠠᠲᠠᠪᠤᠷᠢᠯᠠᠬᠤ᠂ ᠠᠭᠤᠷᠬᠠᠢ ᠶᠢᠨ ᠣᠷᠣᠨ ᠤ ᠠᠮᠢ ᠠᠬᠤᠢ ᠶᠢᠨ ᠰᠡᠷᠭᠦᠭᠡᠯᠲᠡ ᠶᠢᠨ ᠨᠥᠬᠦᠪᠦᠷᠢ ᠥᠭᠬᠦ᠂ ᠬᠠᠭᠤᠴᠢᠨ ᠰᠠᠭᠤᠭᠠᠯᠢ | ᠲᠣᠭᠤᠷᠢᠭ ᠢ ᠦᠭᠡᠷᠡᠴᠢᠯᠡᠨ ᠵᠠᠰᠠᠬᠤ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠮᠢᠶᠠᠷᠤᠯᠲᠠ ᠵᠡᠷᠭᠡ ᠠᠵᠢᠯ ᠢ ᠬᠠᠮᠵᠢᠨ ᠥᠷᠨᠢᠭᠦᠯᠦᠨ᠎ᠡ᠃ | ᠭᠠᠴᠠᠭᠠᠨ ᠤ ᠬᠠᠮᠲᠤ ᠶᠢᠨ ᠠᠵᠤ ᠠᠬᠤᠢ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠪᠦᠬᠦ | ᠲᠠᠯ᠎ᠠ ᠪᠠᠷ ᠴᠢᠩᠭᠠᠳᠬᠠᠬᠤ ᠶᠢ ᠬᠠᠷᠢᠭᠤᠴᠠᠨ᠎ᠠ᠃ | ︵ᠵᠢᠷᠭᠤᠭ᠎ᠠ︶ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ︵ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ᠴᠡᠷᠢᠭ ᠠᠴᠠ | ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠭᠠᠵᠠᠷ ᠤᠨ ᠫᠠᠶᠢᠰᠠ ᠶᠢ ᠡᠯᠭᠦᠨ᠎ᠡ︶᠃ ᠨᠠᠮ ᠤᠨ | ᠭᠡᠰᠢᠭᠦᠨ ᠣᠯᠠᠨ ᠲᠦᠮᠡᠨ ᠤ ᠦᠢᠯᠡᠴᠢᠯᠡᠭᠡᠨ ᠤ ᠲᠥᠷᠥᠯ ᠵᠦᠢᠯ ᠢ ᠪᠠᠶᠢᠷᠢᠯᠠᠭᠤᠯᠬᠤ᠂ ᠳᠣᠭᠢᠷᠠᠭᠤᠯᠬᠤ ᠠᠵᠢᠯ ᠢ ᠡᠭᠦᠷᠭᠡᠯᠡᠵᠦ᠂ ᠨᠠᠮ ᠤᠨ ᠭᠡᠰᠢᠭᠦᠨ ᠪᠠ ᠣᠯᠠᠨ | ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠶ ᠦᠢᠯᠡᠴᠢᠯᠡᠭᠡ ᠬᠠᠩᠭᠠᠨ᠎ᠠ︔ ᠬᠠᠷᠢᠶ᠎ᠠ ᠣᠷᠣᠨ ᠤ ᠳᠣᠲᠣᠷᠠᠬᠢ ᠨᠠᠮ ᠤᠨ ᠭᠡᠰᠢᠭᠦᠨ ᠲᠠᠢ ᠬᠠᠷᠢᠯᠴᠠᠬᠤ᠂ ᠲᠡᠳᠡᠠ ᠳᠤ | ᠦᠢᠯᠡᠴᠢᠯᠡᠬᠦ ᠠᠵᠢᠯ ᠢ ᠡᠭᠦᠷᠭᠡᠯᠡᠨ᠎ᠡ︔ ᠨᠠᠮ ᠪᠠ ᠣᠯᠠᠨ ᠲᠦᠮᠡᠨ ᠤ ᠡᠯ᠎ᠡ ᠲᠥᠷᠥᠯ ᠤᠨ ᠠᠵᠢᠯᠯᠠᠭᠠᠨ ᠤ ᠲᠠᠯᠠᠪᠤᠷ ᠲᠤ ᠦᠢᠯᠡᠴᠢᠯᠡᠬᠦ ᠴᠢᠳᠠᠮᠵᠢ ᠶᠢᠨ | ᠲᠥᠯᠦᠪᠵᠢᠭᠦᠯᠭᠡ᠂ ᠬᠠᠮᠢᠶᠠᠷᠤᠯᠲᠠ ᠪᠠ ᠬᠠᠮᠠᠭᠠᠯᠠᠯᠲᠠ ᠶᠢᠨ ᠠᠵᠢᠯ ᠢ ᠡᠭᠦᠷᠭᠡᠯᠡᠨ᠎ᠡ︔ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠠᠷᠠᠳ ᠲᠤ | ᠲᠥᠬᠦᠮ ᠦᠵᠡᠭᠦᠯᠬᠦ ᠶᠢ ᠬᠢᠨᠠᠨ ᠵᠥᠪᠰᠢᠶᠡᠷᠡᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠢᠯ ᠢ ᠬᠠᠩᠭᠠᠨ᠎ᠠ︔ ᠴᠡᠷᠢᠭ ᠠᠴᠠ ᠬᠠᠯᠠᠭᠳᠠᠭᠰᠠᠳ ᠤᠨ ᠠᠵᠢᠯ ᠣᠯᠬᠤ ᠪᠠ | ᠠᠳᠠᠯ ᠦᠢᠯᠡᠰ ᠴᠣᠭᠴᠠᠯᠠᠬᠤ ᠶᠢ ᠲᠡᠳᠬᠦᠬᠦ᠂ ᠬᠠᠷᠠᠭᠠᠯᠵᠠᠨ ᠲᠡᠳᠬᠦᠬᠦ᠂ ᠡᠷᠬᠢᠨ ᠦᠵᠡᠵᠦ ᠲᠣᠬᠤᠨᠢᠭᠤᠯᠬᠤ᠂ ᠵᠠᠬᠢᠳᠠᠯ ᠰᠣᠷᠪᠤᠯᠵᠢᠯᠠᠭ᠎ᠠ ᠶᠢ ᠭᠥᠯᠢᠶᠡᠨ ᠠᠪᠬᠤ᠂ | ᠡᠷᠬᠡ ᠠᠰᠢᠭ ᠢ ᠪᠠᠲᠤᠯᠠᠬᠤ ᠵᠡᠷᠭᠡ ᠠᠵᠢᠯ ᠶᠠᠪᠤᠳᠠᠯ ᠢ ᠡᠭᠦᠷᠭᠡᠯᠡᠨ᠎ᠡ︔ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠵᠡᠷᠭᠡ ᠬᠤᠯᠪᠣᠭᠳᠠᠯ | ᠪᠦᠬᠦᠢ ᠠᠵᠢᠯ ᠢ ᠡᠭᠦᠷᠭᠡᠯᠡᠨ᠎ᠡ︔ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ᠃ | ︵ᠳᠤᠯᠤᠭ᠎ᠠ︶ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠲᠥᠪ᠃ ᠪᠠᠯᠭᠠᠰᠤᠨ ᠤ ᠳᠣᠲᠣᠷᠠᠬᠢ ᠰᠣᠶᠣᠯ ᠵᠢᠭᠤᠯᠴᠢᠯᠠᠯ ᠤᠨ ᠰᠣᠯᠢᠯᠴᠠᠭ᠎ᠠ᠂ ᠤᠬᠠᠭᠤᠯᠭ᠎ᠠ | ᠲᠠᠨᠢᠯᠴᠠᠭᠤᠯᠭ᠎ᠠ᠂ ᠲᠥᠯᠥᠪᠵᠢᠭᠦᠯᠭᠡ ᠶᠢᠨ ᠪᠠᠶᠢᠴᠠᠭᠠᠨ ᠰᠤᠳᠤᠯᠤᠯᠲᠠ᠂ ᠲᠤᠭ᠎ᠠ ᠪᠦᠷᠢᠳᠬᠡᠯ ᠤᠨ ᠰᠤᠳᠤᠯᠭᠠᠨ᠂ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ᠂ | ᠠᠵᠤ ᠦᠢᠯᠡᠰ ᠢ ᠠᠬᠢᠭᠤᠯᠬᠤ ᠵᠡᠷᠭᠡ ᠲᠤᠰᠠᠯᠠᠬᠤ ᠴᠢᠨᠠᠷᠲᠠᠶ ᠠᠵᠢᠯ ᠢ ᠡᠭᠦᠷᠭᠡᠯᠡᠨ᠎ᠡ︔ ᠡᠯ᠎ᠡ ᠲᠥᠷᠥᠯ ᠤᠨ ᠰᠣᠶᠣᠯ ᠵᠢᠭᠤᠯᠴᠢᠯᠠᠯ ᠤᠨ ᠰᠣᠯᠢᠯᠴᠠᠭᠠᠨ ᠤ | ᠠᠵᠢᠯᠯᠠᠭ᠎ᠠ ᠶᠢ ᠵᠣᠬᠢᠶᠠᠨ ᠪᠠᠶᠢᠭᠤᠯᠵᠤ ᠲᠥᠰᠦᠪᠯᠡᠨ᠎ᠡ︔ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ | ᠲᠥᠷᠥᠯ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠢ ᠰᠠᠶᠢᠲᠤᠷ ᠬᠢᠨ᠎ᠡ᠃ | ︵ᠨᠠᠢᠮᠠ︶ ᠶᠡᠷᠦᠩᠬᠡᠶᠢᠯᠡᠭᠰᠡᠨ ᠵᠠᠰᠠᠭ ᠵᠠᠬᠢᠷᠬᠠᠨ ᠤ ᠬᠠᠤᠯᠢ ᠬᠡᠷᠡᠭᠵᠢᠭᠦᠯᠬᠦ ᠠᠩᠭᠢ᠃ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠭᠰᠠᠨ ᠡᠷᠬᠡ ᠣᠯᠭᠤᠭᠰᠠᠨ ᠨᠠᠷᠢᠨ ᠬᠠᠭᠤᠳᠠᠰᠤ ᠶᠣᠰᠣᠭᠠᠷ᠂ ᠪᠠᠯᠭᠠᠰᠤᠨ ᠤ | ᠳᠣᠲᠣᠷᠠᠬᠢ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠣᠳᠠᠲᠠᠶ ᠠᠵᠢᠯ ᠢ ᠬᠠᠷᠢᠭᠤᠴᠠᠨ᠎ᠠ᠃ | ︵ᠶᠢᠰᠦ︶ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ᠃ ᠲᠠᠷᠢᠶᠠᠯᠠᠩ᠂ ᠣᠶ ᠰᠢᠭᠤᠶ᠂ ᠮᠠᠯ ᠠᠵᠤ ᠠᠬᠤᠶ᠂ ᠤᠰᠤ ᠵᠡᠷᠭᠡ | ᠬᠦᠷᠢᠶᠡᠨ ᠳᠠᠬᠢ ᠮᠡᠷᠭᠡᠵᠢᠯ ᠢ ᠣᠷᠣᠭᠤᠯᠤᠨ ᠠᠪᠴᠢᠷᠠᠬᠤ ᠪᠠ ᠳᠡᠯᠭᠡᠷᠡᠭᠦᠯᠬᠦ ᠠᠵᠢᠯ ᠢ ᠡᠭᠦᠷᠭᠡᠯᠡᠨ᠎ᠡ︔ ᠬᠠᠮᠢᠶ᠎ᠠ ᠪᠥᠬᠦᠶ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠤᠯᠠᠷᠢᠭᠤᠯᠬᠤ ᠠᠵᠢᠯ ᠢ ᠡᠭᠦᠷᠭᠡᠯᠡᠨ᠎ᠡ︔ ᠮᠠᠯᠴᠢᠨ ᠲᠠᠷᠢᠶᠠᠴᠢᠨ ᠤ ᠠᠵᠤ ᠦᠢᠯᠡᠰ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ︔ | ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ᠂ ᠬᠤᠷᠣᠬᠠᠶ ᠶᠢᠨ ᠬᠥᠨᠥᠭᠡᠯ ᠢ ᠰᠡᠷᠬᠡᠶᠢᠯᠡᠬᠦ᠂ ᠠᠮᠢᠲᠠᠨ ᠤ ᠬᠢᠵᠢᠭ ᠢ ᠰᠡᠷᠭᠡᠶᠢᠯᠡᠬᠦ ᠵᠡᠷᠭᠡ ᠠᠵᠢᠯ ᠢ ᠡᠭᠦᠷᠭᠡᠯᠡᠨ᠎ᠡ᠃ | ᠭᠤᠷᠪᠠ᠂ ᠠᠵᠢᠯᠯᠠᠬᠤ ᠭᠠᠵᠠᠷ ᠵᠢᠴᠢ ᠴᠠᠭ᠄ | ︵ᠨᠢᠭᠡ︶ ᠠᠵᠢᠯᠯᠠᠬᠤ ᠭᠠᠵᠠᠷ᠄ | ᠳ᠋ᠦᠩᠱᠧᠩ ᠲᠣᠭᠤᠷᠢᠭ ᠤᠨ ᠬᠠᠨᠳᠠᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠳ᠋ᠦᠩᠱᠧᠩ ᠲᠣᠭᠤᠷᠢᠭ ᠤᠨ G109 ᠬᠢᠭᠡᠳ ᠰᠢᠨ ᠱᠢ ᠵᠢᠢ | ᠵᠠᠮ ᠤᠨ ᠠᠭᠤᠯᠵᠠᠷ ᠠᠴᠠ ᠪᠠᠷᠠᠭᠤᠨ ᠬᠤᠶᠢᠰᠢ 140 ᠮᠧᠲᠷ︶ | ︵ᠬᠤᠶᠠᠷ︶ ᠠᠵᠢᠯᠯᠠᠬᠤ ᠴᠠᠭ᠄ | ᠵᠣᠨ ᠤ ᠤᠯᠠᠷᠢᠯ᠄ ᠦᠳᠡ ᠶᠢᠨ ᠡᠮᠦᠨ᠎ᠡ 8᠄ 30 ︱ 12᠄ 00︔ ᠦᠳᠡ ᠶᠢᠨ ᠬᠤᠶᠢᠨ᠎ᠠ15᠄ 00 ︱ 18᠄ 00︔ | ᠡᠪᠦᠯ ᠤᠨ ᠤᠯᠠᠷᠢᠯ᠄ ᠦᠳᠡ ᠶᠢᠨ ᠡᠮᠦᠨ᠎ᠡ 8᠄ 30 ︱ 12᠄ 00︔ ᠦᠳᠡ ᠶᠢᠨ ᠬᠤᠶᠢᠨ᠎ᠠ 14᠄ 30 ︱ 17᠄ 30᠃ ︵ᠭᠠᠷᠠᠭ ᠤᠨ | ᠨᠢᠭᠡᠨ ᠠᠴᠠ ᠭᠠᠷᠠᠭ ᠤᠨ ᠲᠠᠪᠤᠨ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠢ ᠪᠠᠭᠳᠠᠭᠠᠬᠤ ᠦᠭᠡᠢ︶ | ︵ᠭᠤᠷᠪᠠ︶ ᠬᠠᠷᠢᠯᠴᠠᠬᠤ ᠠᠷᠭ᠎ᠠ᠄ 0477-2780668 | | |