ᠬᠤᠩ ᠪᠥᠸᠧ ᠨᠡᠶᠢᠭᠡᠮ ᠲᠣᠭᠤᠷᠢᠭ ᠤᠨ ᠬᠢᠨ ᠬᠤᠭ ᠨᠣᠪᠰᠢ ᠶᠢᠨ ᠬᠥᠲᠥᠯ ᠳᠤ ᠴᠡᠪᠡᠷᠯᠡᠭᠡ ᠬᠢᠵᠤ ᠡᠷᠡᠰ ᠰᠢᠭᠤᠷᠬᠠᠢ ᠵᠠᠰᠠᠯᠲᠠ ᠪᠠᠷ ᠨᠡᠶᠢᠭᠡᠮ ᠲᠣᠭᠤᠷᠢᠭ ᠤᠨ ᠰᠢᠨ᠎ᠡ ᠳᠦᠷᠰᠦ ᠪᠠᠶᠢᠳᠠᠯ ᠢ ᠱᠤᠭᠤᠪᠠ
ᠨᠡᠶᠢᠲᠡᠯᠡᠭᠰᠡᠨ ᠴᠠᠭ᠄
2025/4/11
    ᠮᠠᠨᠳᠤᠬᠠᠢ 9 ᠳ᠋ᠦᠭᠡᠷ ᠨᠣᠮᠧᠷᠲᠤ ᠵᠡᠬᠡᠯᠢ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠬᠤᠭ ᠨᠣᠪᠰᠢ ᠶᠢᠨ ᠬᠥᠲᠥᠯ ᠤᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠴᠡᠴᠡᠷᠯᠢᠭ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ︽ᠲᠦᠷᠪᠡᠨ ᠱᠠᠲᠤ ᠪᠠᠷ ᠬᠤᠯᠪᠤᠭᠠᠯᠠᠨ ᠬᠥᠳᠡᠯᠦᠯᠴᠡᠬᠦ + ᠲᠦᠷᠪᠡᠨ ᠠᠯᠬᠤᠮ ᠤᠨ ᠠᠷᠭ᠎ᠠ + ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ︾ ᠶᠢᠨ  ᠠᠷᠭ᠎ᠠ ᠪᠠᠷ ᠪᠣᠭᠤᠮᠲᠠ ᠰᠢᠪᠲᠤᠯᠵᠤ᠂ ᠬᠤᠳᠠ ᠬᠥᠳᠡᠭᠡ ᠶᠢᠨ ᠠᠭᠤᠯᠵᠠᠷ ᠬᠡᠰᠡᠭ ᠤᠨ ᠣᠷᠴᠢᠨ ᠲᠣᠭᠤᠷᠢᠨ ᠤ ᠰᠢᠨ᠎ᠡ ᠲᠦᠷᠢ ᠲᠦᠷᠬᠦ ᠶᠢ ᠪᠤᠢ ᠪᠤᠯᠭᠠᠪᠠ᠃    ᠴᠡᠴᠡᠷᠯᠢᠭ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ ︽ᠲᠣᠭᠤᠷᠢᠭ  ᠵᠡᠭᠡᠯᠢ ᠭᠤᠳᠤᠮᠵᠢ  ᠨᠡᠶᠢᠭᠡᠮ ᠲᠣᠭᠤᠷᠢᠭ  ᠲᠣᠣᠷᠵᠢᠯ︾ ᠳᠥᠷᠪᠡᠨ ᠱᠠᠲᠤᠨ ᠤ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠵᠤ᠂ ᠲᠣᠭᠤᠷᠢᠭ ᠬᠤᠪᠢᠶᠠᠨ ᠬᠠᠷᠢᠭᠤᠴᠠᠵᠤ᠂ ᠴᠡᠭᠴᠡᠯᠡᠨ ᠵᠠᠰᠠᠬᠤ ᠡᠭᠦᠷᠭᠡ᠂ ᠬᠠᠷᠢᠭᠤᠴᠠᠯᠭ᠎ᠠ᠂ ᠠᠵᠢᠯᠲᠠᠨ᠂ ᠠᠬᠢᠴᠠ᠂ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠳᠡᠭᠡᠷ᠎ᠡ ᠳᠣᠣᠷ᠎ᠠ ᠱᠠᠲᠤ ᠪᠠᠷ ᠢᠶᠠᠨ ᠬᠠᠮᠵᠢᠯᠴᠠᠬᠤ᠂ ᠬᠠᠮᠳᠤ ᠪᠠᠷ ᠠᠳᠬᠤᠨ ᠬᠠᠮᠲᠤ ᠪᠠᠷ ᠬᠠᠮᠢᠶᠠᠷᠬᠤ ᠪᠠᠶᠢᠷᠢᠰᠢᠯ ᠢ ᠪᠣᠶ ᠪᠣᠯᠭᠠᠵᠤ᠂ ᠴᠡᠭᠴᠡᠯᠡᠨ ᠵᠠᠰᠠᠬᠤ ᠶᠢ ᠥᠨᠳᠥᠷ ᠦᠷ᠎ᠡ ᠪᠦᠲᠦᠮᠵᠢᠲᠡᠶ ᠪᠠᠷ ᠠᠬᠢᠭᠤᠯᠬᠤ ᠶᠢ ᠦᠨᠡᠨᠬᠦ  ᠪᠠᠳᠤᠯᠠᠪᠠ᠃
640.png
    ᠨᠢᠭᠡᠳᠦᠭᠡᠷ ᠠᠯᠬᠤᠮ ᠳᠤ ᠴᠡᠪᠡᠷᠯᠡᠨ ᠲᠡᠭᠡᠭᠡᠪᠦᠷᠢᠯᠡᠬᠦ ᠵᠠᠮ ᠢ ᠨᠡᠪᠳᠡᠷᠡᠬᠦᠯᠪᠠ᠄ ᠣᠶ ᠰᠢᠭᠤᠢ ᠶᠢᠨ ᠲᠤᠮᠳᠠ ᠲᠦᠷ ᠴᠠᠭ ᠤᠨ ᠵᠠᠮ ᠢ ᠨᠡᠭᠡᠭᠡᠵᠦ᠂ ᠮᠠᠰᠢᠨ ᠲᠡᠷᠭᠡ ᠪᠠ ᠬᠥᠮᠥᠨ ᠤ ᠬᠦᠴᠦ ᠪᠠᠷ ᠬᠠᠮᠲᠤᠷᠠᠨ  ᠠᠵᠢᠯᠯᠠᠭᠤᠯᠪᠠ᠃   ᠬᠤᠶᠠᠳᠤᠭᠠᠷ ᠠᠯᠬᠤᠮ ᠳᠤ ᠪᠢᠲᠡᠭᠦᠮᠵᠢᠯᠡᠨ ᠪᠥᠭᠯᠡᠵᠦ ᠳᠠᠬᠢᠨ ᠰᠡᠷᠭᠦᠬᠦ ᠶᠢ ᠰᠡᠷᠬᠡᠶᠢᠯᠡᠪᠠ᠄ ᠴᠡᠪᠡᠷᠯᠡᠭᠰᠡᠨ ᠤ ᠳᠠᠷᠠᠭ᠎ᠠ 2 ᠮᠧᠲᠷ ᠤᠨ ᠥᠨᠳᠥᠷ ᠨᠣᠭᠤᠭᠠᠨ ᠥᠩᠭᠡ ᠶᠢᠨ ᠬᠠᠰᠢᠶ᠎ᠠ ᠪᠠᠷᠢᠵᠤ᠂ ᠳᠤᠷ᠎ᠠ ᠪᠠᠷ ᠢᠶᠠᠨ ᠬᠤᠭ ᠨᠤᠪᠰᠢ ᠠᠰᠬᠠᠬᠤ ᠵᠠᠮ ᠢ ᠲᠠᠰᠤᠯᠪᠠ᠃    ᠭᠤᠷᠪᠠᠳᠤᠭᠠᠷ ᠠᠯᠬᠤᠮ ᠳᠤ ᠣᠶᠤᠨᠴᠢ ᠪᠠᠷ ᠬᠢᠨᠠᠨ ᠡᠵᠡᠮᠳᠡᠪᠠ᠄ ᠺᠠᠮᠧᠷᠠ ᠵᠢᠴᠢ ᠰᠡᠷᠡᠮᠵᠢᠯᠡᠬᠦᠯᠬᠦ ᠫᠠᠶᠢᠰᠠ ᠤᠭᠰᠠᠷᠠᠵᠤ᠂ ᠲᠣᠭᠲᠠᠭᠠᠯ ᠠᠴᠠ ᠵᠥᠷᠢᠴᠡᠨ ᠬᠤᠭ ᠨᠤᠪᠰᠢ ᠠᠰᠬᠠᠬᠤ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠬᠢᠨᠠᠨ ᠡᠵᠡᠮᠳᠠᠪᠠ᠃     ᠳᠥᠷᠪᠡᠳᠦᠭᠡᠷ ᠠᠯᠬᠤᠮ ᠳᠤ ᠰᠠᠭᠤᠷᠢ ᠲᠦᠬᠦᠬᠡᠷᠦᠮᠵᠢ ᠶᠢ ᠲᠡᠬᠦᠯᠳᠡᠷᠵᠢᠬᠦᠯᠪᠠ᠄ ᠬᠤᠭ ᠨᠣᠪᠰᠢ ᠶᠢᠨ ᠰᠠᠪᠠ ᠨᠡᠮᠡᠵᠦ᠂ ᠰᠠᠭᠤᠭᠠᠯᠢ ᠠᠷᠠᠳ ᠤᠨ ᠡᠳᠦᠷ ᠲᠤᠲᠤᠮ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠬᠠᠮᠲᠤ ᠬᠤᠭ ᠨᠣᠪᠰᠢ ᠶᠢ ᠲᠥᠷᠥᠯ ᠬᠤᠪᠢᠶᠠᠬᠤ ᠶᠢ ᠬᠥᠲᠥᠯᠥᠨ ᠵᠢᠯᠤᠭᠤᠳᠴᠠᠢ᠃    ᠲᠠᠷᠠᠭᠠᠴᠢ ᠶᠢᠨ ᠠᠯᠬᠤᠮ ᠳᠤ ᠵᠡᠭᠡᠯᠢ ᠭᠤᠳᠤᠮᠵᠢ ᠪᠠ ᠨᠡᠶᠢᠭᠡᠮ ᠲᠣᠭᠤᠷᠢᠭ ᠤᠨ ᠬᠢᠨ ᠴᠡᠭᠴᠡᠯᠡᠨ ᠵᠠᠰᠠᠭᠰᠡᠨ ᠲᠤᠷᠰᠢᠯᠭ᠎ᠠ ᠶᠢ ᠰᠤᠷᠳᠠᠯᠴᠢᠯᠠᠵᠤ᠂ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ︽ᠰᠡᠷᠡᠮᠵᠢᠯᠡᠭᠦᠯᠬᠦ + ᠤᠷᠮᠠᠰᠢᠭᠤᠯᠬᠤ + ᠤᠷᠤᠯᠴᠠᠭᠤᠯᠬᠤ︾ ᠪᠠᠷ ᠬᠢᠨᠠᠯᠲᠠ ᠬᠠᠮᠢᠶᠠᠷᠤᠯᠲᠠ ᠪᠠ ᠤᠬᠠᠭᠤᠯᠭ᠎ᠠ ᠶᠢ ᠦᠷᠭᠦᠯᠵᠢᠯᠡᠨ ᠰᠢᠯᠢᠳᠡᠭᠵᠢᠭᠦᠯᠵᠦ᠂ ᠬᠠᠲᠠᠭᠤ ᠬᠠᠰᠢᠶ᠎ᠠ ᠶᠢ ᠤᠶᠠᠨ ᠵᠥᠭᠡᠯᠡᠨ ᠬᠠᠮᠢᠶᠠᠷᠤᠯᠲᠠ ᠪᠣᠯᠭᠠᠨ ᠬᠤᠪᠢᠷᠠᠭᠤᠯᠵᠤ᠂ ᠰᠠᠭᠤᠭᠠᠯᠢ ᠠᠷᠠᠳ ᠤᠨ ︽ᠰᠠᠨᠠᠭᠠᠴᠢᠯᠠᠭᠠᠲᠤ ᠪᠤᠰᠤ ᠪᠠᠷ ᠬᠠᠮᠢᠶᠠᠷᠤᠭᠳᠠᠬᠤ︾ ᠠᠴᠠ ︽ᠰᠠᠨᠠᠭᠠᠴᠢᠯᠠᠭ᠎ᠠ  ᠠᠴᠠ ᠪᠠᠨ ᠰᠠᠬᠢᠨ ᠬᠠᠮᠠᠭᠠᠯᠠᠬᠤ︾ ᠳᠠᠰᠢ ᠬᠤᠪᠢᠷᠠᠬᠤ ᠶᠢ ᠠᠬᠢᠭᠤᠯᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ︽ᠥᠩᠭᠡᠨ ᠲᠠᠯ᠎ᠠ ᠶᠢ ᠵᠠᠰᠠᠬᠤ︾ ᠠᠴᠠ ︽ᠦᠨᠳᠦᠰᠦ ᠠᠴᠠ ᠨᠢ ᠵᠠᠰᠠᠬᠤ︾ ᠳᠠᠰᠢ ᠠᠬᠢᠭᠤᠯᠵᠤ᠂ ᠦᠵᠡᠰᠬᠦᠯᠡᠩᠲᠦ ᠰᠠᠶᠢᠬᠠᠨ ᠭᠡᠷ ᠣᠷᠣᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃   
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ