ᠪᠦᠳᠦᠬᠡᠨ ᠪᠠᠶᠢᠭᠤᠯᠤᠯᠳᠠ ᠶᠢᠨ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠠᠵᠢᠯ ᠣᠯᠭᠤᠯᠲᠠ ᠶᠢᠨ ᠤᠷ᠎ᠠ ᠴᠢᠳᠠᠪᠤᠷᠢ ᠶᠢᠨ ᠪᠤᠯᠪᠠᠰᠤᠷᠠᠯ ᠦᠷᠨᠢᠬᠦᠯᠪᠡ
ᠨᠡᠶᠢᠲᠡᠯᠡᠭᠰᠡᠨ ᠴᠠᠭ᠄
2025/4/15
      ᠰᠠᠭᠤᠭᠠᠯᠢ ᠠᠷᠠᠳ ᠤᠨ ᠦᠢᠯᠡᠰ ᠪᠣᠰᠬᠠᠵᠤ ᠠᠵᠢᠯ ᠣᠯᠬᠤ ᠴᠢᠳᠠᠪᠤᠷᠢ ᠶᠢ ᠨᠡᠮᠡᠭᠳᠡᠭᠦᠯᠬᠦ ᠶᠢᠨ ᠲᠥᠯᠥᠭᠡ᠂ 4 ᠰᠠᠷ᠎ᠠ ᠶᠢᠨ 14 ᠤ ᠡᠳᠦᠷ᠂ ᠳ᠋ᠦᠩᠱᠧᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠮᠢᠨ ᠯᠢᠶᠠᠨ ᠨᠡᠶᠢᠭᠡᠮ ᠲᠣᠭᠤᠷᠢᠭ᠂ ᠴᠢ ᠮᠢᠩ ᠰᠢᠩ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠬᠠᠮᠲᠤᠷᠠᠨ ︽ᠪᠡᠶ᠎ᠡ ᠰᠤᠪᠢᠯᠠᠬᠤ ᠤᠷ᠎ᠠ ᠮᠡᠷᠭᠡᠵᠢᠯ ᠢ ᠡᠵᠡᠮᠰᠢᠨ ᠠᠵᠢᠯ ᠣᠯᠭᠤᠬᠤ ᠠᠷᠭ᠎ᠠ ᠵᠠᠮ ᠢ ᠥᠷᠭᠡᠳᠬᠡᠬᠦ︾ ᠠᠵᠢᠯ ᠣᠯᠭᠤᠯᠲᠠ ᠶᠢᠨ ᠤᠷ᠎ᠠ ᠮᠡᠷᠭᠡᠵᠢᠯ ᠤᠨ ᠪᠣᠯᠪᠠᠰᠤᠷᠠᠯ ᠤᠨ ᠠᠩᠭᠢ ᠶᠢ ᠡᠷᠬᠢᠯᠡᠪᠡ᠃       ᠲᠣᠰ ᠤᠳᠠᠭᠠᠨ ᠤ ᠪᠤᠯᠪᠠᠰᠤᠷᠠᠯ ᠲᠠᠪᠤᠨ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠣᠷᠳᠣᠰ ᠤᠨ ᠬᠡᠷᠡᠭᠯᠡᠭᠡᠨ ᠤ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠪᠠᠭᠰᠢ ᠶᠢ ᠤᠨᠴᠠᠯᠠᠨ ᠤᠷᠢᠵᠤ᠂ ᠣᠯᠠᠨ ᠳᠤ ᠢᠯᠢᠵᠦ ᠨᠤᠬᠤᠯᠠᠬᠤ ᠪᠠ ᠪᠡᠶ᠎ᠡ ᠰᠤᠪᠢᠯᠠᠬᠤ ᠣᠨᠣᠯ ᠤᠨ ᠰᠠᠭᠤᠷᠢ ᠪᠤᠯᠤᠨ ᠠᠷᠭ᠎ᠠ ᠶᠢ ᠠᠯᠬᠤᠮ ᠳᠠᠷᠠᠭ᠎ᠠ ᠲᠠᠢ ᠪᠠᠷ ᠲᠠᠶᠢᠯᠪᠤᠷᠢᠯᠠᠨ ᠥᠭᠴᠦ᠂ ᠪᠤᠯᠪᠠᠰᠤᠷᠠᠯ ᠳᠤ ᠤᠷᠤᠯᠴᠠᠭᠰᠠᠳ ᠢ ᠬᠢᠴᠢᠶᠡᠯ ᠰᠤᠨᠤᠰᠬᠤ ᠶᠢᠨ ᠳᠠᠭᠠᠤ  ᠦᠪᠡᠷᠳᠡᠬᠡᠨ ᠭᠠᠷ ᠬᠦᠳᠡᠯᠵᠤ ᠦᠢᠯᠡᠳᠤᠯᠬᠡᠵᠢᠬᠦᠯᠦᠨ᠂ ᠢᠯᠢᠵᠦ ᠨᠤᠬᠤᠯᠠᠬᠤ ᠪᠠ ᠪᠡᠶ᠎ᠡ ᠰᠤᠪᠢᠯᠠᠬᠤ ᠦᠨᠳᠦᠰᠦᠨ ᠤᠷ᠎ᠠ ᠴᠢᠳᠠᠪᠤᠷᠢ ᠶᠢ ᠡᠵᠡᠮᠰᠢᠵᠤ᠂ ᠥᠷᠭᠡᠨ ᠣᠯᠠᠨ ᠲᠦᠮᠡᠨ ᠤ ᠠᠵᠢᠯ ᠣᠯᠬᠤ ᠠᠷᠭ᠎ᠠ ᠵᠠᠮ ᠢ ᠦᠷᠬᠡᠳᠬᠡᠪᠡ᠃       ᠲᠠᠷᠠᠭᠠᠴᠢ ᠶᠢᠨ ᠠᠯᠬᠤᠮ ᠳᠤ᠂ ᠪᠦᠳᠦᠬᠡᠨ ᠪᠠᠶᠢᠭᠤᠯᠤᠯᠳᠠ ᠶᠢᠨ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠠᠰᠢᠭᠯᠠᠨ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠶᠢ ᠰᠠᠭᠤᠭᠠᠯᠢ ᠠᠷᠠᠳ ᠤᠨ ︽ᠭᠡᠷ ᠤᠨ ᠡᠭᠦᠳᠡᠨ ᠳᠤ︾ ᠬᠦᠷᠭᠡᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠵᠣᠯ ᠵᠢᠷᠭᠠᠯᠳᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ