4 ᠰᠠᠷ᠎ᠠ ᠶᠢᠨ 16 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ | ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠳ᠋ᠦᠩᠱᠧᠩ ᠲᠣᠭᠤᠷᠢᠭ ᠤᠨ ᠭᠤᠣᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠳᠦᠷᠢᠮ᠂ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ᠂ ᠰᠦᠨ ᠱᠤᠤ ᠴᠧᠩ ᠱᠦᠵᠢ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ | ᠵᠢᠭᠠᠪᠤᠷᠢ ᠶᠢᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠨᠤᠳᠤᠭ ᠪᠡᠯᠴᠢᠭᠡᠷ ᠢ ᠡᠪᠳᠡᠵᠦ ᠬᠠᠤᠯᠢ ᠳᠤᠭᠳᠠᠭᠠᠯ ᠠᠴᠠ ᠵᠥᠷᠢᠴᠡᠭᠰᠡᠨ | ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ | ᠳ᠋ᠦᠩᠱᠧᠩ ᠲᠣᠭᠤᠷᠢᠭ ᠤᠨ ᠣᠶ ᠰᠢᠭᠤᠢ ᠨᠤᠳᠤᠭ ᠪᠡᠯᠴᠢᠭᠡᠷ ᠢ ᠡᠪᠳᠡᠵᠤ ᠬᠠᠤᠯᠢ ᠳᠤᠭᠳᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ | ᠵᠠᠰᠠᠬᠤ ᠠᠵᠢᠯ ᠤᠨ ᠪᠠᠶᠢᠳᠠᠯ ᠤᠨ ᠮᠡᠳᠡᠬᠦᠯᠦᠯᠳᠡ ᠶᠢ ᠰᠣᠨᠣᠰᠴᠤ᠂ ︽ᠳ᠋ᠦᠩᠱᠧᠩ ᠲᠣᠭᠤᠷᠢᠭ ᠤᠨ ᠣᠶ ᠰᠢᠭᠤᠢ ᠨᠤᠳᠤᠭ ᠪᠡᠯᠴᠢᠭᠡᠷ ᠢ ᠡᠪᠳᠡᠵᠤ ᠬᠠᠤᠯᠢ | ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠬᠡᠷᠡᠭᠵᠢᠭᠦᠯᠬᠦ ᠲᠥᠰᠥᠯ︾ ︽ᠳ᠋ᠦᠩᠱᠧᠩ ᠲᠣᠭᠤᠷᠢᠭ ᠤᠨ 2025 ᠣᠨ ᠤ | ᠭᠤᠣᠯ ᠮᠦᠷᠡᠨ ᠤ ᠳᠠᠷᠤᠭ᠎ᠠ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠤᠨ ᠭᠤᠣᠯᠳᠠᠯᠭ᠎ᠠ︾ ︽ᠳ᠋ᠦᠩᠱᠧᠩ ᠲᠣᠭᠤᠷᠢᠭ ᠤᠨ 2025 ᠣᠨ ᠤ | ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠤᠨ ᠭᠤᠣᠯᠳᠠᠯᠭ᠎ᠠ︾ ᠶᠢ ᠰᠤᠳᠤᠯᠤᠨ ᠬᠢᠨᠠᠨ ᠵᠥᠪᠯᠡᠬᠦ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ | ᠭᠤᠤ ᠢ ᠳ᠋ᠦᠩ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠢ ᠣᠳᠣᠬᠠᠨ ᠤ ᠪᠠ ᠬᠤᠶᠢᠰᠢᠳᠠ ᠶᠢᠨ ᠨᠢᠭᠡ | ᠬᠤᠭᠤᠴᠠᠭᠠᠨ ᠤ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ | ᠪᠦᠬᠦ ᠬᠦᠴᠦᠨ ᠢᠶᠠᠷ ᠢᠶᠠᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠯ᠎ᠡ ᠱᠠᠲᠤᠨ ᠤ ᠭᠤᠣᠯ ᠮᠥᠷᠡᠨ ᠨᠠᠭᠤᠷ ᠴᠥᠭᠦᠷᠥᠮ ᠤᠨ | ᠳᠠᠷᠤᠭ᠎ᠠ᠂ ᠤᠢ ᠰᠢᠭᠤᠢ ᠶᠢᠨ ᠳᠠᠷᠤᠭ᠎ᠠ ᠨᠠᠷ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ | ᠴᠥᠭᠦᠷᠥᠮ ᠪᠣᠯᠣᠨ ᠤᠢ ᠰᠢᠭᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠠᠵᠢᠯ ᠢ ᠡᠬᠦᠷᠬᠡᠯᠡᠨ ᠠᠳᠬᠤᠵᠤ᠂ ᠬᠤᠯᠪᠣᠭᠳᠠᠯ ᠪᠦᠬᠦᠢ ᠠᠵᠢᠯ ᠤᠨ | ᠲᠣᠭᠲᠠᠭᠤᠨ ᠢᠶᠠᠷ ᠥᠷᠨᠢᠬᠦ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠵᠦ᠂ | ᠭᠤᠣᠯ ᠮᠥᠷᠡᠨ ᠨᠠᠭᠤᠷ ᠴᠥᠭᠦᠷᠥᠮ ᠤᠨ ︽ᠳᠥᠷᠪᠡᠨ ᠳᠤᠷᠠᠪᠠᠷ ᠠᠵᠢᠯᠯᠠᠭ᠎ᠠ ᠶᠢ ᠴᠡᠭᠴᠡᠯᠡᠬᠦ︾ ᠵᠢᠴᠢ ᠭᠤᠣᠯ ᠤᠨ ᠵᠠᠮ ᠢ ᠴᠡᠭᠴᠡᠯᠡᠨ ᠵᠠᠰᠠᠬᠤ ᠠᠵᠢᠯ ᠤᠨ ᠦᠷ᠎ᠡ | ᠪᠦᠲᠦᠭᠡᠯ ᠢ ᠪᠠᠬᠢᠵᠢᠭᠦᠯᠦᠨ ᠲᠡᠭᠦᠯᠳᠡᠷᠵᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠢ ᠶᠡᠷᠦᠩᠬᠡᠶᠢᠯᠡᠨ ᠵᠠᠰᠠᠬᠤ ᠦᠢᠯᠡᠳᠦᠯ ᠴᠢᠳᠠᠪᠤᠷᠢ ᠶᠢ ᠪᠦᠲᠦᠮᠵᠢᠲᠡᠶ | ᠳᠡᠭᠡᠭᠰᠢᠯᠡᠭᠦᠯᠬᠦ ᠬᠡᠷᠡᠭᠲᠡᠢ᠃ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠢᠨ ᠬᠠᠷᠢᠶ᠎ᠠ ᠭᠠᠵᠠᠷ ᠤᠨ | ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠲᠤᠤᠷᠵᠢᠯ ᠤᠨ ᠠᠵᠢᠯᠲᠠᠨ ᠤ ᠦᠢᠯᠡᠳᠦᠯ ᠢ ᠭᠦᠢᠴᠡᠳ ᠪᠠᠳᠠᠷᠠᠭᠤᠯᠤᠨ᠂ ᠦᠨᠳᠦᠰᠦᠨ | ᠱᠠᠲᠤᠨ ᠤ ᠬᠢᠨᠠᠯᠲᠠ ᠬᠠᠮᠢᠶᠠᠷᠤᠯᠲᠠ ᠶᠢᠨ ᠰᠦᠯᠵᠢᠶ᠎ᠡ ᠶᠢ ᠨᠢᠭᠲᠠ ᠪᠠᠶᠢᠭᠤᠯᠬᠤ ᠬᠡᠷᠡᠭᠲᠡᠢ᠃ ᠪᠣᠯᠪᠠᠰᠤᠷᠠᠭᠤᠯᠤᠯ ᠢ ᠴᠢᠩᠭᠠᠳᠬᠠᠨ᠂ ᠴᠢᠳᠠᠪᠤᠷᠢ ᠶᠢ ᠳᠡᠭᠡᠭᠰᠢᠯᠡᠭᠦᠯᠬᠦ ᠶᠢ | ᠴᠢᠬᠤᠯᠠᠴᠢᠯᠠᠵᠤ᠂ ᠡᠯ᠎ᠡ ᠦᠨᠳᠦᠰᠦᠨ ᠱᠠᠲᠤᠨ ᠤ ᠦᠷᠳᠡᠭᠡ ᠭᠠᠵᠠᠷ ᠤᠨ ᠬᠢᠨ ᠲᠤᠰᠬᠠᠢ ᠰᠡᠳᠦᠪᠲᠦ ᠪᠣᠯᠪᠠᠰᠤᠷᠠᠭᠤᠯᠤᠯ ᠢ ᠪᠠᠶᠢᠩᠭᠤᠵᠢᠭᠤᠯᠤᠨ ᠥᠷᠨᠢᠭᠦᠯᠵᠦ᠂ | ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠣᠯᠣᠨ ᠶᠡᠷᠦᠩᠬᠡᠶᠢᠯᠡᠭᠰᠡᠨ ᠬᠡᠪ ᠴᠢᠨᠠᠷ ᠢ ᠦᠨᠡᠨᠬᠦ ᠳᠡᠭᠡᠭᠰᠢᠯᠡᠭᠦᠯᠦᠨ᠂ ᠲᠤᠬᠠᠶᠢᠯᠠᠭᠰᠠᠨ ᠠᠵᠢᠯ ᠳᠠᠭᠠᠨ | ᠴᠠᠭᠠᠷᠠᠭᠰᠠᠨ᠂ ᠣᠪᠣᠷ ᠰᠤᠷᠲᠠᠯ ᠰᠢᠯᠢᠳᠡᠭ ᠦᠨᠳᠦᠰᠦᠨ ᠱᠠᠲᠤᠨ ᠤ ᠠᠮᠢ ᠠᠬᠤᠢ ᠶᠢᠨ ᠬᠠᠮᠠᠭᠠᠯᠠᠯᠲᠠ ᠶᠢᠨ ᠡᠩᠨᠡᠭᠡ ᠶᠢ ᠬᠦᠴᠦᠯᠡᠨ ᠪᠠᠶᠢᠭᠤᠯᠵᠤ᠂ ᠳ᠋ᠦᠩᠱᠧᠩ | ᠲᠣᠭᠤᠷᠢᠭ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠬᠡᠵᠡᠢ᠃ | ᠭᠤᠸ ᠢ ᠳ᠋ᠦᠩ ᠪᠠᠰᠠ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠴᠡᠭᠴᠡᠯᠡᠨ ᠵᠠᠰᠠᠬᠤ ᠠᠵᠢᠯ ᠤᠨ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠪᠠ᠃ | ᠲᠡᠷᠡ᠂ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠴᠡᠭᠴᠡᠯᠡᠨ ᠵᠠᠰᠠᠬᠤ ᠠᠵᠢᠯ ᠤᠨ ᠴᠢᠬᠤᠯᠠ ᠴᠢᠨᠠᠷ ᠪᠣᠯᠣᠨ ᠪᠠᠴᠢᠮ ᠲᠤᠯᠭᠠᠮᠳᠠᠭᠤ ᠴᠢᠨᠠᠷ ᠢ ᠭᠦᠢᠴᠡᠳ | ᠲᠠᠨᠢᠵᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠤᠨ᠂ ᠲᠡᠭᠡᠭᠡᠪᠦᠷᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠢᠷᠤᠮᠵᠢᠭᠤᠯᠤᠨ | ᠠᠰᠢᠭᠯᠠᠵᠤ ᠰᠢᠢᠳᠪᠦᠷᠢᠯᠡᠨ᠂ ᠱᠠᠲᠤ ᠦᠶ᠎ᠡ ᠶᠢᠨ ᠴᠢᠨᠠᠷᠲᠠᠢ ᠪᠠᠷ ᠲᠥᠪᠯᠡᠷᠡᠭᠦᠯᠦᠨ ᠴᠡᠭᠴᠡᠯᠡᠨ ᠵᠠᠰᠠᠬᠤ ᠪᠠ ᠪᠠᠶᠢᠩᠭᠤᠵᠢᠭᠤᠯᠤᠨ ᠴᠢᠩᠭ᠎ᠠ ᠬᠢᠨᠠᠨ ᠬᠠᠮᠢᠶᠠᠷᠬᠤ ᠶᠢ | ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠪᠠᠷᠢᠯᠭ᠎ᠠ ᠶᠢᠨ ᠬᠤᠭ ᠨᠣᠪᠰᠢ ᠶᠢ ᠵᠠᠰᠠᠬᠤ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠪᠠᠷᠢᠯᠭ᠎ᠠ ᠶᠢᠨ ᠬᠤᠭ ᠨᠣᠪᠰᠢ ᠶᠢ ᠴᠡᠭᠴᠡᠯᠡᠨ ᠵᠠᠰᠠᠬᠤ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠠᠶᠢᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠳᠡᠢ ᠬᠡᠵᠡᠢ᠃ | | | |