ᠳᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/17
      4 ᠰᠠᠷ᠎ᠠ ᠶᠢᠨ 16 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠴᠢᠬᠤᠯᠠ ᠪᠢᠴᠢᠭ ᠮᠠᠲ᠋ᠧᠷᠢᠶᠠᠯ᠂ ᠲᠥᠪ ᠤᠨ ᠬᠤᠯᠪᠣᠭᠳᠠᠯ ᠪᠦᠬᠦᠢ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠠᠮᠢ ᠠᠬᠤᠢ ᠶᠢᠨ ᠬᠠᠮᠠᠭᠠᠯᠠᠯᠲᠠ᠂ ᠨᠢᠭᠡᠳᠦᠮᠡᠯ ᠹᠷᠣᠨᠲ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ  ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃       ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠬᠦᠷᠰᠢ ᠵᠡᠷᠬᠡᠯᠡᠳᠡᠭᠡ ᠶᠢᠨ ᠠᠵᠢᠯ ᠤᠨ ᠬᠤᠷᠠᠯᠳᠤᠭᠠᠨ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠨᠡᠶᠢᠰᠯᠡᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ︽ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠠᠤᠭ᠎ᠠ ᠬᠠᠷᠠᠯᠲᠠ ᠵᠦᠭ ᠡᠷᠡᠯᠬᠡᠭᠯᠡᠨ ᠤᠷᠤᠭᠰᠢᠯᠠᠶ᠎ᠠ︾ ᠬᠡᠬᠦ ᠴᠢᠬᠤᠯᠠ ᠵᠣᠬᠢᠶᠠᠯ ᠤᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ᠂ ᠴᠢᠬᠤᠯᠠ ᠪᠢᠴᠢᠭ ᠮᠠᠲ᠋ᠧᠷᠢᠶᠠᠯ᠂ ᠲᠥᠪ ᠤᠨ ᠬᠤᠯᠪᠣᠭᠳᠠᠯ ᠪᠦᠬᠦᠢ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠪᠥᠬᠦ ᠤᠯᠤᠰ ᠪᠥᠬᠦ ᠣᠷᠣᠨ ᠤ ᠠᠵᠢᠯ ᠤᠨ ᠶᠡᠭᠡ ᠲᠠᠯ᠎ᠠ ᠶᠢ ᠳᠠᠭᠠᠬᠤ ᠪᠠ ᠲᠡᠭᠦᠨ ᠳᠤ ᠦᠢᠯᠡᠴᠢᠯᠡᠬᠦ ᠠᠴᠠ ᠡᠭᠦᠰᠴᠦ᠂ ᠬᠦᠷᠰᠢ ᠵᠡᠷᠬᠡᠯᠡᠳᠡᠭᠡ ᠶᠢᠨ ᠠᠵᠢᠯ ᠤᠨ ᠶᠠᠰᠤ ᠴᠢᠨᠠᠷ ᠪᠠ ᠲᠠᠰ ᠳᠠᠪᠬᠤᠷᠭ᠎ᠠ ᠶᠢᠨ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠠᠳᠠᠭᠠᠳᠤ ᠨᠡᠭᠡᠭᠡᠯᠲᠡ᠂ ᠶᠠᠪᠤᠯᠴᠠᠭ᠎ᠠ ᠬᠠᠮᠲᠤᠷᠠᠯᠴᠠᠭ᠎ᠠ ᠶᠢᠨ ᠳᠤᠮᠳᠠ ᠬᠠᠷᠢᠴᠠᠭᠤᠯᠤᠭᠰᠠᠨ ᠳᠠᠪᠠᠭᠤᠯᠢᠭ ᠢᠶᠠᠨ ᠭᠦᠨᠵᠡᠭᠡᠢ ᠠᠭᠤᠳᠠᠯᠤᠨ ᠭᠦᠢᠴᠡᠳ ᠪᠠᠳᠠᠷᠠᠭᠤᠯᠵᠤ᠂ ᠭᠠᠳᠠᠭᠠᠳᠤ ᠶᠠᠪᠤᠳᠠᠯ ᠤᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠨᠣᠭᠤᠭᠠᠷᠠᠭᠤᠯᠤᠯᠲᠠ ᠶᠢ ᠥᠷᠭᠡᠳᠬᠡᠬᠦ᠂ ᠨᠣᠭᠤᠭᠠᠷᠠᠭᠤᠯᠤᠯᠲᠠ ᠶᠢ ᠬᠥᠭᠵᠢᠭᠦᠯᠬᠦ᠂ ᠨᠣᠭᠤᠭᠠᠷᠠᠭᠤᠯᠤᠯᠲᠠ ᠶᠢ ᠬᠠᠮᠠᠭᠠᠯᠠᠬᠤ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠣᠶ ᠶᠢᠨ ᠬᠤᠷᠮᠣᠢ ᠶᠢᠨ ᠠᠵᠤ ᠠᠬᠤᠢ᠂ ᠠᠮᠢ ᠠᠬᠤᠢ ᠶᠢᠨ ᠵᠢᠭᠤᠯᠴᠢᠯᠠᠯ ᠵᠡᠷᠭᠡ ᠣᠨᠴᠠᠯᠢᠭᠲᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠢ ᠦᠨᠡᠨᠬᠦ ᠰᠠᠶᠢᠲᠤᠷ ᠬᠢᠵᠦ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ ᠬᠡᠵᠡᠢ᠃       ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠢ ᠤᠯᠠᠮ ᠴᠢᠨᠠᠭᠰᠢᠳᠠ ᠰᠤᠷᠤᠯᠴᠠᠵᠤ᠂ ᠪᠦᠬᠦ ᠳᠤᠭᠤᠷᠢᠭ ᠢᠶᠠᠷ ᠢᠶᠠᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠬᠦᠷᠬᠡᠯᠡᠨ᠂ ᠬᠠᠮᠤᠭ ᠤᠨ ᠴᠢᠩᠭ᠎ᠠ ᠪᠠᠷᠢᠮᠵᠢᠶ᠎ᠠ ᠪᠠᠷ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢ ᠪᠠᠷᠢᠮᠲᠠᠯᠠᠵᠤ᠂ ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠨᠠᠮ ᠤᠨ ᠰᠤᠷᠲᠠᠯ ᠤᠨ ᠪᠠᠶᠢᠭᠤᠯᠤᠯᠲᠠ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠨᠢᠭᠡᠳᠦᠮᠡᠯ ᠹᠷᠣᠨᠲ ᠤᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠲᠣᠭᠲᠠᠭᠠᠯ︾ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠳ᠋ᠦᠩᠱᠧᠩ ᠲᠣᠭᠤᠷᠢᠭ ᠤᠨ ᠨᠢᠭᠡᠳᠦᠮᠡᠯ ᠹᠷᠣᠨᠲ ᠤᠨ ᠠᠵᠢᠯ ᠤᠨ ᠪᠠᠶᠢᠳᠠᠯ ᠤᠨ ᠮᠡᠳᠡᠬᠦᠯᠦᠯᠳᠡ ᠶᠢ ᠰᠣᠨᠣᠰᠴᠤ᠂︽ᠳ᠋ᠦᠩᠱᠧᠩ ᠲᠣᠭᠤᠷᠢᠭ ᠤᠨ 2025 ᠣᠨ ᠤ ᠵᠠᠰᠠᠭ ᠨᠠᠮ ᠤᠨ ᠵᠥᠪᠯᠡᠬᠦ ᠲᠥᠯᠥᠪᠯᠡᠭᠡ︾ ᠶᠢ ᠰᠤᠳᠤᠯᠤᠨ ᠬᠢᠨᠠᠨ ᠵᠥᠪᠯᠡᠵᠦ᠂ ᠤᠯᠤᠰ ᠲᠦᠷᠦ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠨ᠂ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳᠴᠢᠯᠠᠭᠰᠠᠨ ᠨᠠᠮ ᠪᠦᠯᠦᠭ ᠵᠡᠷᠭᠡ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠨᠢᠭᠡᠳᠦᠮᠡᠯ ᠹᠷᠣᠨᠲ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠮᠠᠨ ᠤ ᠳᠤᠭᠤᠷᠢᠭ ᠤᠨ ᠨᠢᠭᠡᠳᠦᠮᠡᠯ ᠹᠷᠣᠨᠲ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ︽ᠳ᠋ᠦᠩᠱᠧᠩ ᠲᠣᠭᠤᠷᠢᠭ ᠤᠨ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠲᠤᠬᠠᠢ 2025 ᠣᠨ ᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠳᠠᠩᠰᠠ︾ ᠶᠢ ᠰᠤᠳᠤᠯᠤᠨ ᠬᠢᠨᠠᠨ ᠵᠥᠪᠯᠡᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠳᠠᠨᠢᠨ᠂ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠣᠶᠣᠯ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠰᠣᠶᠣᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠪᠠ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ