ᠳ᠋ᠦᠩᠱᠧᠩ ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠨᠠᠷ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2025/4/17
      4 ᠰᠠᠷ᠎ᠠ ᠶᠢᠨ 16 ᠤ ᠦᠳᠡ ᠶᠢᠨ ᠡᠮᠦᠨ᠎ᠡ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ  ᠱᠦᠵᠢ ᠭᠤᠣ ᠢ ᠳ᠋ᠦᠩ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠡᠷᠭᠡ ᠲᠣᠭᠤᠷᠢᠭ ᠤᠨ ᠳᠦᠷᠪᠡᠨ ᠶᠡᠭᠡ  ᠤᠳᠤᠷᠢᠳᠬᠤ ᠪᠠᠭ ᠤᠨ ᠤᠳᠤᠷᠢᠳᠤᠯᠭ᠎ᠠ ᠨᠠᠷ ᠲᠦᠩᠴᠤᠸᠠᠨ ᠪᠠᠯᠭᠠᠰᠤᠨ ᠤ ᠳᠡᠷᠡᠰᠤᠳᠤ ᠲᠣᠰᠬᠤᠨ ᠤ ᠳᠡᠷᠡᠰᠤᠳᠤ ᠶᠢᠨ ᠳᠠᠯ᠎ᠠ  ᠳᠠᠬᠢ  ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠰᠠᠭᠤᠷᠢᠨ ᠭᠠᠵᠠᠷ ᠲᠤ ᠬᠦᠷᠴᠤ ᠡᠯ᠎ᠡ ᠪᠠᠶᠢᠭᠤᠯᠭ᠎ᠠ ᠨᠢᠬᠡᠴᠡ ᠶᠢᠨ ᠠᠵᠢᠯᠳᠠᠳ ᠲᠠᠢ ᠬᠠᠮᠳᠤ ᠠᠯᠪᠠᠨ ᠵᠢᠷᠦᠮ ᠤᠨ ᠮᠤᠳᠤ ᠳᠠᠷᠢᠬᠤ ᠠᠵᠢᠯᠯᠠᠭ᠎ᠠ ᠳᠤ ᠤᠷᠤᠯᠴᠠᠨ᠂ ᠪᠣᠳᠠᠲᠤ ᠠᠵᠢᠯᠯᠠᠭ᠎ᠠ ᠪᠠᠷ ᠢᠶᠠᠨ ᠠᠮᠢ ᠠᠬᠤᠢ ᠶᠢᠨ ᠪᠣᠯᠪᠠᠰᠤᠨ ᠤ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠪᠠ᠃       ᠲᠣᠭᠤᠷᠢᠭ ᠤᠨ ᠤᠳᠤᠷᠢᠳᠤᠯᠭ᠎ᠠ ᠨᠠᠷ ᠮᠣᠳᠣ ᠲᠠᠷᠢᠬᠤ ᠲᠤᠬᠠᠢ ᠶᠢᠨ ᠲᠠᠯᠠᠪᠠᠢ ᠳᠤ ᠬᠦᠷᠦᠮᠡᠭᠴᠡ᠂ ᠨᠠᠮ ᠤᠨ ᠭᠡᠰᠢᠭᠦᠨ ᠺᠠᠳ᠋ᠷᠴᠤᠳ ᠲᠠᠢ ᠬᠠᠮᠲᠤ ᠬᠥᠳᠡᠯᠮᠦᠷᠢ ᠳᠤ ᠣᠷᠣᠯᠴᠠᠵᠤ᠂ ᠤᠯᠠᠨ ᠢᠶᠠᠷ ᠢᠶᠠᠨ ᠬᠦᠷᠵᠡ ᠬᠤᠷᠤᠶᠢᠯᠠᠵᠤ ᠰᠢᠷᠣᠢ ᠮᠠᠯᠲᠠᠵᠤ᠂ ᠴᠢᠴᠡᠷᠭᠠᠨ᠎ᠠ ᠶᠢᠨ ᠰᠤᠶᠤᠭ᠎ᠠ ᠶᠢ ᠪᠤᠯᠠᠵᠤ᠂ ᠲᠤᠬᠠᠢ ᠶᠢᠨ ᠲᠠᠯᠠᠪᠠᠢ ᠳᠤ ᠬᠦᠷ ᠬᠥᠭᠵᠢᠶᠡᠨ ᠲᠠᠢ ᠬᠥᠳᠡᠯᠮᠦᠷᠢ ᠶᠢᠨ ᠪᠠᠶᠢᠳᠠᠯ ᠢᠯᠡᠷᠡᠵᠡᠢ᠃ ᠭᠤᠸ ᠢ ᠳ᠋ᠦᠩ ᠵᠡᠷᠭᠡ ᠲᠣᠭᠤᠷᠢᠭ ᠤᠨ ᠤᠳᠤᠷᠢᠳᠤᠯᠭ᠎ᠠ ᠨᠠᠷ ᠨᠢᠭᠡ ᠲᠠᠯ᠎ᠠ ᠪᠠᠷ ᠬᠥᠳᠡᠯᠮᠦᠷᠢᠯᠡᠵᠦ᠂ ᠨᠥᠭᠦᠭᠡ ᠲᠠᠯ᠎ᠠ ᠪᠠᠷ ᠣᠶ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠤᠨ ᠠᠵᠢᠯᠲᠠᠳ ᠲᠠᠢ ᠭᠦᠨᠵᠡᠭᠡᠢ ᠶᠠᠷᠢᠯᠴᠠᠨ᠂ ᠰᠤᠶᠤᠭ᠎ᠠ ᠮᠣᠳᠣᠨ ᠤ ᠲᠥᠷᠥᠯ ᠵᠦᠢᠯ᠂ ᠶᠠᠰᠤ ᠴᠢᠨᠠᠷ ᠢ ᠨᠠᠷᠢᠨ ᠨᠢᠮᠪᠠᠢ ᠠᠰᠠᠭᠤᠨ ᠯᠠᠪᠯᠠᠵᠤ᠂ ᠬᠠᠪᠤᠷ ᠤᠨ ᠤᠯᠠᠷᠢᠯ ᠤᠨ ᠮᠣᠳᠣ ᠳᠠᠷᠢᠵᠤ ᠣᠶᠢᠵᠢᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠣᠶᠢᠯᠠᠭᠠᠪᠠ᠃ ᠭᠤᠸ ᠢ ᠳ᠋ᠦᠩ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠣᠭᠤᠭᠠᠷᠠᠭᠤᠯᠤᠯᠲᠠ ᠶᠢ ᠬᠥᠭᠵᠢᠭᠦᠯᠬᠦ᠂ ᠨᠣᠭᠤᠭᠠᠷᠠᠭᠤᠯᠤᠯᠲᠠ ᠶᠢ ᠬᠠᠮᠠᠭᠠᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠳᠠᠯᠠᠨ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠥᠷᠭᠡᠨ ᠢᠶᠠᠷ ᠳᠠᠶᠢᠴᠢᠯᠠᠨ ᠢᠳᠡᠪᠬᠢᠲᠡᠢ ᠣᠷᠣᠯᠴᠠᠭᠤᠯᠵᠤ᠂ ᠣᠶᠢᠵᠢᠭᠤᠯᠵᠤ ᠨᠣᠭᠤᠭᠠᠷᠠᠭᠤᠯᠬᠤ᠂ ᠠᠷᠠᠴᠢᠯᠠᠨ ᠪᠣᠶᠢᠵᠢᠭᠤᠯᠵᠤ ᠬᠠᠮᠢᠶᠠᠷᠴᠤ ᠬᠠᠮᠠᠭᠠᠯᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠴᠢᠨᠠᠷ ᠰᠠᠶᠢᠲᠠᠢ ᠬᠥᠭᠵᠢᠯᠲᠡ ᠶᠢᠨ ᠨᠤᠭᠤᠭᠠᠨ ᠦᠩᠬᠡ ᠶᠢᠨ ᠰᠠᠭᠤᠷᠢ ᠶᠢ ᠲᠠᠰᠤᠷᠠᠯᠲᠠ ᠦᠭᠡᠢ ᠦᠳᠬᠡᠷᠡᠬᠦᠯᠬᠦ ᠬᠡᠷᠡᠭᠲᠡᠢ ᠭᠡᠵᠡᠢ᠃ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠮᠢ ᠠᠬᠤᠢ ᠶᠢ ᠰᠡᠷᠭᠦᠭᠡᠬᠦ ᠪᠠ ᠠᠵᠤ ᠦᠢᠯᠡᠰ ᠤᠨ ᠬᠥᠭᠵᠢᠯᠲᠡ ᠶᠢ ᠬᠠᠷᠢᠯᠴᠠᠨ ᠤᠶᠠᠯᠳᠤᠭᠤᠯᠬᠤ ᠵᠠᠭᠪᠤᠷ ᠢ ᠬᠡᠷᠡᠭᠵᠢᠬᠦᠯᠵᠤ᠂ ᠠᠮᠢ ᠠᠬᠤᠢ ᠶᠢᠨ ᠦᠷ᠎ᠡ ᠠᠰᠢᠭ ᠬᠢᠭᠡᠳ ᠠᠵᠤ ᠠᠬᠤᠢ ᠶᠢᠨ ᠦᠷ᠎ᠡ ᠠᠰᠢᠭ ᠤᠨ ᠬᠤᠣᠰ ᠠᠮᠵᠢᠯᠲᠠ ᠶᠢ ᠪᠡᠶᠡᠯᠡᠭᠦᠯᠬᠦ ᠬᠡᠷᠡᠭᠲᠡᠢ᠃ ᠰᠤᠶᠤᠭ᠎ᠠ ᠮᠣᠳᠣ ᠶᠢ ᠰᠢᠨᠵᠢᠯᠡᠬᠦ ᠤᠬᠠᠭᠠᠨᠴᠢ ᠪᠠᠷ ᠰᠣᠩᠭᠤᠵᠤ᠂ ᠲᠦᠷᠢᠮᠵᠢᠬᠦᠯᠦᠨ ᠳᠠᠷᠢᠵᠤ᠂ ᠰᠡᠭᠦᠯᠴᠢ ᠶᠢᠨ ᠬᠤᠭᠤᠴᠠᠭᠠᠨ ᠤ ᠠᠷᠠᠴᠢᠯᠠᠨ ᠬᠠᠮᠠᠭᠠᠯᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠢᠭᠡ ᠬᠡᠰᠡᠭ ᠲᠠᠷᠢᠪᠠᠯ ᠨᠢᠭᠡ ᠬᠡᠰᠡᠭ ᠢ ᠠᠮᠢᠯᠠᠭᠤᠯᠵᠤ᠂ ᠨᠢᠭᠡ ᠬᠡᠰᠡᠭ ᠢ ᠨᠣᠭᠤᠭᠠᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠬᠡᠵᠡᠢ᠃       ᠣᠶᠢᠯᠠᠭᠠᠭᠰᠠᠨ ᠢᠶᠠᠷ᠂ 2025 ᠣᠨ ᠳᠤ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠴᠠᠭ ᠨᠢ ᠨᠢᠭᠡ ᠰᠠᠷ᠎ᠠ ᠶᠢᠨ ᠬᠤᠭᠤᠴᠠᠭ᠎ᠠ ᠲᠠᠢ ᠪᠠᠶᠢᠵᠤ᠂ ᠪᠥᠬᠦ ᠵᠢᠯ ᠳᠤ 95 ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠳᠠᠷᠢᠬᠤ ᠡᠭᠦᠷᠭᠡ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠂ ᠡᠭᠦᠨ ᠳᠤ ᠭᠤᠣᠯᠳᠠᠭᠤ ᠣᠶᠢᠵᠢᠭᠤᠯᠵᠤ ᠨᠣᠭᠤᠭᠠᠷᠠᠭᠤᠯᠬᠤ᠂ ᠠᠷᠠᠴᠢᠯᠠᠨ ᠪᠣᠶᠢᠵᠢᠭᠤᠯᠵᠤ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠪᠠᠨ ᠭᠦᠢᠴᠡᠳᠬᠡᠬᠦ ᠠᠷᠭ᠎ᠠ ᠮᠠᠶ᠋ᠢᠭ ᠢᠶᠠᠷ ᠭᠤᠣᠯᠯᠠᠭᠤᠯᠵᠤ᠂ ᠲᠥᠪᠯᠡᠷᠡᠭᠦᠯᠦᠨ ᠣᠶᠢᠵᠢᠭᠤᠯᠵᠤ ᠨᠣᠭᠤᠭᠠᠷᠠᠭᠤᠯᠬᠤ ᠭᠠᠵᠠᠷ ᠨᠢ ᠲᠦᠩᠴᠤᠸᠠᠨ ᠪᠠᠯᠭᠠᠰᠤ᠂ ᠬᠠᠨᠲᠠᠶ ᠪᠠᠯᠭᠠᠰᠤᠨ ᠤ ᠬᠠᠨᠲᠠᠶ ᠲᠣᠰᠬᠤᠨ ᠪᠣᠯᠣᠨ᠎ᠠ︔ ᠲᠥᠪᠯᠡᠷᠡᠭᠦᠯᠦᠨ ᠠᠷᠠᠴᠢᠯᠠᠨ ᠪᠣᠶᠢᠵᠢᠭᠤᠯᠵᠤ ᠬᠠᠮᠢᠶᠠᠷᠤᠨ ᠬᠠᠮᠠᠭᠠᠯᠠᠬᠤ ᠭᠠᠵᠠᠷ ᠨᠢ ᠬᠠᠨᠳᠠᠢ ᠪᠠᠯᠭᠠᠰᠤᠨ ᠤ ᠬᠠᠨ ᠵᠢᠶᠠ ᠲᠠ ᠲᠣᠰᠬᠤᠨ᠂ ᠪᠦᠷᠢᠳᠦ ᠲᠣᠰᠬᠤᠨ᠂ ᠵᠤᠤᠬ᠎ᠠ ᠶᠢᠨ ᠬᠤᠭᠤᠯᠠᠢ ᠲᠣᠰᠬᠤᠨ᠂ ᠶᠦᠩ ᠱᠧᠩ ᠲᠣᠰᠬᠤᠨ ᠪᠣᠯᠣᠨ᠎ᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ