4 ᠰᠠᠷ᠎ᠡ ᠶᠢᠨ 15 ᠤ ᠡᠳᠤᠷ᠂ ᠳ᠋ᠦᠡᠭᠱᠸᠡᠭ ᠳᠤᠭᠤᠷᠢᠭ ᠬᠡᠷ ᠪᠦᠯᠢ ᠰᠤᠷᠭᠠᠭᠤᠯᠢ ᠨᠡᠶᠢᠬᠡᠮ ᠲᠤᠭᠤᠷᠢᠭ | ᠬᠠᠮᠵᠢᠯᠴᠠᠨ ᠬᠦᠮᠦᠨ ᠢ ᠬᠦᠮᠦᠵᠢᠬᠦᠯᠬᠦ ︽ᠰᠤᠷᠭᠠᠨ ᠬᠦᠮᠦᠵᠢᠯ ᠤᠨ ᠬᠤᠯᠪᠤᠭᠠᠳᠤ ᠴᠤᠭᠴᠠ︾ ᠶᠢ ᠪᠠᠶᠢᠭᠤᠯᠪᠠ᠃ | ᠳ᠋ᠦᠡᠭᠱᠸᠡᠭ ᠳᠤᠭᠤᠷᠢᠭ ᠤᠨ 139 ᠰᠤᠷᠭᠠᠭᠤᠯᠢ᠂ 81 ᠨᠡᠶᠢᠬᠡᠮ ᠳᠤᠭᠤᠷᠢᠭ᠂ 11 ᠳᠦᠮᠡᠨ ᠬᠡᠷ ᠪᠦᠯᠢ | ᠤᠷᠤᠯᠴᠠᠵᠤ ᠰᠤᠷᠭᠠᠨ ᠬᠦᠮᠦᠵᠢᠯ ᠤᠨ ᠬᠤᠯᠪᠤᠭᠠᠳᠤ ᠴᠤᠭᠴᠠ ᠶᠢ ᠪᠦᠷᠢᠯᠳᠦᠬᠦᠯᠪᠡ᠃ ᠠᠵᠢᠯᠯᠠᠭ᠎ᠠ ᠶᠢᠨ ᠳᠤᠮᠳᠠ | ︽ᠳ᠋ᠦᠩᠱᠧᠩ ᠲᠣᠭᠤᠷᠢᠭ ᠤᠨ ᠬᠡᠷ ᠪᠦᠯᠢ ᠰᠤᠷᠭᠠᠭᠤᠯᠢ ᠨᠡᠶᠢᠭᠡᠮ ᠲᠤᠭᠤᠷᠢᠭ ᠬᠠᠮᠵᠢᠯᠴᠠᠨ ᠬᠥᠮᠦᠨ ᠢ ᠬᠥᠮᠦᠵᠢᠭᠦᠯᠬᠦ | ︿ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ﹀ ᠶᠢᠨ ᠠᠵᠢᠯ ᠤᠨ ᠠᠵᠢᠯᠯᠠᠭᠠᠨ ᠤ ᠲᠥᠰᠦᠯ︾ ᠳᠤ ᠲᠠᠶᠢᠯᠤᠮᠵᠢ | ᠬᠢᠪᠠ︔ ︽ᠬᠤᠶᠠᠳᠤᠭᠠᠷ ᠬᠤᠭᠤᠴᠠᠭᠠᠨ ᠤ ᠬᠡᠷ ᠪᠦᠯᠢ ᠶᠢᠨ ᠰᠤᠷᠭᠠᠨ ᠬᠥᠮᠦᠵᠢᠯ ᠤᠨ ᠵᠢᠯᠣᠭᠤᠳᠤᠭᠴᠢ ᠪᠠᠭᠰᠢ︾ | ᠳᠤ ᠤᠷᠢᠯᠭ᠎ᠠ ᠶᠢᠨ ᠪᠢᠴᠢᠭ ᠣᠯᠭᠤᠭᠰᠠᠨ ᠪᠥᠭᠡᠳ ᠲᠤᠷᠰᠢᠯᠭ᠎ᠠ ᠪᠠᠨ ᠬᠤᠪᠢᠶᠠᠯᠴᠠᠪᠠ᠃ | | | | | | ᠲᠣᠰ ᠤᠳᠠᠭᠠᠨ ᠤ ︽ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ︾ ᠶᠢ ᠪᠠᠶᠢᠭᠤᠯᠤᠭᠰᠠᠨ ᠨᠢ ᠰᠤᠷᠭᠠᠨ | ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠡᠷ ᠪᠦᠯᠢ ᠰᠤᠷᠭᠠᠭᠤᠯᠢ ᠨᠡᠶᠢᠭᠡᠮ ᠲᠤᠭᠤᠷᠢᠭ ᠭᠤᠷᠪᠠᠨ | ᠲᠠᠯ᠎ᠠ ᠪᠠᠷ ᠢᠶᠠᠨ ᠨᠢᠭᠲᠠ ᠬᠠᠮᠲᠤᠷᠠᠯᠴᠠᠬᠤ ᠶᠢ ᠠᠬᠢᠭᠤᠯᠤᠨ᠂ ᠰᠢᠨ᠎ᠡ ᠴᠠᠭ ᠦᠶ᠎ᠡ ᠶᠢᠨ ᠰᠢᠯᠢᠳᠡᠭ ᠴᠢᠳᠠᠪᠤᠷᠢᠲᠠᠨ ᠢ | ᠬᠠᠮᠲᠤ ᠪᠠᠷ ᠬᠥᠮᠦᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠷᠡᠭᠦᠯ ᠴᠢᠭᠢᠷᠠᠭ ᠪᠠᠶᠠᠷ | ᠬᠥᠷ ᠲᠠᠢ ᠪᠠᠷ ᠦᠰᠦᠨ ᠪᠤᠶᠢᠵᠢᠬᠤ ᠪᠠᠷ ᠬᠠᠷᠠᠯᠲᠠ ᠪᠣᠯᠭᠠᠨ᠂ ᠰᠤᠷᠭᠠᠭᠤᠯᠢ ᠪᠠᠷ ᠲᠣᠭᠤᠷᠢᠭ ᠤᠨ ᠲᠥᠪ ᠪᠣᠯᠭᠠᠵᠤ᠂ | ᠣᠷᠣᠨ ᠪᠦᠰᠡ ᠪᠠᠷ ᠭᠤᠤᠯ ᠴᠣᠭᠴᠠ ᠪᠣᠯᠭᠠᠨ᠂ ᠡᠬᠢ ᠪᠠᠶᠠᠯᠢᠭ ᠢᠶᠠᠷ ᠬᠤᠯᠪᠣᠭᠠᠰᠤ ᠪᠣᠯᠭᠠᠵᠤ᠂ ᠪᠥᠬᠦ ᠬᠡᠯᠬᠢᠶᠠᠨ ᠤ | ᠬᠥᠮᠦᠨ ᠢ ᠬᠥᠮᠦᠵᠢᠭᠦᠯᠬᠦ ᠠᠮᠢ ᠠᠬᠤᠶ ᠶᠢ ᠪᠣᠶ ᠪᠣᠯᠭᠠᠵᠤ᠂ ᠬᠡᠤᠬᠡᠳ ᠨᠢᠭᠡᠪᠦᠷᠢ ᠶᠢᠨ ᠡᠷᠡᠭᠦᠯ ᠢᠶᠠᠷ ᠦᠰᠦᠨ | ᠪᠤᠶᠢᠵᠢᠬᠤ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠶᠢᠨ ᠲᠥᠯᠥᠭᠡ ᠶᠤᠮ᠃ | | | | | | ︽ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ︾ ᠶᠢᠨ ᠪᠠᠶᠢᠭᠤᠯᠤᠭᠳᠠᠭᠰᠠᠨ ᠨᠢ ᠰᠤᠷᠭᠠᠭᠤᠯᠢ᠂ ᠭᠡᠷ | ᠪᠦᠯᠢ᠂ ᠨᠡᠶᠢᠭᠡᠮ ᠲᠤᠭᠤᠷᠢᠭ ᠤᠨ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠣᠯᠠᠨ ᠲᠠᠯ᠎ᠠ ᠶᠢᠨ | ᠬᠠᠮᠳᠤᠷᠠᠯᠴᠠᠭ᠎ᠠ ᠪᠠᠷ᠂ ᠪᠢᠳᠡ ᠪᠥᠬᠦ ᠲᠠᠯ᠎ᠠ ᠪᠠᠷ ᠬᠥᠮᠥᠨ ᠢ ᠬᠥᠮᠥᠵᠢᠭᠦᠯᠬᠦ ᠲᠤᠭᠳᠠᠯᠴᠠᠭ᠎ᠠ ᠶᠢ ᠪᠠᠶᠢᠭᠤᠯᠵᠤ᠂ | ᠰᠤᠷᠤᠭᠴᠢᠳ ᠤᠨ ᠪᠥᠬᠦ ᠲᠠᠯ᠎ᠠ ᠪᠠᠷ ᠦᠰᠦᠨ ᠪᠣᠶᠢᠵᠢᠬᠤ ᠳᠤ ᠬᠦᠴᠦᠨ ᠨᠡᠮᠡᠷᠢᠯᠡᠬᠦ ᠪᠤᠯᠤᠨ᠎ᠠ︾᠃ | — ᠳ᠋ᠦᠩᠱᠧᠩ ᠲᠣᠭᠤᠷᠢᠭ ᠤᠨ ᠳ᠋ᠦᠩ ᠹᠠᠩ | ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠵᠠᠬᠢᠷᠤᠯ ᠵᠠᠩ ᠶᠢᠨ | ︽ᠳ᠋ᠦᠩᠱᠧᠩ ᠲᠣᠭᠤᠷᠢᠭ ᠤᠨ ᠬᠡᠷ ᠪᠦᠯᠢ ᠰᠤᠷᠭᠠᠭᠤᠯᠢ ᠨᠡᠶᠢᠭᠡᠮ ᠲᠤᠭᠤᠷᠢᠭ ᠬᠠᠮᠵᠢᠯᠴᠠᠨ ᠬᠥᠮᠥᠨ ᠢ | ᠬᠥᠮᠥᠵᠢᠭᠦᠯᠬᠦ ︿ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ﹀ ᠶᠢᠨ ᠠᠵᠢᠯ ᠤᠨ ᠠᠵᠢᠯᠯᠠᠭᠠᠨ ᠤ ᠲᠥᠰᠥᠯ︾ | ᠨᠢ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2025 — 2027︶ ᠪᠠᠷ ᠳᠡᠮᠵᠢᠨ᠂ ᠳ᠋ᠦᠩᠱᠧᠩ | ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ︽ᠰᠤᠷᠭᠠᠨ ᠬᠥᠮᠥᠵᠢᠯ ᠤᠨ ᠬᠤᠯᠪᠣᠭᠠᠲᠤ ᠴᠣᠭᠴᠠ︾ ᠪᠠᠷ | ᠭᠠᠷᠳᠠᠴᠠ ᠪᠣᠯᠭᠠᠵᠤ᠂ ᠣᠷᠳᠣᠨ ᠪᠠ ᠰᠤᠷᠭᠠᠭᠤᠯᠢ ᠬᠠᠮᠵᠢᠯᠴᠠᠬᠤ᠂ ᠡᠮ ᠡᠮᠨᠡᠯᠬᠡ ᠪᠠ ᠰᠤᠷᠭᠠᠨ ᠬᠥᠮᠥᠵᠢᠯ | ᠬᠠᠷᠢᠯᠴᠠᠨ ᠠᠬᠢᠭᠤᠯᠬᠤ᠂ ᠪᠡᠶ᠎ᠡ ᠶᠢᠨ ᠲᠠᠮᠢᠷ ᠪᠠ ᠰᠤᠷᠭᠠᠨ ᠬᠥᠮᠥᠵᠢᠯ ᠬᠠᠷᠢᠯᠴᠠᠨ ᠠᠭᠤᠰᠤᠯᠴᠠᠬᠤ᠂ ᠭᠡᠷ ᠪᠦᠯᠢ ᠪᠠ | ᠰᠤᠷᠭᠠᠭᠤᠯᠢ ᠬᠠᠷᠢᠯᠴᠠᠨ ᠬᠥᠳᠡᠯᠦᠯᠴᠡᠬᠦ᠂ ᠨᠡᠶᠢᠭᠡᠮ ᠲᠤᠭᠤᠷᠢᠭ ᠪᠠ ᠰᠤᠷᠭᠠᠨ ᠬᠥᠮᠥᠵᠢᠯ ᠢᠵᠢᠯ ᠠᠯᠬᠤᠮ ᠲᠠᠢ | ᠪᠠᠶᠢᠬᠤ᠂ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠪᠠ ᠰᠤᠷᠭᠠᠭᠤᠯᠢ ᠬᠠᠮᠵᠢᠯᠴᠠᠨ ︽ᠠᠮᠤᠷ ᠠᠮᠤᠭᠤᠯᠠᠩ | ᠰᠤᠷᠭᠠᠭᠤᠯᠢ ᠶᠢᠨ ᠬᠦᠷᠢᠶ᠎ᠡ︾ ᠶᠢ ᠪᠠᠶᠢᠭᠤᠯᠬᠤ ᠵᠡᠷᠭᠡ ᠲᠠᠯ᠎ᠠ ᠪᠠᠷ ᠵᠣᠬᠢᠴᠠᠯᠳᠤᠨ ᠬᠠᠮᠵᠢᠯᠴᠠᠬᠤ ᠪᠠᠨ | ᠴᠢᠩᠭᠠᠳᠬᠠᠵᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠨ᠎ᠡ ᠥᠷᠲᠡᠭ ᠲᠠᠢ ︽ᠳ᠋ᠦᠩᠱᠧᠩ ᠤᠨ | ᠵᠠᠭᠪᠤᠷ︾ ᠢ ᠪᠣᠶ ᠪᠣᠯᠭᠠᠬᠤ ᠶᠢ ᠠᠬᠢᠭᠤᠯᠤᠨ᠎ᠠ᠃ | | | | ︽ᠳ᠋ᠦᠩᠱᠧᠩ ᠲᠣᠭᠤᠷᠢᠭ ᠤᠨ ᠬᠡᠷ ᠪᠦᠯᠢ ᠰᠤᠷᠭᠠᠭᠤᠯᠢ ᠨᠡᠶᠢᠭᠡᠮ ᠲᠤᠭᠤᠷᠢᠭ ᠬᠠᠮᠵᠢᠯᠴᠠᠨ ᠬᠥᠮᠦᠨ ᠢ | ᠬᠥᠮᠦᠵᠢᠭᠦᠯᠬᠦ ︿ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ﹀ ᠪᠠᠶᠢᠭᠤᠯᠤᠭᠳᠠᠭᠰᠠᠨ ᠨᠢ ᠪᠢᠳᠡᠨ ᠳᠤ | ᠨᠡᠪᠲᠡᠷᠡᠯᠴᠡᠬᠦ᠂ ᠬᠠᠮᠵᠢᠯᠴᠠᠬᠤ᠂ ᠬᠠᠮᠲᠤ ᠪᠠᠷ ᠡᠳ᠋ᠯᠡᠬᠦ ᠰᠢᠯᠢᠳᠡᠭ ᠲᠠᠪᠴᠠᠩ ᠢ ᠪᠠᠶᠢᠭᠤᠯᠵᠤ ᠥᠭᠴᠡᠶ᠃ ᠲᠡᠷᠡ ᠨᠢ | ᠰᠤᠷᠭᠠᠭᠤᠯᠢ᠂ ᠭᠡᠷ ᠪᠦᠯᠢ ᠪᠠ ᠨᠡᠶᠢᠭᠡᠮ ᠲᠤᠭᠤᠷᠢᠭ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠭᠦᠢᠴᠡᠳ | ᠡᠮᠬᠢᠯᠡᠨ ᠨᠡᠶᠢᠯᠡᠭᠦᠯᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠤᠭ ᠤᠨ ᠶᠡᠭᠡ ᠪᠠᠷ ᠠᠰᠢᠭᠯᠠᠬᠤ ᠶᠢ | ᠪᠡᠶᠡᠯᠡᠬᠦᠯᠦᠭᠰᠡᠨ ᠪᠠᠶᠢᠨ᠎ᠠ᠃ ᠭᠠᠭᠴᠠ ᠬᠦ ᠪᠦᠬᠦ ᠨᠡᠶᠢᠭᠡᠮ ᠢᠶᠠᠷ ᠢᠶᠠᠨ ᠦᠵᠡᠯ ᠰᠠᠨᠠᠭᠠᠨ ᠤ ᠲᠠᠨᠢᠯᠲᠠ ᠪᠠᠨ | ᠪᠠᠲᠤᠳᠬᠠᠵᠤ᠂ ᠨᠢᠭᠡ ᠰᠡᠳᠬᠢᠯ ᠨᠢᠭᠡ ᠴᠢᠭᠯᠡᠯ ᠪᠠ ︿ᠤᠷᠳᠤ ᠤᠳᠠᠭᠠᠨ ᠤ ᠴᠢᠷᠮᠠᠶᠢᠯᠭ᠎ᠠ﹀ ᠠᠴᠠ ᠰᠠᠶ᠋ᠢ ᠬᠥᠮᠥᠨ ᠢ | ᠬᠠᠮᠵᠢᠯᠴᠠᠨ ᠬᠥᠮᠥᠵᠢᠭᠦᠯᠬᠦ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠤᠶ ᠪᠣᠯᠭᠠᠵᠤ ᠴᠢᠳᠠᠨ᠎ᠠ︾᠃ | — ᠳ᠋ᠦᠩᠱᠧᠩ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠲᠣᠪᠴᠢᠶᠠᠨ ᠤ ᠶᠣᠰᠣ ᠰᠤᠷᠲᠠᠬᠤᠨ ᠤ ᠬᠥᠮᠦᠵᠢᠯ ᠤᠨ ᠠᠯᠪᠠᠨ ᠭᠡᠷ ᠤᠨ ᠫᠸᠢ ᠷᠦᠢ | | |