ᠲᠤᠭᠠᠴᠢᠯᠠᠯᠳᠠ ᠪᠠ ᠰᠦᠯᠵᠢᠶᠡᠵᠢᠯᠳᠡ ᠨᠢ ᠠᠭᠠᠵᠢᠮ ᠢᠶᠠᠷ ᠠᠮᠢᠳᠤᠷᠠᠯ ᠤᠨ ᠬᠡᠪ ᠤᠨ ᠪᠠᠶᠢᠳᠠᠯ ᠪᠤᠯᠬᠤ ᠶᠢ | ᠳᠠᠭᠠᠯᠳᠤᠨ᠂ ᠵᠠᠰᠠᠭ ᠤᠨ ᠤᠷᠳᠤᠨ ᠬᠢᠬᠡᠳ ᠠᠷᠠᠳ ᠤᠯᠠᠨ ᠤ ᠬᠤᠭᠤᠷᠤᠨᠳᠤᠬᠢ ᠨᠡᠪᠳᠡᠷᠡᠯᠴᠡᠭᠡ ᠰᠤᠯᠢᠯᠴᠠᠭ᠎ᠠ ᠴᠤ | ᠡᠳᠤᠷ ᠢᠷᠡᠬᠦᠶ᠎ᠡ ᠲᠤᠭᠠᠴᠢᠯᠠᠭᠰᠠᠨ ᠳᠠᠪᠴᠠᠩ ᠪᠠ ᠰᠢᠨ᠎ᠡ ᠵᠠᠭᠤᠴᠢᠯᠠᠭᠤᠷ ᠲᠤ ᠳᠦᠰᠢᠭᠯᠡᠬᠦ ᠪᠤᠯᠤᠭᠰᠠᠨ ᠪᠠᠶᠢᠨ᠎ᠠ᠃ | ᠳ᠋ᠦᠩᠱᠧᠩ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠤᠨ ᠮᠤᠩᠭᠤᠯ ᠬᠡᠯᠡᠨ ᠤ | ᠰᠦᠯᠵᠢᠶᠡᠨ ᠤ ᠠᠵᠢᠯᠳᠠᠳ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠤᠭᠠᠴᠢᠯᠠᠯᠳᠠ ᠶᠢ ᠴᠢᠨᠠᠷᠵᠢᠭᠤᠯᠤᠨ᠂ | ᠳᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠳᠤᠳᠬᠠᠵᠤ᠂ | ᠨᠠᠮ ᠤᠨ ᠱᠤᠭᠤᠮ ᠴᠢᠭᠯᠡᠯᠳᠡ ᠳᠦᠷᠦ ᠶᠢᠨ ᠪᠤᠳᠤᠯᠭ᠎ᠠ ᠶᠢ ᠤᠯᠠᠨ ᠳᠦᠮᠡᠨ ᠳᠤ ᠬᠦᠷᠭᠡᠵᠤ᠂ ᠤᠶᠢᠯᠡᠴᠢᠯᠡᠭᠡᠨ ᠤ | ᠬᠡᠯᠪᠡᠷᠢ ᠶᠢᠨ ᠵᠠᠰᠠᠭ ᠤᠨ ᠤᠷᠳᠤᠨ ᠤ ᠤᠶᠢᠯᠡᠳᠤᠯ ᠢᠶᠠᠨ ᠨᠡᠩ ᠰᠠᠶᠢᠨ ᠪᠠᠳᠠᠷᠠᠭᠤᠯᠬᠤ ᠵᠤᠭᠰᠤᠴᠠ ᠠᠴᠠ᠂ 4 ᠰᠠᠷ᠎ᠠ | ᠶᠢᠨ 18 ᠤ ᠡᠳᠤᠷ ᠤᠨ ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠢ ᠳᠤᠬᠢᠶᠠᠯᠳᠤᠭᠤᠯᠤᠨ᠂ | ᠳᠠᠶᠢᠯᠭ᠎ᠠ ᠳᠠᠬᠢᠯᠭ᠎ᠠ ᠶᠢᠨ ᠠᠬᠤᠢ ᠳᠠᠯᠠᠪᠠᠢ ᠳᠤ ᠬᠦᠨᠵᠡᠭᠡᠶᠢᠷᠡᠵᠤ᠂ ᠵᠠᠰᠠᠭ ᠤᠨ ᠤᠷᠳᠤᠨ ᠤ ᠮᠤᠩᠭᠤᠯ ᠬᠡᠯᠡᠨ ᠤ | ᠰᠦᠯᠵᠢᠶ᠎ᠡ ᠵᠢᠴᠢ ᠠᠯᠪᠠᠨ ᠨᠡᠶᠢᠳᠡᠯᠡᠯ ᠤᠨ ᠸᠢᠴᠠᠲ ᠳᠠᠪᠴᠠᠩ ᠢ ᠳᠡᠯᠭᠡᠷᠡᠬᠦᠯᠦᠨ ᠳᠦᠭᠡᠮᠡᠯᠵᠢᠬᠦᠯᠬᠦ ᠠᠵᠢᠯᠯᠠᠭ᠎ᠠ | ᠦᠷᠨᠢᠬᠦᠯᠪᠡ᠃ | | | | | | ᠠᠵᠢᠯᠯᠠᠭ᠎ᠠ ᠶᠢᠨ ᠠᠬᠤᠢ ᠳᠠᠯᠠᠪᠠᠢ ᠳᠤ᠂ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ ᠶᠢᠨ ᠠᠵᠢᠯᠳᠠᠳ᠂ | ᠳᠠᠬᠢᠯᠭ᠎ᠠ ᠳᠤ ᠤᠷᠤᠯᠴᠠᠬᠤ ᠪᠠᠷ ᠢᠷᠡᠭᠰᠡᠨ ᠡᠯ᠎ᠡ ᠭᠠᠵᠠᠷ ᠤᠨ ᠤᠯᠠᠨ ᠲᠦᠮᠡᠨ ᠳᠤ ︽ᠰᠢ ᠶᠢᠨ ᠫᠢᠩ ᠶᠡᠷᠦᠩᠬᠡᠢ | ᠱᠦᠵᠢ ᠶᠢᠨ ᠦᠨᠳᠦᠰᠦᠳᠡᠨ ᠤ ᠠᠵᠢᠯ ᠤᠨ ᠲᠤᠬᠠᠢ ᠴᠢᠬᠤᠯᠠ ᠦᠬᠦᠯᠡᠯ ᠤᠨ ᠰᠤᠩᠭᠤᠮᠠᠯ︾᠂ ︽ᠦᠪᠦᠷ ᠮᠤᠩᠭᠤᠯ | ᠤᠨ ᠦᠪᠡᠷᠳᠡᠬᠡᠨ ᠵᠠᠰᠠᠬᠤ ᠤᠷᠤᠨ ᠤ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠠᠬᠢᠭᠤᠯᠬᠤ ᠳᠦᠷᠢᠮ | ᠲᠤᠭᠳᠠᠭᠠᠯ︾᠂ ︽ᠳᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ | ᠴᠤᠭᠴᠠᠯᠠᠬᠤ ᠲᠤᠬᠠᠢ ᠮᠡᠳᠡᠪᠡᠰᠤ ᠵᠤᠬᠢᠬᠤ ᠭᠠᠷ ᠠᠪᠤᠯᠭ᠎ᠠ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠳᠠᠷᠬᠠᠭᠠᠨ᠂ | ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠤᠨ ᠮᠤᠩᠭᠤᠯ ᠬᠡᠯᠡᠨ ᠤ ᠰᠦᠯᠵᠢᠶ᠎ᠡ ᠪᠤᠯᠤᠨ ᠠᠯᠪᠠᠨ ᠨᠡᠶᠢᠳᠡᠯᠡᠯ ᠤᠨ | ᠸᠢᠴᠠᠲ ᠳᠠᠪᠴᠠᠩ ᠤᠨ ᠤᠨᠴᠠᠯᠢᠭ ᠪᠠ ᠴᠢᠳᠠᠮᠵᠢ ᠵᠢᠴᠢ ᠦᠵᠡᠰᠬᠦᠯᠡᠩᠳᠤ ᠰᠠᠶᠢᠬᠠᠨ ᠳ᠋ᠦᠩᠱᠧᠩ᠂ ᠬᠦᠷᠡᠯ ᠪᠠᠭᠠᠵᠢ | ᠶᠢᠨ ᠰᠤᠶᠤᠯ᠂ ᠰᠤᠨᠢᠨ ᠮᠡᠳᠡᠭᠡ᠂ ᠢᠯᠡ ᠵᠠᠰᠠᠭ ᠵᠡᠷᠭᠡ 21 ᠪᠤᠯᠤᠩ ᠤᠨ ᠠᠭᠤᠯᠭ᠎ᠠ ᠶᠢ ᠨᠠᠷᠢᠨ ᠳᠠᠨᠢᠯᠴᠠᠭᠤᠯᠪᠠ᠃ | | | | | | ᠲᠤᠰ ᠤᠳᠠᠭᠠᠨ ᠤ ᠠᠵᠢᠯᠯᠠᠭ᠎ᠠ ᠶᠢ ᠦᠷᠨᠢᠬᠦᠯᠬᠦ ᠪᠠᠷ ᠳᠠᠮᠵᠢᠭᠤᠯᠤᠨ᠂ ᠤᠯᠠᠨ ᠲᠦᠮᠡᠨ ᠤ ᠵᠠᠰᠠᠭ ᠤᠨ | ᠶᠠᠪᠤᠳᠠᠯ ᠤᠨ ᠮᠡᠳᠡᠭᠡ ᠵᠠᠩᠬᠢᠵᠢᠯᠳᠠ ᠶᠢᠨ ᠪᠠᠶᠢᠭᠤᠯᠤᠯᠳᠠ ᠶᠢᠨ ᠲᠤᠬᠠᠢ ᠬᠠᠯᠠᠭᠤᠨ ᠱᠠᠭᠠᠷᠳᠠᠯᠭ᠎ᠠ ᠪᠠ ᠬᠦᠰᠡᠯ | ᠡᠷᠡᠮᠡᠯᠵᠡᠯ ᠢ ᠬᠦᠨᠵᠡᠭᠡᠢ ᠤᠶᠢᠯᠠᠭᠠᠭᠰᠠᠨ ᠤ ᠬᠠᠮᠳᠤ ᠪᠠᠰᠠ ᠡᠷᠬᠢᠮ ᠨᠠᠨᠳᠢᠨ ᠰᠠᠨᠠᠯ ᠳᠤᠷᠠᠳᠤᠯᠭ᠎ᠠ ᠶᠢ | ᠬᠤᠷᠠᠮᠳᠤᠭᠤᠯᠵᠤ᠂ ᠵᠠᠰᠠᠭ ᠤᠨ ᠤᠷᠳᠤᠨ ᠤ ᠮᠤᠩᠭᠤᠯ ᠬᠡᠯᠡᠨ ᠤ ᠰᠦᠯᠵᠢᠶ᠎ᠡ ᠶᠢᠨ ᠬᠤᠶᠢᠰᠢᠳᠠ ᠶᠢᠨ ᠬᠦᠭᠵᠢᠯᠳᠡ | ᠶᠢᠨ ᠴᠢᠭᠯᠡᠯ ᠪᠠ ᠠᠵᠢᠯ ᠤᠨ ᠭᠤᠤᠯᠳᠠᠯᠭ᠎ᠠ ᠶᠢ ᠤᠯᠠᠮ ᠳᠤᠳᠤᠷᠬᠠᠢ ᠪᠤᠯᠭᠠᠵᠠᠢ᠃ | | | | | | ᠬᠤᠶᠢᠰᠢᠳᠠ᠂ ᠳ᠋ᠦᠩᠱᠧᠩ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠨᠢ ᠵᠠᠰᠠᠭ | ᠤᠨ ᠶᠠᠪᠤᠳᠠᠯ ᠤᠨ ᠤᠶᠢᠯᠡᠴᠢᠯᠡᠭᠡᠨ ᠤ ᠲᠤᠭᠳᠠᠯᠴᠠᠭ᠎ᠠ ᠶᠢᠨ ᠪᠠᠶᠢᠭᠤᠯᠤᠯᠳᠠ ᠶᠢ ᠤᠯᠠᠮ ᠨᠢᠭᠡ ᠠᠯᠬᠤᠮ | ᠬᠦᠨᠵᠡᠭᠡᠶᠢᠷᠡᠬᠦᠯᠵᠤ᠂ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶ᠎ᠡ ᠪᠠ ᠰᠢᠨ᠎ᠡ ᠵᠠᠭᠤᠴᠢᠯᠠᠭᠤᠷ ᠤᠨ ᠴᠢᠳᠠᠮᠵᠢ ᠶᠢ | ᠳᠠᠰᠤᠷᠠᠯᠳᠠ ᠦᠭᠡᠢ ᠰᠢᠯᠢᠳᠡᠭᠵᠢᠬᠦᠯᠵᠤ᠂ ᠠᠭᠤᠯᠭ᠎ᠠ ᠶᠢᠨ ᠶᠠᠰᠤ ᠴᠢᠨᠠᠷ ᠢ ᠳᠡᠭᠡᠭᠰᠢᠯᠡᠬᠦᠯᠦᠨ᠂ ᠨᠡᠩ ᠨᠠᠷᠢᠨ | ᠤᠨᠤᠪᠴᠢᠳᠠᠢ᠂ ᠨᠡᠩ ᠳᠦᠬᠦᠮ ᠳᠦᠳᠡ᠂ ᠨᠡᠩ ᠦᠨᠳᠦᠷ ᠪᠦᠳᠦᠮᠵᠢᠳᠠᠢ ᠤᠶᠢᠯᠡᠴᠢᠯᠡᠭᠡ ᠪᠠᠷ ᠳᠠᠮᠵᠢᠭᠤᠯᠤᠨ ᠠᠷᠠᠳ | ᠤᠯᠠᠨ ᠤ ᠤᠯᠠᠨ ᠡᠰᠢᠵᠢᠭᠰᠡᠨ ᠪᠠ ᠤᠯᠠᠨ ᠳᠡᠰ ᠳᠡᠪᠬᠤᠷᠭ᠎ᠠ ᠶᠢᠨ ᠬᠡᠷᠡᠭᠴᠡᠭᠡ ᠶᠢ ᠬᠠᠩᠭᠠᠵᠤ᠂ ᠳᠤᠮᠳᠠᠳᠤ ᠶᠢᠨ | ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ᠂ ᠦᠨᠳᠦᠰᠦᠳᠡᠨ ᠤ ᠪᠦᠯᠬᠦᠮᠳᠡᠯ | ᠳᠠᠪᠰᠢᠯᠳᠠ ᠪᠠ ᠭᠠᠵᠠᠷ ᠤᠷᠤᠨ ᠤ ᠬᠦᠭᠵᠢᠯᠳᠡ ᠶᠢ ᠠᠬᠢᠭᠤᠯᠬᠤ ᠳᠤ ᠨᠡᠩ ᠶᠡᠭᠡ ᠤᠶᠢᠯᠡᠳᠤᠯ ᠦᠵᠡᠬᠦᠯᠬᠦ ᠪᠠᠷ | ᠬᠦᠴᠦᠯᠡᠨ᠎ᠡ᠃ | | |