【24 ᠴᠠᠭ ᠤᠯᠠᠷᠢᠯ】 ᠳᠠᠷᠢᠶᠠᠯᠠᠩ ᠤᠨ ᠬᠤᠷ᠎ᠠ
ᠨᠡᠶᠢᠲᠡᠯᠡᠭᠰᠡᠨ ᠴᠠᠭ᠄
2025/4/20
     ᠲᠠᠷᠢᠶᠠᠯᠠᠩ ᠤᠨ ᠬᠤᠷ᠎ᠠ ᠪᠣᠯ ᠬᠤᠷᠢᠨ ᠳᠥᠷᠪᠡᠨ ᠴᠠᠭ ᠤᠯᠠᠷᠢᠯ ᠤᠨ ᠵᠢᠷᠭᠤᠳᠤᠭᠠᠷ ᠴᠠᠭ ᠢ ᠤᠯᠠᠷᠢᠯ ᠪᠣᠯᠬᠤ ᠪᠥᠭᠡᠳ ᠬᠠᠪᠤᠷ ᠤᠨ ᠤᠯᠠᠷᠢᠯ ᠤᠨ ᠬᠠᠮᠤᠭ ᠤᠨ ᠰᠡᠭᠦᠯᠴᠢ ᠶᠢᠨ ᠨᠢᠭᠡ ᠴᠠᠭ ᠤᠯᠠᠷᠢᠯ ᠪᠣᠯᠣᠨ᠎ᠠ᠃ ᠡᠷᠳᠡᠨ ᠳᠤ ︽ᠲᠠᠷᠢᠶᠠᠯᠠᠩ ᠤᠨ ᠬᠤᠷ᠎ᠠ ᠪᠠᠷ ᠵᠠᠭᠤᠨ ᠲᠠᠷᠢᠶ᠎ᠠ ᠠᠮᠢᠯᠠᠬᠤᠢ︾ ᠭᠡᠵᠤ᠂ ᠡᠨᠡ ᠴᠠᠭ ᠤᠯᠠᠷᠢᠯ ᠳᠤ ᠦᠷ᠎ᠡ ᠰᠡᠴᠤᠵᠤ᠂ ᠴᠢᠬᠢ ᠰᠠᠭᠤᠯᠭᠠᠵᠤ ᠲᠠᠷᠢᠶᠠᠨ ᠠᠵᠢᠯ ᠡᠬᠢᠯᠡᠳᠡᠭ᠃ ᠡᠳᠤᠷ ᠰᠦᠨᠢ ᠶᠢᠨ ᠳᠤᠯᠠᠭᠠᠨ ᠤ ᠵᠦᠷᠢᠶ᠎ᠡ ᠠᠭᠠᠵᠢᠮ ᠢᠶᠠᠷ ᠪᠠᠭᠠᠰᠴᠤ᠂ ᠠᠭᠠᠷ ᠤᠨ ᠳᠤᠯᠠᠭᠠᠨ ᠲᠠᠬᠡᠭᠰᠢᠯᠠᠨ  ᠭᠠᠳᠠᠭᠰᠢ ᠭᠠᠷᠴᠤ ᠵᠤᠭᠠᠯᠠᠨ ᠲᠤᠭᠤᠷᠢᠬᠤ ᠳᠤ ᠲᠣᠬᠢᠷᠠᠮᠵᠢᠲᠠᠢ ᠪᠣᠯᠳᠠᠭ᠃      ᠡᠨᠡᠬᠦ ᠴᠠᠭ ᠤᠯᠠᠷᠢᠯ ᠳᠤ ᠥᠷᠭᠡᠰᠤᠳᠣ ᠨᠣᠭᠤᠭ᠎ᠠ ᠢᠳᠡᠪᠡᠯ ᠬᠤᠳᠣᠭᠤᠳᠤ ᠭᠡᠳᠡᠰᠤᠨ ᠤ ᠬᠠᠯᠠᠭᠤᠨ ᠬᠤᠣᠷ ᠢ ᠠᠷᠢᠯᠭᠠᠬᠤ ᠳᠤ ᠲᠣᠰᠠᠲᠠᠢ ᠪᠠᠶᠢᠵᠤ᠂ ᠬᠤᠯᠢᠮ᠎ᠠ ᠢᠳᠡᠪᠡᠯ ᠬᠠᠯᠠᠭᠤᠨ ᠢ ᠠᠷᠢᠯᠭᠠᠵᠤ ᠳᠠᠯᠢᠭᠦᠦ ᠶᠢ ᠰᠠᠶᠢᠵᠢᠷᠠᠭᠤᠯᠳᠠᠭ᠃ ᠬᠠᠷᠰᠢᠮᠠᠳᠠᠭᠠᠢ ᠴᠢᠨᠠᠷᠲᠠᠢ ᠬᠦᠮᠤᠰ ᠬᠤᠪᠢ ᠪᠡᠶ᠎ᠡ ᠶᠢᠨ ᠰᠡᠷᠭᠡᠶᠢᠯᠡᠯᠲᠠ ᠪᠠᠨ ᠴᠢᠩᠭᠠᠳᠬᠠᠵᠤ᠂ ᠴᠡᠴᠡᠭ ᠤᠨ ᠲᠣᠭᠤᠰᠤᠨ ᠠᠴᠠ ᠪᠣᠯᠵᠤ ᠬᠠᠮᠠᠷ ᠤᠨ ᠡᠪᠡᠳᠴᠢᠨ᠂ ᠬᠢᠷᠬᠢᠷ᠎ᠡ ᠡᠪᠡᠳᠴᠢᠨ ᠵᠡᠷᠭᠡ ᠬᠦᠳᠡᠯᠭᠦ ᠠᠴᠠ ᠬᠢᠴᠢᠶᠡᠪᠡᠯ ᠵᠣᠬᠢᠨ᠎ᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ