| 4 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠳ᠋ᠦᠩᠱᠧᠩ ᠲᠣᠭᠤᠷᠢᠭ ᠲᠤ ᠲᠥᠪ ᠤᠨ ᠨᠠᠢᠮᠠᠨ ᠵᠦᠢᠯ ᠤᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠪᠠᠶᠢᠴᠠᠭᠠᠨ ᠰᠤᠳᠤᠯᠵᠤ᠂ ᠣᠯᠠᠨ ᠲᠦᠮᠡᠨ ᠤ ᠳᠡᠷᠭᠡᠳᠡᠬᠢ ᠲᠥᠪ | ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠤ ᠬᠠᠮᠳᠤ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠭᠥᠯᠢᠶᠡᠨ | ᠠᠪᠴᠠᠢ᠃ | | | | | ᠲᠢᠶᠠᠨ ᠵᠢᠶᠣᠣ ᠵᠡᠭᠡᠯᠢ ᠭᠤᠳᠤᠮᠵᠢ ᠶᠢᠨ ᠲᠢᠶᠧ ᠰᠢ ᠨᠡᠶᠢᠭᠡᠮ ᠲᠣᠭᠤᠷᠢᠭ ᠤᠨ ᠨᠠᠮ ᠪᠣᠯᠣᠨ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ᠂ ᠯᠢ ᠯᠢ | ᠨᠡᠶᠢᠭᠡᠮ ᠲᠣᠭᠤᠷᠢᠭ ᠤᠨ ᠠᠵᠢᠯᠯᠠᠭ᠎ᠠ ᠪᠣᠯᠣᠨ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠵᠦ ᠪᠠᠶᠢᠬᠤ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠦᠨᠳᠦᠰᠦᠨ | ᠱᠠᠲᠤᠨ ᠤ ᠺᠠᠳ᠋ᠷᠴᠤᠳ ᠠᠴᠠ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠲᠥᠪ ᠤᠨ ᠨᠠᠢᠮᠠᠨ ᠵᠤᠶᠢᠯ ᠤᠨ | ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠲᠤᠤᠱᠯᠠᠭᠤᠯᠵᠤ ᠪᠠᠶᠢᠬᠤ ᠲᠤᠬᠠᠢ ᠰᠠᠨᠠᠯ ᠰᠠᠨᠠᠭᠤᠯᠭ᠎ᠠ ᠶᠢ ᠬᠤᠷᠢᠶᠠᠪᠠ᠃ ᠲᠡᠷᠡ᠂ | ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ | ᠡᠭᠦᠳᠡ ᠪᠠᠨ ᠨᠡᠭᠡᠭᠡᠵᠦ ᠬᠥᠮᠦᠵᠢᠯ ᠬᠢᠬᠦ ᠶᠢ ᠪᠠᠷᠢᠮᠲᠠᠯᠠᠨ᠂ ᠣᠯᠠᠨ ᠲᠦᠮᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠢ᠃ ᠮᠡᠳᠡᠭᠡ ᠵᠠᠩᠭᠢ ᠶᠢᠨ | ᠬᠤᠷᠢᠭ᠎ᠠ ᠰᠠᠭᠠᠳ ᠢ ᠨᠠᠪᠲᠠᠷᠡᠭᠦᠯᠵᠦ᠂ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠵᠦ᠂ ᠲᠤᠭ᠎ᠠ ᠪᠠᠷᠢᠮᠲᠠ ᠶᠢ ᠢᠯᠡᠭᠦᠬᠡᠨ ᠬᠡᠷᠡᠭᠯᠡᠵᠤ᠂ | ᠤᠯᠠᠨ ᠲᠦᠮᠡᠨ ᠢ ᠳᠤᠲᠠᠭᠤ ᠭᠦᠶᠦᠯᠭᠡᠬᠦ ᠬᠡᠷᠡᠭᠲᠡᠢ᠃ ᠦᠨᠳᠦᠰᠦᠨ ᠱᠠᠲᠤᠨ ᠤ ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠵᠦ᠂ ᠦᠨᠳᠦᠰᠦᠨ ᠱᠠᠲᠤᠨ ᠤ | ᠺᠠᠳ᠋ᠷᠴᠤᠳ ᠢ ᠨᠡᠩ ᠤᠯᠠᠨ ᠴᠠᠭ ᠪᠠ ᠤᠶᠤᠨ ᠴᠢᠳᠠᠯ ᠢᠶᠠᠨ ᠭᠠᠷᠭᠠᠵᠤ ᠤᠯᠠᠨ ᠲᠦᠮᠡᠨ ᠳᠤ ᠦᠢᠯᠡᠴᠢᠯᠡᠭᠦᠯᠬᠦ ᠬᠡᠷᠡᠭᠲᠡᠢ ᠬᠡᠵᠡᠢ᠃ | ᠯᠢᠨ ᠶᠢᠨ ᠵᠡᠭᠡᠯᠢ ᠭᠤᠳᠤᠮᠵᠢ ᠶᠢᠨ ᠹᠠᠩ ᡁᠢ ᠨᠡᠶᠢᠭᠡᠮ ᠲᠣᠭᠤᠷᠢᠭ ᠲᠤ᠂ ᠯᠢ ᠯᠢ ︽ᠢᠲᠡᠭᠡᠮᠵᠢᠲᠦ ᠨᠠᠶᠢᠳᠠᠯᠭ᠎ᠠ ᠶᠢᠨ ᠳᠦᠷᠢᠮ︾ ᠤᠨ ᠠᠳᠠᠯ ᠠᠬᠤᠢ ᠶᠢᠨ | ᠦᠢᠯᠡᠴᠢᠯᠡᠭᠡᠨ ᠤ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠥᠭᠡᠷᠡᠴᠢᠯᠡᠯᠲᠡ ᠶᠢᠨ | ᠠᠷᠭ᠎ᠠ ᠬᠡᠯᠪᠡᠷᠢ ᠪᠠᠷ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠲᠡᠭᠡᠭᠰᠢᠯᠡᠬᠦᠯᠦᠨ᠂ ᠳᠡᠯᠭᠡᠷᠡᠭᠦᠯᠬᠦ ᠠᠵᠢᠯ ᠢ ᠢᠳᠡᠪᠬᠢᠲᠡᠢ ᠯᠠᠪᠳᠠᠭᠤᠨ ᠢᠶᠠᠷ | ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠩ ᠰᠠᠶᠢᠲᠤᠷ ᠨᠡᠮᠡᠭᠳᠡᠭᠦᠯᠬᠦ ᠬᠡᠷᠡᠭᠲᠡᠢ ᠭᠡᠵᠦ ᠬᠡᠯᠡᠪᠡ᠃ | | | | | ᠬᠤᠳᠠ ᠶᠢᠨ ᠨᠢᠭᠡᠳᠦᠭᠡᠷ ᠲᠤᠮᠳᠠᠳᠤ ᠰᠤᠷᠭᠠᠭᠤᠯᠢ ᠶᠢᠨ ᠳ᠋ᠦᠩᠱᠧᠩ ᠤᠨ ᠰᠤᠷᠭᠠᠭᠤᠯᠢ ᠶᠢᠨ ᠬᠦᠷᠢᠶ᠎ᠠ᠂ ᠪᠠᠶᠠᠨᠮᠦ᠋ᠩᠬᠡ ᠵᠡᠭᠡᠯᠢ ᠭᠤᠳᠤᠮᠵᠢ ᠶᠢᠨ ᠨᠠᠰᠤᠲᠠᠶᠢᠴᠤᠳ | ᠲᠤ ᠦᠢᠯᠡᠴᠢᠯᠡᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠵᠡᠷᠬᠡ ᠭᠠᠵᠡᠷ ᠲᠤ᠂ ᠯᠢ ᠯᠢ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠪᠣᠯᠣᠨ | ᠬᠤᠭᠤᠯᠠ ᠤᠮᠳᠠ ᠶᠢᠨ ᠵᠠᠷᠤᠳᠠᠯ ᠤᠨ ᠬᠠᠮᠢᠶᠠᠷᠤᠯᠲᠠ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠤ ᠤᠶᠢᠯᠡᠴᠢᠯᠡᠵᠤ ᠪᠠᠶᠢᠭ᠎ᠠ ᠪᠠᠶᠢᠳᠠᠯ ᠵᠡᠷᠭᠡ ᠶᠢ ᠪᠠᠶᠢᠳᠠᠯ ᠢ | ᠨᠠᠷᠢᠨ ᠣᠶᠢᠯᠠᠭᠠᠪᠠ᠃ ᠲᠡᠷᠡ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ | ᠵᠠᠰᠠᠬᠤ ᠶᠢ ᠭᠦᠨᠵᠡᠭᠡᠢ ᠠᠬᠢᠭᠤᠯᠵᠤ᠂ ᠡᠷᠬᠡ ᠶᠢ ᠦᠨᠡᠨᠬᠦ ᠵᠢᠷᠤᠮᠵᠢᠭᠤᠯᠵᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠠᠬᠢᠭᠤᠯᠬᠤ ᠬᠡᠷᠡᠭᠲᠡᠢ᠃ | ᠰᠤᠷᠭᠠᠭᠤᠯᠢ ᠶᠢᠨ ᠬᠤᠭᠤᠯᠠ ᠤᠮᠳᠠ ᠶᠢᠨ ᠵᠠᠷᠤᠳᠠᠯ ᠪᠠ ᠢᠳᠡᠭᠡᠨ ᠤ ᠮᠠᠲ᠋ᠧᠷᠢᠶᠠᠯ ᠬᠤᠳᠠᠯᠳᠤᠨ ᠠᠪᠬᠤ ᠬᠠᠮᠢᠶᠠᠷᠤᠯᠲᠠ ᠶᠢ ᠴᠢᠩᠭᠠᠳᠬᠠᠵᠤ᠂ ᠵᠣᠭᠤᠰ ᠨᠢᠭᠡᠪᠦᠷᠢ ᠶᠢ | ᠴᠥᠮ ᠬᠡᠦᠬᠡᠳ ᠤᠨ ᠪᠡᠶ᠎ᠡ ᠳᠡᠭᠡᠷ᠎ᠡ ᠬᠡᠷᠡᠭᠯᠡᠬᠦ ᠶᠢ ᠪᠠᠲᠤᠯᠠᠬᠤ ᠬᠡᠷᠡᠭᠲᠡᠢ᠃ ᠨᠠᠰᠤᠵᠢᠯ ᠤᠨ ᠠᠰᠠᠷᠠᠮᠵᠢ ᠶᠢᠨ ᠪᠡᠯᠡ ᠮᠥᠩᠭᠦ ᠦᠭᠬᠦ ᠬᠠᠮᠢᠶᠠᠷᠤᠯᠲᠠ᠂ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ ᠶᠢᠨ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠠᠰᠤ | ᠴᠢᠨᠠᠷ ᠪᠣᠯᠣᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠬᠡᠵᠡᠢ᠃ | ᠪᠠᠶᠢᠴᠠᠭᠠᠨ ᠰᠤᠳᠤᠯᠤᠯᠳᠠ ᠶᠢᠨ ᠬᠤᠭᠤᠴᠠᠭᠠᠨ ᠳᠤ᠂ ᠯᠢ ᠯᠢ ᠳ᠋ᠦᠩᠱᠧᠩ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠲᠤ ᠬᠦᠷᠴᠦ᠂ ᠰᠤᠷᠪᠤᠯᠵᠢᠯᠠᠬᠤ | ᠪᠠᠷ ᠢᠷᠡᠭᠰᠡᠨ ᠤᠯᠠᠨ ᠲᠦᠮᠡᠨ ᠲᠠᠢ ᠨᠢᠭᠤᠷᠳᠠᠨ ᠶᠠᠷᠢᠯᠴᠠᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠣᠯᠣᠨ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ | ᠰᠢᠢᠳᠪᠦᠷᠢᠯᠡᠵᠦ ᠪᠠᠶᠢᠭ᠎ᠠ ᠠᠬᠢᠴᠠ ᠶᠢ ᠨᠠᠷᠢᠨ ᠣᠶᠢᠯᠠᠭᠠᠵᠤ᠂ ᠠᠬᠤᠢ ᠲᠠᠯᠠᠪᠠᠢ ᠳᠤ ᠰᠢᠢᠳᠪᠦᠷᠢᠯᠡᠬᠦ ᠠᠷᠭ᠎ᠠ ᠶᠢ ᠰᠤᠳᠤᠯᠵᠠᠢ᠃ ᠲᠡᠷᠡ᠂ ᠰᠢ ᠶᠢᠨ ᠫᠢᠩ ᠶᠡᠷᠦᠩᠬᠡᠢ | ᠱᠦᠵᠢ ᠶᠢᠨ ᠠᠷᠠᠳ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠤᠱᠯᠠᠭᠤᠯᠵᠤ᠂ ᠣᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ ᠶᠣᠰᠣᠭᠠᠷ ᠰᠢᠢᠳᠪᠦᠷᠢᠯᠡᠵᠦ᠂ ᠣᠯᠠᠨ ᠲᠦᠮᠡᠨ ᠤ ᠲᠤᠰ ᠪᠡᠶ᠎ᠡ ᠶᠢᠨ | ᠠᠰᠢᠭ ᠲᠤᠰᠠ ᠶᠢ ᠬᠠᠮᠠᠭᠠᠯᠠᠬᠤ ᠬᠡᠷᠡᠭᠲᠡᠢ ᠬᠡᠵᠡᠢ᠃ | ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠬᠡᠬᠡᠯᠳᠠ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ | ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | | |