ᠰᠢᠨ᠎ᠡ ᠪᠠᠷ ᠪᠠᠷᠢᠭᠰᠠᠨ ᠥᠪᠡᠰᠦᠪᠡᠨ ᠰᠠᠭᠤᠬᠤ ᠣᠷᠣᠨ ᠰᠠᠭᠤᠴᠠ ᠬᠤᠳᠠᠯᠳᠤᠨ ᠠᠪᠬᠤ ᠳᠤ ᠭᠠᠷᠭᠠᠨ ᠠᠪᠬᠤ | | | | ᠬᠦᠢᠴᠡᠳᠬᠡᠬᠦ ᠨᠥᠬᠦᠴᠡᠯ | ᠠᠵᠢᠯᠳᠠᠨ ᠳᠠᠩᠰᠠ ᠪᠠᠨ ᠬᠠᠰᠤᠭᠰᠠᠨ ᠦᠭᠡᠢ ᠪᠠᠷ ᠭᠠᠷᠭᠠᠨ ᠠᠪᠬᠤ᠃ ᠭᠠᠷᠭᠠᠨ ᠠᠪᠤᠭᠴᠢ ᠶᠢᠨ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠳᠤ ᠵᠢᠭᠡᠯᠡᠯᠭᠡ ᠦᠭᠡᠢ᠂ ᠴᠡᠪᠳᠡᠭᠯᠡᠭᠰᠡᠨ ᠦᠭᠡᠢ | ᠪᠠᠶᠢᠪᠠᠯ᠂ ᠲᠣᠰ ᠬᠥᠮᠥᠨ ᠵᠢᠴᠢ ᠲᠡᠭᠦᠨ ᠤ ᠬᠤᠯᠪᠤᠰᠤ᠂ ᠦᠷ᠎ᠡ ᠬᠡᠦᠬᠡᠳ᠂ ᠡᠴᠢᠭᠡ ᠡᠬᠡ ᠶᠢᠨ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠠᠩᠰᠠᠨ ᠳᠤ ᠬᠠᠳᠠᠭᠠᠯᠠᠭᠰᠠᠨ ᠦᠯᠡᠳᠡᠪᠦᠷᠢ | ᠲᠤᠭ᠎ᠠ ᠶᠢ ᠭᠠᠷᠭᠠᠨ ᠠᠪᠬᠤ ᠪᠠᠷ ᠭᠤᠶᠤᠴᠢᠯᠠᠵᠤ ᠪᠣᠯᠣᠨ᠎ᠠ᠂ ᠭᠠᠷᠭᠠᠨ ᠠᠪᠬᠤ ᠶᠡᠷᠦᠩᠬᠡᠢ ᠲᠤᠭ᠎ᠠ ᠶᠢ ᠪᠣᠳᠠᠲᠠᠢ | ᠡᠭᠦᠰᠦᠭᠰᠡᠨ ᠭᠡᠷ ᠪᠠᠶᠢᠰᠢᠩ ᠬᠤᠳᠠᠯᠳᠤᠨ ᠠᠪᠤᠭᠰᠠᠨ ᠵᠠᠷᠤᠯᠭ᠎ᠠ ᠠᠴᠠ ᠬᠡᠲᠦᠷᠡᠭᠦᠯᠬᠦ ᠦᠭᠡᠢ ᠪᠠᠶᠢᠵᠤ᠂ ᠲᠠᠩᠰᠠᠨ ᠳᠤ | ᠨᠠᠭᠠᠳᠤ ᠵᠠᠬ᠎ᠠ ᠳᠠᠭᠠᠨ 100 ᠲᠥᠭᠦᠷᠢᠭ ︵ᠪᠦᠬᠦᠯᠢ ᠵᠠᠭᠤᠨ ᠲᠥᠭᠦᠷᠢᠭ︶ ᠦᠯᠡᠳᠡᠭᠡᠨ᠎ᠡ᠃ | | ᠴᠤᠩᠬᠤᠪᠴᠢ ᠳᠡᠬᠡᠷ᠎ᠡ ᠭᠦᠢᠴᠡᠳᠬᠡᠬᠦ ᠳᠤ ᠬᠡᠷᠡᠭᠯᠡᠬᠦ ᠭᠤᠶᠤᠴᠢᠯᠠᠯ ᠤᠨ ᠮᠠᠲ᠋ᠧᠷᠢᠶᠠᠯ | 1. ︽ᠦᠯᠦ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︾᠂ 1 ᠵᠢᠯ ᠤᠨ ᠳᠣᠲᠣᠷᠠᠬᠢ ᠭᠡᠷ | ᠬᠤᠳᠠᠯᠳᠤᠨ ᠠᠪᠤᠭᠰᠠᠨ ᠦᠷᠳᠡᠭ ᠤᠨ ᠨᠡᠮᠡᠭᠳᠡᠯ ᠭᠠᠶᠢᠯᠢ ᠶᠢᠨ ᠪᠠᠷᠢᠮᠲᠠ ᠪᠤᠶᠤ ︽ᠲᠠᠸᠠᠷ ᠤᠨ ᠭᠡᠷ ᠪᠠᠶᠢᠰᠢᠩ ᠢ | ᠬᠤᠳᠠᠯᠳᠤᠭᠠᠯᠠᠬᠤ ᠭᠡᠷ᠎ᠡ︾᠂ ᠭᠡᠷ ᠬᠤᠳᠠᠯᠳᠤᠨ ᠠᠪᠤᠭᠰᠠᠨ ᠵᠣᠭᠤᠰ ᠤᠨ ᠫᠢᠶᠣᠣ ᠪᠠᠷᠢᠮᠲᠠ ︵ᠳᠡᠭᠡᠳᠦ | ᠳᠠᠪᠬᠤᠷᠭ᠎ᠠ ᠶᠢᠨ ᠣᠷᠣᠨ ᠰᠠᠭᠤᠴᠠ ᠶᠢ 3 ᠵᠢᠯ ᠠᠴᠠ ᠬᠡᠲᠦᠷᠡᠭᠦᠯᠬᠦ ᠦᠭᠡᠢ᠂ ᠤᠯᠠᠨ ᠳᠠᠪᠬᠤᠷᠭᠠᠳᠤ ᠣᠷᠣᠨ | ᠰᠠᠭᠤᠴᠠ ᠶᠢ 2 ᠵᠢᠯ ᠠᠴᠠ ᠬᠡᠲᠦᠷᠡᠭᠦᠯᠬᠦ ᠦᠭᠡᠢ︶ ᠶᠢᠨ ᠤᠭ ᠮᠠᠲ᠋ᠧᠷᠢᠶᠠᠯ︔ | 2. ᠨᠢᠭᠡᠨᠲᠡ ᠤᠷᠤᠭᠯᠠᠭᠰᠠᠨ ᠪᠠᠶᠢᠪᠠᠯ ᠤᠷᠤᠭ ᠤᠨ ᠪᠠᠳᠤᠯᠠᠪᠤᠷᠢ᠂ ᠬᠤᠯᠪᠤᠰᠤ ᠤᠨ ᠬᠢᠨᠢ ᠪᠡᠶ᠎ᠡ ᠶᠢᠨ | ᠦᠨᠡᠮᠯᠡᠯ ᠤᠨ ᠤᠭ ᠮᠠᠲ᠋ᠧᠷᠢᠶᠠᠯ ᠢ ᠬᠠᠩᠭᠠᠨ᠎ᠠ︔ | 3. ᠭᠠᠷᠭᠠᠨ ᠠᠪᠤᠭᠴᠢ ᠶᠢᠨ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ︔ | 4. ᠭᠠᠷᠭᠠᠨ ᠠᠪᠤᠭᠴᠢ ᠶᠢᠨ ᠪᠠᠩᠬᠢ ᠶᠢᠨ ᠺᠠᠷᠲ ︵ᠦᠢᠯᠡᠳᠪᠦᠷᠢ ᠬᠤᠳᠠᠯᠳᠤᠭᠠᠨ ᠤ ᠪᠠᠩᠬᠢ᠂ | ᠲᠠᠷᠢᠶᠠᠯᠠᠩ ᠤᠨ ᠪᠠᠩᠬᠢ᠂ ᠳᠤᠮᠳᠠᠳᠤ ᠤᠯᠤᠰ ᠤᠨ ᠪᠠᠩᠬᠢ᠂ ᠪᠦᠲᠦᠭᠡᠨ ᠪᠠᠶᠢᠭᠤᠯᠤᠯᠲᠠ ᠶᠢᠨ ᠪᠠᠩᠬᠢ᠂ ᠵᠠᠮ | ᠬᠠᠷᠢᠯᠴᠠᠭᠠᠨ ᠤ ᠪᠠᠩᠬᠢ ᠶᠢᠨ ᠨᠢᠭᠡᠳᠦᠭᠡᠷ ᠲᠦᠷᠦᠯ ᠤᠨ ᠬᠠᠳᠠᠭᠠᠯᠠᠮᠵᠢ ᠶᠢᠨ ᠺᠠᠷᠲ︶ ᠤᠨ ᠤᠭ ᠮᠠᠲ᠋ᠧᠷᠢᠶᠠᠯ︔ | 5. ᠦᠷ᠎ᠡ ᠬᠡᠦᠬᠡᠳ᠂ ᠡᠴᠢᠭᠡ ᠡᠬᠡ ᠶᠢᠨ ᠢᠶᠠᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ | ᠭᠠᠷᠭᠠᠨ ᠠᠪᠬᠤ ᠳᠤ᠂ ᠳᠡᠬᠡᠷᠡᠬᠢ ᠮᠠᠲ᠋ᠧᠷᠢᠶᠠᠯ ᠠᠴᠠ ᠭᠠᠳᠠᠨ᠎ᠠ ᠡᠷᠦᠬᠡ ᠠᠮᠠ ᠶᠢᠨ ᠳᠡᠪᠲᠡᠷ ᠪᠤᠶᠤ ᠳᠣᠲᠣᠭᠠᠳᠤ ᠶᠢ | ᠬᠠᠮᠠᠭᠠᠯᠠᠬᠤ ᠰᠠᠯᠠᠭ᠎ᠠ ᠮᠥᠴᠢᠷ ᠵᠡᠷᠭᠡ ᠠᠴᠠ ᠭᠠᠷᠭᠠᠵᠤ ᠥᠭᠭᠦᠭᠰᠡᠨ ᠲᠥᠷᠥᠯ ᠰᠠᠳᠤᠨ ᠤ ᠬᠠᠷᠢᠴᠠᠭ᠎ᠠ ᠶᠢᠨ | ᠭᠡᠷᠡᠴᠢ ᠶᠢᠨ ᠤᠭ ᠮᠠᠲ᠋ᠧᠷᠢᠶᠠᠯ ᠢ ᠬᠠᠩᠭᠠᠬᠤ ᠬᠡᠷᠡᠭᠲᠡᠢ᠃ | | | |