ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠢ ᠬᠥᠭᠵᠢᠭᠦᠯᠬᠦ ᠭᠡᠳᠡᠭ ᠨᠢ ᠶᠠᠭᠤ ᠪᠣᠶ︖ ᠲᠡᠭᠡᠪᠡᠯ ᠤᠯᠤᠰ ᠠᠴᠠ ᠶᠠᠭᠤᠨ ᠳᠤ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ ᠪᠠᠶᠢᠬᠤ ᠪᠣᠶ︖ ᠨᠠᠶᠢᠷᠠᠭᠤᠯᠤᠭᠴᠢ ᠠᠴᠠ ᠠᠯᠪᠠᠨ | ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠢ ᠪᠠᠶᠢᠭᠰᠠᠨ ᠠᠴᠠ ᠨᠢ ᠴᠢᠨᠠᠷ ᠰᠠᠶᠢᠲᠠᠢ ᠪᠣᠯᠭᠠᠨ ᠬᠥᠭᠵᠢᠭᠦᠯᠬᠦ ᠬᠠᠮᠢᠶ᠎ᠠ ᠪᠦᠬᠦᠢ ᠮᠡᠳᠡᠯᠭᠡ ᠶᠢ ᠣᠯᠠᠨ ᠳᠤ | ᠲᠦᠭᠡᠮᠡᠯᠵᠢᠭᠦᠯᠦᠶᠡ︕ | ᠨᠢᠭᠡ᠂ ᠶᠠᠭᠤ ᠶᠢ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠢ ᠬᠥᠭᠵᠢᠭᠦᠯᠬᠦ ᠭᠡᠬᠦ ᠪᠤᠢ︖ | ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠢ ᠬᠥᠭᠵᠢᠭᠦᠯᠬᠦ ᠭᠡᠳᠡᠭ ᠪᠣᠯ ᠳᠠᠷᠤᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ | ︵ᠪᠠᠭ᠎ᠠ ᠰᠤᠷᠭᠠᠭᠤᠯᠢ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ︶᠂ ᠬᠤᠲᠠ ᠪᠠᠯᠭᠠᠰᠤ ᠪᠠ ᠬᠥᠳᠡᠭᠡ ᠲᠣᠰᠬᠤᠨ ᠤ ᠰᠤᠷᠭᠠᠭᠤᠯᠢ ᠶᠢᠨ ᠰᠤᠷᠭᠠᠭᠤᠯᠢ | ᠡᠷᠬᠢᠯᠡᠬᠦ ᠵᠠᠷᠤᠳᠠᠯ ᠤᠨ ᠣᠷᠣᠭᠤᠯᠤᠯᠲᠠ᠂ ᠬᠠᠲᠠᠭᠤ ᠳᠤᠨᠤᠭ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ︵ᠺᠣᠮᠫᠢᠦ᠋ᠲ᠋ᠧᠷ᠂ ᠠᠩᠭᠢ ᠪᠤᠯᠭᠠᠨ ᠳᠤ ᠨᠡᠪᠲᠡᠷᠡᠬᠦ | ᠰᠢᠰᠲ᠋ᠧᠮ ᠤᠨ ᠢᠨᠵᠧᠨᠧᠷᠢᠩ᠂ ᠲᠤᠷᠰᠢᠯᠲᠠ ᠶᠢᠨ ᠪᠠᠭᠠᠵᠢ ᠬᠡᠷᠡᠭᠰᠡᠯ ᠵᠡᠷᠭᠡ︶᠂ ᠪᠠᠭᠰᠢ ᠶᠢᠨ ᠲᠣᠬᠢᠷᠠᠭᠤᠯᠤᠯᠲᠠ᠂ ᠰᠤᠷᠭᠠᠭᠤᠯᠢ ᠡᠷᠬᠢᠯᠡᠬᠦ ᠬᠢᠷᠢ ᠬᠡᠮᠵᠢᠶ᠎ᠡ ᠪᠠ | ᠰᠤᠷᠭᠠᠨ ᠬᠥᠮᠦᠵᠢᠯ ᠤᠨ ᠶᠠᠰᠤ ᠴᠢᠨᠠᠷ ᠵᠡᠷᠭᠡ ᠲᠠᠯ᠎ᠠ ᠪᠠᠷ ᠦᠨᠳᠦᠰᠦᠨ ᠳᠡᠭᠡᠨ ᠲᠡᠩᠴᠡᠭᠦᠷᠢᠲᠡᠢ ᠪᠤᠯᠭᠠᠬᠤ ᠶᠢ ᠬᠡᠯᠡᠳᠡᠭ᠃ | ᠬᠤᠶᠠᠷ᠂ ᠶᠠᠭᠤᠨ ᠳᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠬᠡᠷᠡᠭᠲᠡᠢ | ᠪᠤᠢ︖ | ᠡᠨᠡ ᠪᠣᠯ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠰᠤᠷᠭᠠᠨ ᠬᠥᠮᠦᠵᠢᠯ ᠳᠤ ᠲᠠᠯᠪᠢᠭᠰᠠᠨ ᠰᠢᠨ᠎ᠡ ᠱᠠᠭᠠᠷᠳᠠᠯᠭ᠎ᠠ ᠮᠥᠨ᠂ ᠲᠥᠪ᠂ ᠦᠪᠡᠷᠳᠡᠬᠡᠨ | ᠵᠠᠰᠠᠬᠤ ᠤᠷᠤᠨ᠂ ᠬᠤᠲᠠ ᠶᠢᠨ ᠪᠢᠴᠢᠭ ᠮᠠᠲ᠋ᠧᠷᠢᠶᠠᠯ ᠤᠨ ᠲᠣᠭᠲᠠᠭᠠᠯ ᠮᠥᠨ᠂ ᠮᠦᠨ ᠴᠤ ᠣᠷᠣᠨ ᠨᠤᠲᠤᠭ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ | ᠲᠤᠯᠭᠠᠮ᠎ᠠ ᠱᠠᠭᠠᠷᠳᠠᠯᠭ᠎ᠠ ᠮᠥᠨ᠂ ᠨᠡᠩ ᠴᠤ ᠠᠷᠠᠳ ᠣᠯᠠᠨ ᠤ ᠦᠷ᠎ᠡ ᠬᠡᠦᠬᠡᠳ ᠲᠤ ᠡᠷᠬᠡ ᠲᠡᠭᠰᠢ᠂ ᠴᠢᠨᠠᠷ ᠰᠠᠶᠢᠲᠠᠢ ᠰᠤᠷᠭᠠᠨ ᠬᠥᠮᠦᠵᠢᠯ ᠬᠦᠷᠲᠡᠭᠡᠬᠦ | ᠱᠠᠭᠠᠷᠳᠠᠯᠭ᠎ᠠ ᠮᠥᠨ᠃ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠡᠭᠡᠨ ᠲᠡᠩᠴᠡᠭᠦᠷᠢᠲᠡᠢ ᠪᠠᠶᠢᠯᠭᠠᠬᠤ ᠲᠠᠢ ᠬᠠᠷᠢᠴᠠᠭᠤᠯᠪᠠᠯ᠂ ᠴᠢᠨᠠᠷ ᠰᠠᠶᠢᠲᠠᠢ | ᠪᠥᠭᠡᠳ ᠲᠡᠩᠴᠡᠭᠦᠷᠢᠲᠡᠢ ᠪᠠᠶᠢᠯᠭᠠᠬᠤ ᠨᠢ ᠠᠭᠤᠯᠤᠭᠳᠠᠬᠤᠨ ᠤ ᠬᠥᠭᠵᠢᠯᠲᠡ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠳᠡᠭᠡᠭᠰᠢᠯᠡᠯᠲᠡ ᠶᠢ | ᠨᠡᠩ ᠢᠯᠡᠭᠦᠦ ᠴᠢᠬᠤᠯᠠᠴᠢᠯᠠᠨ᠎ᠠ᠂ ᠡᠭᠦᠨ ᠤ ᠭᠤᠣᠯᠳᠠᠯᠭ᠎ᠠ ᠨᠢ ᠪᠦᠬᠦ ᠲᠠᠯ᠎ᠠ ᠶᠢᠨ ᠬᠥᠭᠵᠢᠯᠲᠡ ᠶᠢ ᠪᠡᠶᠡᠯᠡᠭᠦᠯᠬᠦ ᠣᠶᠢᠯᠠᠭᠠᠭᠳᠠᠬᠤᠨ ᠢᠶᠠᠷ ᠨᠡᠩ ᠢᠯᠡ ᠲᠣᠳᠣ᠂ | ᠪᠠᠷᠢᠮᠵᠢᠶᠠᠵᠢᠭᠤᠯᠤᠭᠰᠠᠨ ᠪᠠᠶᠢᠭᠤᠯᠤᠯᠲᠠ ᠢᠶᠠᠷ ᠨᠡᠩ ᠰᠢᠯᠢᠳᠡᠭ᠂ ᠪᠠᠭᠰᠢ ᠶᠢᠨ ᠡᠩᠨᠡᠭᠡ ᠪᠠᠷ ᠨᠡᠩ ᠬᠦᠴᠦᠷᠬᠡᠭ᠂ ᠠᠷᠠᠳ ᠤᠯᠠᠨ ᠢ ᠨᠡᠩ ᠰᠡᠳᠬᠢᠯ ᠬᠠᠨᠤᠮᠵᠢᠲᠠᠶ | ᠪᠤᠯᠭᠠᠨ᠎ᠠ᠃ | ᠭᠤᠷᠪᠠ᠂ ᠤᠯᠤᠰ ᠠᠴᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ ᠥᠷᠨᠢᠭᠦᠯᠬᠦ ᠶᠢ ᠬᠢᠨᠠᠨ | ᠵᠢᠯᠤᠭᠤᠳᠴᠤ ᠮᠠᠭᠠᠳᠯᠠᠨ ᠲᠣᠭᠲᠠᠭᠠᠬᠤ ᠨᠢ ᠶᠠᠮᠠᠷ ᠦᠢᠯᠡᠳᠦᠯ ᠲᠠᠢ ᠪᠣᠶ︖ | ︵1︶ ᠤᠯᠤᠰ ᠠᠴᠠ ᠣᠷᠣᠨ ᠨᠤᠲᠤᠭ ᠤᠨ ᠵᠠᠰᠠᠭ ᠤᠨ ᠣᠷᠳᠣᠨ ᠢ ᠰᠢᠪᠠᠳᠠᠵᠤ ᠪᠠᠶᠢᠭᠠᠳ ᠤᠯᠤᠰ ᠤᠨ ᠬᠠᠤᠯᠢ ᠴᠠᠭᠠᠵᠠ ᠪᠠ ᠲᠦᠷᠦ ᠶᠢᠨ ᠪᠣᠳᠣᠯᠭ᠎ᠠ ᠶᠢᠨ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠶᠢ ᠬᠦᠢᠴᠡᠳᠬᠡᠯᠬᠡᠨᠡ︔ ︵2︶ ᠡᠯ᠎ᠡ ᠭᠠᠵᠠᠷ ᠤᠨ ᠬᠢᠨ ᠢ | ᠬᠠᠪᠰᠤᠷᠴᠤ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠦᠨᠡᠯᠡᠬᠦ᠂ ᠥᠪᠡᠷ ᠢ ᠪᠠᠨ ᠤᠨᠤᠰᠢᠯᠠᠬᠤ ᠠᠵᠢᠯ ᠢ ᠬᠢᠯᠬᠡᠵᠤ᠂ ᠰᠤᠷᠭᠠᠭᠤᠯᠢ ᠳᠤ ᠣᠷᠣᠬᠤ ᠪᠠ ᠰᠠᠶᠢᠨ | ᠰᠤᠷᠭᠠᠭᠤᠯᠢ ᠳᠤ ᠣᠷᠣᠬᠤ ᠠᠰᠠᠭᠤᠳᠠᠯ ᠢ ᠰᠢᠢᠳᠪᠦᠷᠢᠯᠡᠨ᠎ᠡ︔ ︵3︶ ᠤᠯᠤᠰ ᠠᠴᠠ ᠣᠷᠣᠨ ᠨᠤᠲᠤᠭ ᠢ ᠰᠢᠪᠠᠳᠠᠵᠤ ᠪᠠᠶᠢᠭᠠᠳ ᠠᠯᠪᠠᠨ ᠵᠢᠷᠤᠮ ᠤᠨ ᠰᠤᠷᠭᠠᠨ | ᠬᠥᠮᠦᠵᠢᠯ ᠢ ᠲᠡᠩᠴᠡᠭᠦᠷᠢᠲᠡᠢ ᠪᠠᠶᠢᠭᠰᠠᠨ ᠠᠴᠠ ᠨᠢ ᠴᠢᠨᠠᠷ ᠰᠠᠶᠢᠲᠠᠢ ᠬᠥᠭᠵᠢᠯᠲᠡ ᠶᠢᠨ ᠬᠠᠷᠠᠯᠲᠠ ᠲᠡᠶᠢᠰᠢ ᠤᠷᠤᠭᠰᠢᠯᠠᠭᠤᠯᠤᠨ᠎ᠠ᠃ | ᠳ᠋ᠦᠩᠱᠧᠩ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠭᠦᠯᠬᠦ ᠰᠢᠶᠠᠨ ᠢ ᠡᠭᠦᠳᠦᠨ | ᠪᠠᠶᠢᠭᠤᠯᠬᠤ ᠶᠢᠨ ᠲᠥᠯᠥᠭᠡ᠂ ᠪᠥᠬᠦ ᠨᠡᠶᠢᠭᠡᠮ ᠢᠶᠠᠷ ᠢᠶᠠᠨ ᠰᠤᠷᠭᠠᠭᠤᠯᠢ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠢᠳᠡᠪᠬᠢᠲᠡᠢ ᠪᠠᠷ ᠰᠠᠨᠠᠯ ᠵᠥᠪᠯᠡᠯᠭᠡ | ᠳᠤᠷᠠᠳᠤᠨ ᠠᠷᠭ᠎ᠠ ᠤᠬᠠᠭᠠᠨ ᠢᠶᠠᠨ ᠬᠠᠨᠳᠢᠪᠯᠠᠵᠤ᠂ ︽ᠲᠠᠪᠤᠨ ᠰᠢᠯᠢᠳᠡᠭ ᠰᠤᠷᠭᠠᠨ ᠬᠥᠮᠦᠵᠢᠯ︾ ᠤᠨ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ | ᠪᠠᠶᠢᠭᠤᠯᠵᠠᠭᠠᠶ᠎ᠠ︕ | | | | | |