ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ 120 ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/24
    4 ᠰᠠᠷ᠎ᠠ ᠶᠢᠨ 23 ᠤ ᠡᠳᠦᠷ᠂ ᠳ᠋ᠦᠩᠱᠧᠩ ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ 120 ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠸ ᠢ ᠳ᠋ᠦᠩ ᠬᠤᠷᠠᠯ ᠢ ᠡᠷᠬᠢᠯᠡᠵᠤ ᠶᠠᠷᠢᠶ᠎ᠠ ᠲᠠᠯᠪᠢᠪᠠ᠃     ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ︽ᠰᠣᠶᠣᠯ ᠤᠨ ᠬᠦᠴᠦᠷᠬᠡᠭ ᠤᠯᠤᠰ ᠢ ᠲᠦᠷᠬᠡᠳᠬᠡᠨ ᠪᠦᠲᠦᠭᠡᠨ ᠪᠠᠶᠢᠭᠤᠯᠤᠶ᠎ᠠ︾ ᠬᠡᠬᠦ ᠴᠢᠬᠤᠯᠠ ᠵᠣᠬᠢᠶᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ  ᠤᠨ ᠰᠣᠶᠣᠯ  ᠤᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠤᠨ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠭᠤᠣᠯ ᠤᠷᠤᠰᠬᠠᠯ ᠤᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠦᠷᠭᠦᠯᠵᠢᠯᠡᠨ ᠪᠠᠬᠢᠵᠢᠭᠦᠯᠦᠨ ᠪᠤᠵᠠᠭᠠᠶᠢᠷᠠᠭᠤᠯᠵᠤ᠂ ᠨᠠᠮ ᠠᠴᠠ ᠤᠬᠠᠭᠤᠯᠭ᠎ᠠ ᠶᠢ ᠬᠠᠮᠢᠶᠠᠷᠬᠤ᠂ ᠨᠠᠮ ᠠᠴᠠ ᠦᠵᠡᠯ ᠤᠬᠠᠮᠰᠠᠷ ᠤᠨ ᠬᠡᠯᠪᠡᠷᠢ ᠶᠢ ᠬᠠᠮᠢᠶᠠᠷᠬᠤ᠂ ᠨᠠᠮ ᠠᠴᠠ ᠵᠠᠭᠤᠴᠢᠯᠠᠭᠤᠷ ᠢ ᠬᠠᠮᠢᠶᠠᠷᠬᠤ᠂ ᠨᠠᠮ ᠠᠴᠠ ᠢᠨᠲ᠋ᠧᠷ ᠰᠦᠯᠵᠢᠶ᠎ᠡ ᠶᠢ ᠬᠠᠮᠢᠶᠠᠷᠬᠤ ᠵᠠᠷᠴᠢᠮ ᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠳᠠᠬᠢᠨ ᠡᠷᠭᠢᠴᠡᠭᠦᠯᠵᠦ᠂ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢ ᠶᠢᠨ ᠫᠢᠩ ᠶᠡᠷᠦᠩᠬᠡᠢ ᠱᠦᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ ᠠᠰᠠᠭᠤᠳᠠᠯ ᠢ ᠰᠢᠢᠳᠪᠦᠷᠢᠯᠡᠬᠦ ᠰᠡᠳᠬᠢᠴᠡ ᠪᠠ ᠠᠷᠭ᠎ᠠ ᠶᠢ ᠦᠷᠬᠡᠳᠬᠡᠨ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠦᠨᠡᠨᠬᠦ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠳ᠋ᠦᠩᠱᠧᠩ ᠲᠣᠭᠤᠷᠢᠭ ᠤᠨ ᠭᠤᠣᠯᠳᠠᠯᠭ᠎ᠠ ᠲᠠᠢ ᠲᠣᠰᠬᠤᠨ ᠢ ᠲᠦᠷᠦᠯ ᠬᠤᠪᠢᠶᠠᠨ ᠬᠠᠮᠢᠶᠠᠷᠬᠤ ᠶᠠᠪᠤᠳᠠᠯ ᠢ ᠰᠤᠳᠤᠯᠤᠨ ᠬᠢᠨᠠᠨ ᠵᠥᠪᠯᠡᠵᠦ᠂ ᠡᠵᠡᠮᠳᠡᠬᠦ ᠤᠬᠠᠮᠰᠠᠷ ᠢ ᠪᠠᠲᠤᠳᠬᠠᠵᠤ᠂ ᠤᠷᠢᠳᠴᠢᠯᠠᠨ ᠮᠡᠳᠡᠬᠦ ᠤᠬᠠᠮᠰᠠᠷ᠂ ᠬᠤᠷᠢᠭ᠎ᠠ ᠱᠤᠭᠤᠮ ᠢ ᠰᠠᠬᠢᠬᠤ ᠤᠬᠠᠮᠰᠠᠷ ᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠳᠠ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ᠂ ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠢ ᠰᠢᠢᠳᠪᠤᠷᠢᠯᠡᠬᠦ ᠵᠡᠷᠭᠡ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠡᠭᠦᠰᠬᠦ ᠶᠢ ᠪᠦᠬᠦ ᠬᠦᠴᠦᠨ ᠢᠶᠠᠷ ᠰᠡᠷᠬᠡᠶᠢᠯᠡᠨ᠂ ᠦᠨᠳᠦᠰᠦᠨ ᠱᠠᠲᠤᠨ ᠤ ᠰᠠᠭᠤᠷᠢ ᠶᠢ ᠪᠠᠲᠤᠳᠬᠠᠵᠤ᠂ ᠲᠣᠰᠬᠤᠨ ᠤ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠬᠦᠴᠦᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ