ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2025 ᠣᠨ ᠤ 5 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠰᠤᠷᠤᠯᠴᠠᠯᠭ᠎ᠠ ᠬᠥᠮᠦᠵᠢᠯ ᠤᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/24
    4 ᠰᠠᠷ᠎ᠠ ᠶᠢᠨ 23 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2025 ᠣᠨ ᠤ 5 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠰᠤᠷᠤᠯᠴᠠᠯᠭ᠎ᠠ ᠬᠥᠮᠦᠵᠢᠯ ᠤᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ︽ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯᠣᠨ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠨᠠᠮ ᠤᠨ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠳ᠋ᠦᠩᠱᠧᠩ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ︾ ᠶᠢᠨ ᠲᠤᠭᠤᠷᠢᠨ ᠳᠤ ᠭᠦᠨᠵᠡᠭᠡᠢ ᠰᠤᠷᠤᠯᠴᠠᠵᠤ᠂ ᠰᠤᠳᠤᠯᠤᠨ ᠶᠠᠷᠢᠯᠴᠠᠵᠤ ᠰᠠᠨᠠᠯ ᠢᠶᠠᠨ ᠰᠤᠯᠢᠯᠴᠠᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠸ ᠢ ᠳ᠋ᠦᠩ ᠬᠤᠷᠠᠯ ᠢ ᠡᠷᠬᠢᠯᠡᠵᠤ  ᠶᠠᠷᠢᠶ᠎ᠠ ᠲᠠᠯᠪᠢᠪᠠ᠃     ᠬᠤᠷᠠᠯ ᠳᠡᠭᠡᠷ᠎ᠡ᠂ ᠲᠣᠭᠤᠷᠢᠭ ᠤᠨ ᠨᠠᠮ ᠤᠨ ᠬᠤᠷᠢᠶᠠᠨ ᠤ ᠡᠯ᠎ᠡ ᠪᠠᠶᠢᠭᠤᠯᠭ᠎ᠠ ᠳᠤ ᠪᠠᠨ ᠪᠠᠶᠢᠭ᠎ᠠ ᠪᠠᠶᠢᠩᠭᠤ ᠶᠢᠨ ᠭᠡᠰᠢᠭᠦᠳ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠶᠠᠷᠢᠶ᠎ᠠ ᠲᠠᠯᠪᠢᠪᠠ᠃     ᠭᠤᠸ ᠢ ᠳ᠋ᠦᠩ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠲᠥᠪ  ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭᠠᠨ ᠤ ᠭᠤᠣᠯ ᠴᠢᠬᠤᠯᠠ ᠠᠭᠤᠯᠭ᠎ᠠ᠂ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠶ ᠣᠶᠢᠯᠠᠭᠠᠵᠤ᠂ ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ ᠶᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃ ᠨᠠᠮᠴᠢ ᠴᠢᠨᠠᠷ ᠤᠨ ᠪᠣᠯᠪᠠᠰᠤᠷᠠᠯ ᠪᠣᠯᠣᠨ ᠦᠵᠡᠯ ᠰᠠᠨᠠᠭᠠᠨ ᠤ ᠠᠬᠤᠢ ᠪᠠᠶᠢᠳᠠᠯ ᠢᠶᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠪᠠᠷᠢᠮᠵᠢᠶ᠎ᠠ ᠲᠠᠢ ᠬᠠᠷᠢᠴᠠᠭᠤᠯᠵᠤ ᠪᠠᠶᠢᠭᠠᠳ ᠵᠥᠷᠢᠶ᠎ᠡ ᠪᠠᠨ ᠡᠷᠢᠵᠦ᠂ ᠶᠠᠰᠤ ᠴᠢᠨᠠᠷ ᠦᠷ᠎ᠡ ᠠᠰᠢᠭ ᠢ ᠨᠡᠮᠡᠭᠳᠡᠭᠦᠯᠦᠨ ᠳᠤᠲᠠᠭᠤᠳᠠᠯ ᠢ ᠨᠥᠬᠦᠪᠦᠷᠢᠯᠡᠵᠦ᠂ ᠰᠢᠯᠢᠳᠡᠭ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠳᠠᠶᠢᠴᠢᠯᠠᠨ ᠥᠭᠡᠳᠡᠯᠡᠨ ᠲᠠᠪᠰᠢᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ ᠢ ᠭᠤᠣᠯ ᠠᠵᠢᠯ᠂ ᠭᠤᠣᠯᠳᠠᠯᠭ᠎ᠠ ᠲᠠᠢ ᠡᠭᠦᠷᠭᠡ ᠲᠠᠢ ᠤᠶᠠᠯᠳᠤᠭᠤᠯᠵᠤ᠂ ᠠᠵᠤ ᠦᠢᠯᠡᠰ ᠤᠨ ᠳᠡᠰ ᠳᠡᠪᠰᠢᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠬᠥᠭᠵᠢᠯᠲᠡ ᠶᠢᠨ ᠵᠠᠩᠭᠢᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ  ᠠᠳᠬᠤᠨ᠂ ᠰᠤᠷᠭᠠᠨ ᠬᠦᠮᠦᠵᠢᠯ᠂ ᠡᠮ ᠡᠮᠨᠡᠯᠭᠡ᠂ ᠨᠡᠶᠢᠭᠡᠮ ᠤᠨ ᠪᠠᠲᠤᠯᠠᠭ᠎ᠠ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ ᠦᠨᠡᠨ ᠰᠡᠳᠬᠢᠯ ᠠᠴᠠ ᠪᠠᠨ ᠰᠠᠶᠢᠲᠤᠷ ᠬᠢᠵᠦ᠂ ᠤᠯᠠᠨ ᠲᠦᠮᠡᠨ ᠳᠤ ᠬᠤᠪᠢᠷᠠᠯᠲᠠ ᠶᠢ ᠦᠨᠡᠨ ᠬᠦ ᠦᠵᠡᠬᠦᠯᠦᠨ᠂ ᠪᠣᠳᠠᠲᠤ ᠠᠰᠢᠭ ᠬᠦᠷᠲᠡᠭᠡᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠵᠤ᠂ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠪᠣᠳᠠᠲᠠᠢ ᠬᠢᠵᠦ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠵᠦᠢᠯ ᠳᠠᠷᠠᠭᠠᠯᠠᠨ ᠲᠣᠭᠲᠠᠭᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠵᠦ᠂ ᠠᠷᠠᠳ ᠤᠯᠠᠨ ᠳᠤ ᠰᠤᠷᠤᠯᠴᠠᠯᠭ᠎ᠠ ᠬᠥᠮᠦᠵᠢᠯ ᠤᠨ ᠠᠪᠴᠢᠷᠠᠭᠰᠠᠨ ᠰᠢᠨ᠎ᠡ ᠳᠦᠷᠰᠦ ᠪᠠᠶᠢᠳᠠᠯ ᠰᠢᠨ᠎ᠡ ᠬᠤᠪᠢᠷᠠᠯᠲᠠ ᠶᠢ ᠦᠨᠡᠨᠬᠦ ᠮᠡᠳᠡᠷᠡᠭᠦᠯᠬᠦ ᠬᠡᠷᠡᠭᠲᠡᠢ ᠬᠡᠵᠡᠢ᠃     ᠬᠤᠷᠠᠯ ᠳᠡᠭᠡᠷ᠎ᠡ᠂ ᠭᠤᠸ ᠢ ᠳ᠋ᠦᠩ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠬᠤ ᠲᠤᠬᠠᠢ ᠪᠣᠳᠠᠲᠠᠢ ᠱᠠᠭᠠᠷᠳᠠᠯᠭ᠎ᠠ ᠲᠤᠷᠠᠳᠪᠠ᠂ ᠰᠤᠷᠤᠯᠴᠠᠵᠤ ᠰᠤᠳᠤᠯᠤᠨ ᠶᠠᠷᠢᠯᠴᠠᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠶᠢ ᠴᠢᠬᠤᠯᠠᠴᠢᠯᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠰᠡᠳᠬᠢᠯ ᠳᠡᠭᠡᠨ ᠬᠠᠳᠠᠩᠰᠢᠭᠤᠯᠵᠤ᠂ ᠦᠶᠯᠡ ᠠᠵᠢᠯᠯᠠᠭ᠎ᠠ ᠳᠠᠭᠠᠨ ᠢᠯᠡᠷᠡᠭᠦᠯᠬᠦ ᠬᠡᠷᠡᠭᠲᠡᠢ᠃ ᠠᠰᠠᠭᠤᠳᠠᠯ ᠢ ᠪᠠᠶᠢᠴᠠᠭᠠᠨ ᠳᠡᠯᠭᠡᠬᠦ ᠳᠡᠭᠡᠨ ᠴᠢᠩᠭ᠎ᠠ ᠪᠣᠳᠠᠲᠠᠢ ᠪᠠᠶᠢᠵᠤ᠂ ᠡᠪᠡᠷᠰᠢᠶᠡᠯ ᠲᠠᠢ ᠭᠠᠵᠠᠷ ᠢ ᠣᠨᠣᠪᠴᠢᠲᠠᠢ ᠡᠷᠢᠨ᠂ ᠤᠬᠠᠮᠰᠠᠷ ᠲᠠᠢ ᠰᠠᠨᠠᠭᠠᠴᠢᠯᠠᠭ᠎ᠠ ᠲᠠᠢ ᠪᠠᠶᠢᠬᠤ ᠪᠠᠨ ᠴᠢᠩᠭᠠᠳᠬᠠᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ  ᠶᠢ ᠴᠢᠩᠭ᠎ᠠ ᠪᠣᠳᠠᠲᠠᠢ ᠠᠳᠬᠤᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠷᠭ᠎ᠠ ᠬᠡᠮᠵᠢᠶ᠎ᠡ ᠲᠣᠭᠲᠠᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠤᠨ ᠠᠬᠢᠭᠤᠯᠬᠤ ᠳᠠᠭᠠᠨ ᠨᠠᠷᠢᠯᠢᠭ ᠣᠨᠣᠴᠠᠲᠠᠢ ᠪᠠᠶᠢᠵᠤ᠂ ᠦᠨᠳᠦᠰᠦᠨ ᠱᠠᠲᠤᠨ ᠤ ᠳᠠᠷᠤᠭᠠᠰᠤ ᠶᠢ ᠲᠠᠰᠤᠷᠠᠯᠲᠠ ᠦᠭᠡᠢ ᠬᠥᠩᠭᠡᠯᠡᠨ᠂ ᠺᠠᠳ᠋ᠷᠴᠤᠳ ᠲᠤ ᠴᠢᠳᠠᠪᠤᠷᠢ ᠣᠯᠭᠤᠵᠤ᠂ ᠰᠤᠷᠤᠯᠴᠠᠯᠭ᠎ᠠ ᠬᠥᠮᠦᠵᠢᠯ ᠤᠨ ᠯᠠᠪᠳᠠᠭᠤᠨ ᠪᠠᠲᠤᠲᠠᠢ ᠪᠥᠭᠡᠳ ᠪᠦᠲᠦᠮᠵᠢᠲᠡᠶ ᠥᠷᠨᠢᠬᠦ ᠶᠢ ᠦᠨᠡᠨ ᠬᠦ ᠪᠠᠲᠤᠯᠠᠬᠤ ᠬᠡᠷᠡᠭᠲᠡᠢ ᠬᠡᠵᠤ ᠴᠢᠬᠤᠯᠠᠴᠢᠯᠠᠪᠠ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ