| ᠯᠢᠶᠤᠤ ᠱᠧᠨ ᠤ ᠲᠠᠶᠢᠯᠠᠯᠳᠤᠭᠠᠨ᠂ ᠬᠤᠸᠠᠢ ᠬᠠᠢ ᠶᠢᠨ ᠲᠠᠶᠢᠯᠠᠯᠳᠤᠭᠠᠨ᠂ ᠫᠢᠩ ᠶᠢᠨ ᠤ ᠲᠠᠶᠢᠯᠠᠯᠳᠤᠭᠠᠨ ᠲᠠᠭᠤᠰᠴᠦ᠂ ᠲᠤᠮᠳᠠᠳᠤ ᠤᠯᠤᠰ ᠤᠨ ᠬᠤᠪᠢᠰᠬᠠᠯ | ᠤᠳᠠᠯ ᠦᠬᠡᠢ ᠢᠯᠠᠯᠳᠠ ᠤᠯᠬᠤ ᠬᠡᠵᠤ ᠪᠠᠶᠢᠭ᠎ᠠ ᠦᠶ᠎ᠠ ᠳᠤ᠂ ᠰᠢᠨ᠎ᠠ ᠲᠤᠮᠳᠠᠳᠤ ᠤᠯᠤᠰ ᠤᠨ ᠠᠤᠭ᠎ᠠ ᠲᠦᠰᠦᠪ ᠢ ᠵᠢᠷᠤᠭᠯᠠᠬᠤ ᠶᠢᠨ ᠲᠦᠯᠦᠬᠡ᠂ ᠨᠠᠮ ᠤᠨ ᠲᠦᠪ | ᠬᠤᠷᠢᠶ᠎ᠠ1949 ᠤᠨ ᠤ 3 ᠰᠠᠷ᠎ᠠ ᠳᠤ ᠲᠤᠯᠤᠳᠤᠭᠠᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ ᠪᠦᠬᠦᠳᠠ ᠬᠤᠷᠠᠯ ᠢ ᠬᠤᠷᠠᠯᠳᠤᠭᠤᠯᠵᠤ᠂ ᠠᠵᠢᠯ ᠤᠨ | ᠬᠠᠮᠢᠶᠠᠷᠬᠤ ᠪᠠ ᠬᠤᠳᠠ ᠶᠢ ᠪᠦᠳᠦᠬᠡᠨ ᠪᠠᠶᠢᠭᠤᠯᠬᠤ ᠶᠢ ᠰᠤᠷᠬᠤ ᠬᠡᠷᠡᠭᠳᠠᠢ ᠬᠡᠵᠤ ᠲᠤᠷᠠᠳᠴᠠᠢ᠃ ᠪᠠᠶᠢᠳᠠᠯ ᠤᠨ ᠬᠦᠭᠵᠢᠯᠳᠠ ᠶᠢᠨ ᠬᠡᠷᠡᠭᠴᠡᠭᠡ ᠳᠤ ᠵᠤᠬᠢᠴᠠᠭᠤᠯᠵᠤ᠂ | ᠪᠦᠬᠦ ᠨᠠᠮ ᠤᠨ ᠤᠯᠤᠰ ᠲᠦᠷᠦ ᠶᠢᠨ ᠤᠨᠤᠯ ᠤᠨ ᠲᠦᠪᠰᠢᠨ ᠢ ᠲᠡᠭᠡᠭᠰᠢᠯᠡᠬᠦᠯᠬᠦ ᠶᠢᠨ ᠲᠦᠯᠦᠬᠡ᠂ ᠨᠠᠮ ᠤᠨ ᠲᠦᠪ ᠬᠤᠷᠢᠶ᠎ᠠ 12 ᠲᠠᠪᠳᠠᠷ ᠺᠠᠳ᠋ᠷ ᠤᠨ | ᠰᠤᠷᠤᠯᠴᠠᠬᠤ ᠴᠢᠬᠤᠯᠠᠳᠠᠢ ᠮᠠᠷᠺᠰ ᠯᠧᠨᠢᠨ ᠤ ᠦᠵᠡᠯ ᠤᠨ ᠵᠤᠬᠢᠶᠠᠯ ᠢ ᠲᠠᠬᠢᠨ ᠨᠠᠶᠢᠷᠠᠭᠤᠯᠤᠨ ᠬᠢᠨᠠᠵᠤ᠂ ᠮᠠᠦ ᠽᠧ ᠳ᠋ᠦᠩ ᠪᠠᠰᠠ ᠲᠤᠰᠬᠠᠶᠢᠯᠠᠨ ᠡᠨᠡ ᠬᠦ ᠨᠤᠮ ᠳᠤ | ︽ᠺᠠᠳ᠋ᠷ ᠤᠨ ᠵᠠᠪᠠᠯ ᠤᠩᠰᠢᠬᠤ ᠨᠤᠮ︾ ᠬᠡᠬᠦ ᠲᠦᠷᠪᠡᠨ ᠦᠰᠦᠭ ᠢ ᠨᠡᠮᠡᠵᠤ ᠦᠭᠴᠠᠢ᠃ | ᠡᠳᠡᠬᠡᠷ ︽ᠺᠠᠳ᠋ᠷᠴᠤᠳ ᠤᠨ ᠵᠠᠪᠠᠯ ᠤᠩᠰᠢᠬᠤ ᠨᠤᠮ︾ ᠳᠤ ︽ᠨᠠᠶᠢᠬᠡᠮ ᠤᠨ ᠬᠦᠭᠵᠢᠯᠳᠠ ᠶᠢᠨ ᠲᠡᠤᠬᠡ︾᠂ ︽ᠤᠯᠤᠰ ᠲᠦᠷᠦ ᠠᠵᠤ ᠠᠬᠤᠢ ᠶᠢᠨ | ᠤᠬᠠᠭᠠᠨ︾᠂ ︽ᠡᠪ ᠬᠠᠮᠳᠤ ᠨᠠᠮ ᠤᠨ ᠲᠤᠩᠬᠠᠭ︾᠂ ︽ᠨᠠᠶᠢᠬᠡᠮ ᠵᠢᠷᠤᠮ ᠬᠡᠢ ᠪᠤᠳᠤᠯ ᠠᠴᠠ ᠰᠢᠨᠵᠢᠯᠡᠬᠦ ᠤᠬᠠᠭᠠᠨ ᠪᠤᠯᠵᠤ ᠬᠦᠭᠵᠢᠭᠰᠡᠨ ᠨᠢ︾᠂ ︽ᠡᠵᠡᠷᠬᠡᠭ | ᠲᠦᠷᠢᠮᠡᠬᠡᠢ ᠦᠵᠡᠯ ᠪᠤᠯ ᠬᠦᠷᠦᠩᠬᠡᠳᠤ ᠶᠤᠰᠤᠨ ᠤ ᠬᠠᠮᠤᠭ ᠤᠨ ᠲᠡᠬᠡᠳᠤ ᠱᠠᠳᠤ ᠦᠶ᠎ᠠ ᠮᠦᠨ︾᠂ ︽ᠲᠦᠷᠦ ᠪᠠ ᠬᠤᠪᠢᠰᠬᠠᠯ︾᠂ ︽ᠡᠪ ᠬᠠᠮᠳᠤ ᠶᠢᠨ | ᠬᠦᠳᠡᠯᠬᠡᠬᠡᠨ ᠳᠠᠬᠢ ︿ᠵᠡᠬᠦᠨ﹀ ᠤ ᠨᠢᠯᠬᠠᠰᠠᠭ ᠡᠪᠡᠳᠴᠢᠨ︾᠂ ︽ᠯᠧᠨᠢᠨ ᠤ ᠦᠵᠡᠯ ᠤᠨ ᠦᠨᠳᠦᠰᠦ ᠶᠢ ᠦᠬᠦᠯᠡᠬᠦ ᠨᠢ︾᠂ ︽ᠵᠦᠪᠯᠠᠯᠳᠤ ᠬᠤᠯᠪᠤᠭᠠᠳᠤ ᠤᠯᠤᠰ | ᠤᠨ ᠡᠪ ᠬᠠᠮᠳᠤ ︵ᠪᠤᠯᠱᠸᠧᠢᠭ︶ ᠨᠠᠮ ᠤᠨ ᠲᠡᠤᠬᠡ︾᠂ ︽ᠯᠧᠨᠢᠨ ᠰᠲ᠋ᠠᠯᠢᠨ ᠨᠠᠶᠢᠬᠡᠮ ᠵᠢᠷᠤᠮ ᠤᠨ ᠪᠦᠳᠦᠬᠡᠨ ᠪᠠᠶᠢᠭᠤᠯᠤᠯᠳᠠ ᠶᠢᠨ ᠲᠤᠬᠠᠢ ᠦᠬᠦᠯᠡᠭᠰᠡᠨ ᠨᠢ︾᠂ | ︽ᠯᠧᠨᠢᠨ ᠰᠲ᠋ᠠᠯᠢᠨ ᠲᠤᠮᠳᠠᠳᠤ ᠤᠯᠤᠰ ᠤᠨ ᠲᠤᠬᠠᠢ ᠦᠬᠦᠯᠡᠭᠰᠡᠨ ᠨᠢ︾᠂ ︽ᠮᠠᠷᠺᠰ ᠡᠩᠭᠧᠯᠰ ᠯᠧᠨᠢᠨ ᠰᠲ᠋ᠠᠯᠢᠨ ᠤ ᠦᠵᠡᠯ ᠰᠠᠨᠠᠭ᠎ᠠ ᠠᠷᠭ᠎ᠠ ᠶᠢᠨ ᠤᠨᠤᠯ︾ | ᠵᠡᠷᠬᠡ ᠪᠤᠢ᠃ ᠡᠨᠡ 12 ᠲᠡᠪᠳᠡᠷ ᠨᠤᠮ ᠢ ᠰᠤᠷᠤᠯᠴᠠᠬᠤ ᠤᠳᠬ᠎ᠠ ᠠᠭᠤᠯᠭ᠎ᠠ ᠶᠢᠨ ᠲᠤᠬᠠᠢ᠂ ᠮᠠᠦ ᠽᠧ ᠳ᠋ᠦᠩ ᠨᠠᠮ ᠤᠨ ᠲᠤᠯᠤᠳᠤᠭᠠᠷ ᠬᠤᠭᠤᠴᠠᠭᠠᠨ ᠤ ᠲᠦᠪ | ᠬᠤᠷᠢᠶᠠᠨ ᠤ ᠬᠤᠶᠠᠳᠤᠭᠠᠷ ᠪᠦᠬᠦᠳᠠ ᠬᠤᠷᠠᠯ ᠤᠨ ᠳ᠋ᠦᠩᠨᠡᠯᠳᠠ ᠳᠤ᠄ ᠮᠠᠷᠺᠰ ᠡᠩᠭᠧᠯᠰ ᠯᠧᠨᠢᠨ ᠰᠲ᠋ᠠᠯᠢᠨ ᠪᠤᠯ ᠪᠠᠭᠰᠢ ᠮᠦᠨ᠂ ᠪᠢᠳᠠ ᠪᠤᠯ ᠰᠤᠷᠤᠭᠴᠢ ᠬᠢᠵᠤ | ᠵᠢᠭᠠᠵᠤ ᠭᠠᠷᠭᠠᠵᠠᠢ᠃ ︽ᠠᠷᠪᠡᠨ ᠬᠤᠶᠠᠷ ᠲᠡᠪᠳᠡᠷ ᠺᠠᠳ᠋ᠷ ᠤᠨ ᠵᠠᠪᠠᠯ ᠤᠩᠰᠢᠬᠤ ᠨᠤᠮ ᠤᠨ ᠲᠤᠬᠠᠢ᠂ ᠦᠩᠬᠡᠷᠡᠭᠰᠡᠨ ᠳᠤ ᠪᠢᠳᠠ ᠨᠤᠮ ᠤᠩᠰᠢᠭᠠᠳ ᠵᠤᠬᠢᠬᠤ | ᠬᠦᠷᠢᠶ᠎ᠠ ᠬᠡᠪᠴᠢᠶ᠎ᠠ ᠪᠠᠶᠢᠬᠤ ᠦᠬᠡᠢ᠂ ᠮᠠᠰᠢ ᠤᠯᠠᠨ ᠨᠤᠮ ᠤᠷᠴᠢᠭᠤᠯᠤᠭᠰᠡᠨ ᠪᠦᠬᠡᠳ ᠪᠦᠷ ᠲᠠᠷᠬᠠᠭᠠᠵᠠᠢ᠂ ᠤᠳᠤ ᠬᠤᠷᠢ ᠭᠠᠷᠤᠢ ᠵᠢᠯ ᠤᠨ ᠲᠤᠷᠰᠢᠯᠭ᠎ᠠ ᠶᠢ | ᠬᠤᠷᠠᠮᠳᠤᠭᠤᠯᠵᠤ᠂ ᠡᠨᠡ ᠠᠷᠪᠡᠨ ᠬᠤᠶᠠᠷ ᠨᠤᠮ ᠢ ᠤᠩᠰᠢᠨ᠎ᠠ ᠬᠡᠳᠡᠭ ᠢ ᠬᠦᠨᠵᠡᠬᠡᠢ ᠤᠶᠢᠯᠠᠭᠠᠵᠤ᠂ ᠭᠤᠷᠪᠡᠨ ᠵᠢᠯ ᠤᠨ ᠲᠤᠳᠤᠷ᠎ᠠ ᠨᠢᠬᠡ ᠠᠴᠠ ᠬᠤᠶᠠᠷ ᠤᠳᠠᠭ᠎ᠠ | ᠦᠵᠡᠬᠦ ᠪᠠᠷ ᠲᠤᠭᠳᠠᠭᠠᠪᠠ᠃ ᠮᠠᠷᠺᠰ ᠤᠨ ᠦᠵᠡᠯ ᠢ ᠤᠬᠠᠭᠤᠯᠵᠤ᠂ ᠮᠠᠨ ᠤ ᠮᠠᠷᠺᠰ ᠤᠨ ᠦᠵᠡᠯ ᠤᠨ ᠬᠢᠷᠢ ᠬᠡᠮᠵᠢᠶ᠎ᠠ ᠪᠠᠨ ᠲᠡᠬᠡᠭᠰᠢᠯᠡᠬᠦᠯᠬᠦ ᠳᠤ ᠬᠠᠮᠳᠤ ᠶᠢᠨ | ᠲᠠᠨᠢᠯᠳᠠ ᠲᠠᠢ ᠪᠤᠯᠤᠭᠠᠳᠤᠢ ᠪᠠᠶᠢᠨ᠎ᠠ᠃ ᠬᠡᠷᠪᠠ ᠬᠤᠶᠢᠰᠢᠳᠠ ᠶᠢᠨ ᠭᠤᠷᠪᠡᠨ ᠵᠢᠯ ᠤᠨ ᠲᠤᠳᠤᠷ᠎ᠠ ᠭᠤᠷᠪᠡᠨ ᠲᠦᠮᠡᠨ ᠬᠦᠮᠦᠨ ᠡᠨᠡ ᠠᠷᠪᠡᠨ ᠬᠤᠶᠠᠷ ᠨᠤᠮ ᠢ | ᠤᠩᠰᠢᠵᠤ ᠲᠠᠭᠤᠰᠬᠠᠭᠠᠳ᠂ ᠭᠤᠷᠪᠡᠨ ᠮᠢᠩᠭᠠᠨ ᠬᠦᠮᠦᠨ ᠡᠨᠡ ᠠᠷᠪᠡᠨ ᠬᠤᠶᠠᠷ ᠨᠤᠮ ᠢ ᠨᠡᠪᠳᠡᠷᠡᠳᠠᠯᠠ ᠤᠩᠰᠢᠪᠠᠯ ᠶᠡᠭᠡ ᠰᠠᠶᠢᠨ ᠪᠤᠯᠤᠨ᠎ᠠ︾ ᠬᠡᠵᠡᠢ᠃ | ᠮᠠᠷᠺᠰ ᠯᠧᠨᠢᠨ ᠤ ᠦᠵᠡᠯ ᠤᠨ ᠰᠤᠩᠭᠤᠳᠠᠭ ᠵᠤᠬᠢᠶᠠᠯ ᠢ ᠤᠩᠰᠢᠬᠤ ᠲᠠᠯ᠎ᠠ ᠪᠠᠷ᠂ ᠮᠠᠦ ᠽᠧ ᠳ᠋ᠦᠩ ᠢᠮᠠᠬᠳᠠ ᠪᠡᠶ᠎ᠡ ᠪᠠᠷ ᠢᠶᠠᠨ ᠦᠯᠢᠬᠡᠷ ᠲᠠᠭᠤᠷᠢᠶᠠᠯ | ᠪᠤᠯᠳᠠᠭ᠂ ᠪᠦᠬᠦ ᠤᠯᠤᠰ ᠤᠨ ᠴᠢᠯᠦᠬᠡᠯᠡᠬᠦ ᠲᠠᠶᠢᠨ ᠤ ᠵᠠᠩᠬᠢᠯᠠᠭ᠎ᠠ ᠶᠢᠨ ᠦᠶ᠎ᠠ ᠳᠤ ᠴᠦ ᠬᠡᠰᠡᠨ᠂ ᠲᠡᠷᠡ ᠡᠳᠦᠷ ᠰᠦᠨᠢ ᠦᠬᠡᠢ ᠲᠦᠭ ᠲᠦᠮᠡᠨ ᠴᠡᠷᠢᠭ ᠮᠤᠷᠢ ᠶᠢ | ᠵᠢᠯᠤᠭᠤᠳᠬᠤ ᠶᠢᠨ ᠬᠠᠮᠳᠤ᠂ ᠮᠦᠨ ᠯᠠ ᠴᠠᠭ ᠢᠶᠠᠨ ᠰᠢᠪᠬᠠᠨ ᠮᠠᠷᠺᠰ ᠯᠧᠨᠢᠨ ᠤ ᠵᠤᠬᠢᠶᠠᠯ ᠢ ᠤᠩᠰᠢᠵᠤ ᠪᠠᠶᠢᠯ᠎ᠠ᠃ ᠯᠧᠨᠢᠨ ᠤ ︽ᠲᠦᠷᠦ ᠪᠠ ᠬᠤᠪᠢᠰᠬᠠᠯ︾᠂ | ︽ᠡᠪ ᠬᠠᠮᠳᠤ ᠶᠢᠨ ᠬᠦᠳᠡᠯᠬᠡᠬᠡᠨ ᠳᠠᠬᠢ ︿ᠵᠡᠬᠦᠨ﹀ ᠤ ᠨᠢᠯᠬᠠᠰᠠᠭ ᠡᠪᠡᠳᠴᠢᠨ︾ ᠪᠤᠯ ᠲᠠᠷᠤᠢ ᠡᠨᠡ ᠬᠤᠭᠤᠴᠠᠭᠠᠨ ᠳᠤ ᠤᠩᠰᠢᠭᠰᠡᠨ ᠭᠤᠤᠯ ᠵᠤᠬᠢᠶᠠᠯ ᠪᠤᠯᠤᠨ᠎ᠠ᠃ | ᠲᠡᠷᠡ ︽ᠲᠦᠷᠦ ᠪᠠ ᠬᠤᠪᠢᠰᠬᠠᠯ︾ ᠤᠨ ᠨᠢᠬᠡᠳᠦᠬᠡᠷ ᠪᠦᠯᠦᠭ ︽ᠠᠩᠬᠢᠳᠤ ᠨᠠᠶᠢᠬᠡᠮ ᠪᠠ ᠲᠦᠷᠦ︾ ᠳᠤ ᠪᠠᠷᠤᠭ ᠦᠬᠦᠯᠡᠪᠦᠷᠢ ᠪᠦᠷᠢ ᠶᠢᠨ ᠬᠠᠵᠠᠭᠤ ᠳᠤ ᠴᠦᠮ | ᠵᠢᠷᠤᠭᠠᠰᠤ ᠵᠢᠷᠤᠵᠤ ᠪᠠᠶᠢᠪᠠ᠃ ᠲᠡᠷᠡ ︽ᠡᠪ ᠬᠠᠮᠳᠤ ᠶᠢᠨ ᠬᠦᠳᠡᠯᠬᠡᠬᠡᠨ ᠳᠠᠬᠢ ︿ᠵᠡᠬᠦᠨ﹀ ᠤ ᠨᠢᠯᠬᠠᠰᠠᠭ ᠡᠪᠡᠳᠴᠢᠨ︾ ᠬᠡᠳᠡᠭ ᠨᠤᠮ ᠢ ᠲᠠᠬᠢᠨ ᠤᠩᠰᠢᠬᠤ | ᠳᠠᠭᠠᠨ ᠨᠤᠮ ᠤᠨ ᠬᠠᠪᠢᠰᠤᠨ ᠳᠤ᠄ ︽ᠨᠦᠬᠦᠳ ᠲᠤᠰ ᠨᠤᠮ ᠤᠨ ᠬᠤᠶᠠᠳᠤᠭᠠᠷ ᠪᠦᠯᠦᠭ ︵ᠲᠤᠬᠠᠶᠢᠯᠠᠪᠠᠯ ︿ᠪᠤᠯᠱᠸᠧᠢᠭᠴᠦᠳ ᠤᠨ ᠠᠮᠵᠢᠯᠳᠠ ᠤᠯᠤᠭᠰᠡᠨ | ᠦᠨᠳᠦᠰᠦᠨ ᠨᠦᠬᠦᠴᠡᠯ ᠤᠨ ᠨᠢᠬᠡ﹀ — ᠵᠤᠬᠢᠶᠠᠭᠴᠢ ᠶᠢᠨ ᠲᠠᠶᠢᠯᠪᠤᠷᠢ︶ ᠶᠢ ᠦᠵᠡᠵᠤ᠂ ᠤᠳᠤ ᠮᠠᠨ ᠤ ᠠᠵᠢᠯ ᠤᠨ ᠲᠤᠮᠳᠠ ᠤᠷᠤᠰᠢᠵᠤ ᠪᠠᠶᠢᠭ᠎ᠠ ᠵᠠᠷᠢᠮ | ᠬᠦᠨᠳᠦ ᠨᠤᠴᠢᠳᠠᠢ ᠰᠠᠬᠢᠯᠭ᠎ᠠ ᠪᠠᠳᠤ ᠦᠬᠡᠢ ᠪᠠᠶᠢᠳᠠᠯ ᠪᠤᠶᠤ ᠵᠠᠰᠠᠭ ᠦᠬᠡᠢ ᠪᠠᠶᠢᠳᠠᠯ ᠢ ᠤᠰᠠᠳᠬᠠᠬᠤ ᠬᠡᠷᠡᠭᠳᠠᠢ ᠬᠡᠳᠡᠭ ᠢ ᠨᠦᠬᠦᠳ ᠲᠤ ᠮᠡᠳᠡᠬᠦᠯᠬᠦ ᠬᠡᠷᠡᠭᠳᠠᠢ︾ | ᠬᠡᠵᠤ ᠴᠤᠬᠤᠯᠠᠪᠤᠷᠢᠯᠠᠵᠠᠢ᠃ ᠲᠦᠪ ᠬᠤᠷᠢᠶᠠᠨ ᠤ ᠤᠬᠠᠭᠤᠯᠬᠤ ᠬᠡᠯᠳᠡᠰ ᠮᠠᠦ ᠽᠧ ᠳ᠋ᠦᠩ ᠤᠨ ᠵᠢᠭᠠᠪᠤᠷᠢ ᠶᠢ ᠦᠨᠳᠦᠰᠦᠯᠡᠨ᠂ ᠪᠦᠬᠦ ᠨᠠᠮ ᠢᠶᠠᠷ ᠢᠶᠠᠨ ︽ᠡᠪ | ᠬᠠᠮᠳᠤ ᠶᠢᠨ ᠬᠦᠳᠡᠯᠬᠡᠬᠡᠨ ᠳᠠᠬᠢ ︿ᠵᠡᠬᠦᠨ﹀ ᠤ ᠨᠢᠯᠬᠠᠰᠠᠭ ᠡᠪᠡᠳᠴᠢᠨ﹀ ᠤ ᠬᠤᠶᠠᠳᠤᠭᠠᠷ ᠪᠦᠯᠦᠭ ᠢ ᠰᠤᠷᠤᠯᠴᠠᠬᠤ ᠬᠡᠷᠡᠭᠳᠠᠢ ᠬᠡᠵᠦ ᠤᠨᠴᠠᠭᠠᠶᠢᠯᠠᠨ ᠱᠠᠭᠠᠷᠳᠠᠪᠠ᠃ | ᠮᠠᠦ ᠽᠧ ᠳ᠋ᠦᠩ ᠤᠨ ᠤᠷᠢᠶᠠᠯᠠᠭ᠎ᠠ ᠲᠤᠤᠷ᠎ᠠ᠂ ᠪᠦᠬᠦ ᠨᠠᠮ ᠤᠨ ᠺᠠᠳ᠋ᠷᠴᠤᠳ ᠤᠨ ᠲᠤᠮᠳᠠ ᠰᠤᠷᠤᠯᠴᠠᠬᠤ ᠦᠷᠨᠢᠯᠳᠠ ᠭᠠᠷᠴᠦ᠂ 1949 ᠤᠨ ᠤ 6 ᠰᠠᠷ᠎ᠠ | ᠠᠴᠠ 1950 ᠤᠨ ᠤ 6 ᠰᠠᠷ᠎ᠠ ᠪᠤᠯᠳᠠᠯ᠎ᠠ᠂ ︽ᠺᠠᠳ᠋ᠷ ᠤᠨ ᠵᠠᠪᠠᠯ ᠤᠩᠰᠢᠬᠤ ᠨᠤᠮ︾ ᠢ ᠬᠡᠪᠯᠡᠭᠰᠡᠨ ᠶᠡᠷᠦᠩᠬᠡᠢ ᠲᠤᠭ᠎ᠠ 300 ᠲᠦᠮᠡᠨ ᠲᠡᠪᠳᠡᠷ ᠲᠤ ᠬᠦᠷᠴᠦ᠂ | ᠪᠦᠬᠦ ᠨᠠᠮ ᠤᠨ ᠺᠠᠳ᠋ᠷᠴᠤᠳ ᠤᠨ ᠮᠠᠷᠺᠰ ᠤᠨ ᠦᠵᠡᠯ ᠤᠨ ᠤᠨᠤᠯ ᠤᠨ ᠲᠦᠪᠰᠢᠨ᠂ ᠠᠵᠤ ᠠᠬᠤᠢ ᠶᠢᠨ ᠠᠶᠢᠯ ᠪᠤᠯᠤᠨ ᠬᠤᠳᠠ ᠶᠢᠨ ᠠᠵᠢᠯ ᠤᠨ ᠴᠢᠳᠠᠪᠤᠷᠢ ᠶᠢ | ᠲᠡᠭᠡᠭᠰᠢᠯᠡᠬᠦᠯᠬᠦ ᠳᠤ ᠲᠤᠶᠢᠯ ᠤᠨ ᠴᠢᠬᠤᠯᠠ ᠤᠶᠢᠯᠡᠳᠤᠯ ᠦᠵᠡᠬᠦᠯᠵᠠᠢ᠃ |